ᠦᠨᠳᠦᠰᠦᠲᠡᠨ᠎ᠦ ᠭᠠᠵᠠᠷ ᠣᠷᠣᠨ᠎ᠤ ᠶᠡᠬᠡ ᠳᠡᠭᠡᠳᠦ ᠰᠤᠷᠭᠠᠭᠤᠯᠢ ᠵᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠶ᠎ᠠ
2026-04-24 10:25:20
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠦᠨᠳᠦᠰᠦᠲᠡᠨ᠎ᠦ ᠭᠠᠵᠠᠷ ᠣᠷᠣᠨ᠎ᠤ ᠶᠡᠬᠡ ᠳᠡᠭᠡᠳᠦ ᠰᠤᠷᠭᠠᠭᠤᠯᠢ᠎ᠨᠢ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠂ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌ ᠵᠠᠩᠭᠢᠯᠠᠭ᠎ᠠ᠎ᠶ᠋ᠢᠨ ᠹᠷᠤᠨᠲ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠪᠣᠶ ᠪᠣᠯᠭᠠᠨ ᠦᠢᠯᠡᠳᠦᠯᠭᠡᠵᠢᠭᠦᠯᠬᠦ᠎ᠶ᠋ᠢ ᠬᠥᠲᠥᠯᠥᠨ ᠳᠠᠭᠠᠭᠤᠯᠬᠤ ᠴᠢᠬᠤᠯᠠ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠣᠷᠣᠯᠠᠭᠤᠯᠵᠤ ᠪᠣᠯᠤᠰᠢ ᠥᠬᠡᠶ ᠦᠢᠯᠡᠳᠦᠯ ᠦᠵᠡᠭᠦᠯᠵᠦ᠍ ᠪᠠᠢᠳᠠᠭ᠃

ᠨᠢᠭᠡ᠂ 《ᠨᠢᠭᠡ ᠭᠣᠣᠯ ᠱᠤᠭᠤᠮ》 ᠎ᠢ᠋ ᠪᠠᠳᠤ ᠡᠵᠡᠮᠳᠡᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠯᠤᠰ ᠲᠦᠷᠦ᠍᠎ᠶ᠋ᠢᠨ ᠵᠣᠭ᠍ᠰᠣᠴᠠ ᠵᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠮᠥᠨ ᠃ ᠦᠨᠳᠦᠰᠦᠲᠡᠨ᠎ᠦ ᠭᠠᠵᠠᠷ ᠣᠷᠣᠨ᠎ᠤ ᠶᠡᠬᠡ ᠳᠡᠭᠡᠳᠦ ᠰᠤᠷᠭᠠᠭᠤᠯᠢ ᠪᠣᠯ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ᠎ᠢ ᠬᠥᠮᠦᠵᠢᠭᠦᠯᠬᠦ᠌ ᠰᠤᠷᠭᠠᠨ ᠬᠥᠮᠦᠵᠢᠯ᠎ᠦᠨ ᠵᠢᠭ᠍ᠰᠠᠭᠠᠯ᠎ᠤᠨ ᠭᠠᠵᠠᠷ ᠮᠥᠨ᠂ ᠮᠥᠨ ᠴᠦ᠍ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠂ ᠭᠤᠤᠯ ᠰᠢᠵᠢᠮ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠴᠢᠬᠤᠯᠠ ᠰᠠᠭᠤᠷᠢᠨ ᠭᠠᠵᠠᠷ ᠪᠠᠢᠵᠤ᠂ ᠰᠤᠷᠭᠠᠨ ᠬᠥᠮᠦᠵᠢᠯ᠎ᠦᠨ ᠠᠵᠢᠯ ᠪᠠ ᠦᠨᠳᠦᠰᠦᠲᠡᠨ᠎ᠦ ᠠᠵᠢᠯ᠎ᠤᠨ ᠳᠠᠪᠬᠤᠷ ᠡᠭᠦᠷᠭᠡ᠎ᠶ᠋ᠢ ᠡᠭᠦᠷᠭᠡᠯᠡᠵᠦ᠍ ᠪᠠᠢᠳᠠᠭ᠂ ᠡᠢᠮᠤ ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠤᠷᠭᠠᠭᠤᠯᠢ ᠡᠷᠬᠢᠯᠡᠵᠦ᠍ ᠰᠤᠷᠭᠠᠭᠤᠯᠢ᠎ᠶ᠋ᠢ ᠵᠠᠰᠠᠬᠤ᠂ ᠪᠢᠴᠢᠭ ᠵᠢᠭᠠᠵᠤ ᠬᠥᠮᠦᠨ᠎ᠢ ᠬᠥᠮᠦᠵᠢᠭᠦᠯᠬᠦ᠌ ᠪᠦᠬᠦ᠌ ᠶᠠᠪᠤᠴᠠ ᠲᠡᠬᠡᠷ᠎ᠠ ᠲᠤᠭᠤᠰᠢᠯᠠᠭᠤᠯᠬᠤ ᠬᠡᠷᠡᠭᠳᠡᠢ᠃ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠤ᠂ ᠲᠡᠭᠦᠨ᠎ᠦ ᠴᠠᠭ ᠦᠶ᠎ᠡ᠎ᠶ᠋ᠢᠨ ᠠᠴᠢ ᠬᠣᠯᠪᠣᠭ᠍ᠳᠠᠯ᠂ ᠤᠯᠤᠰ ᠲᠥᠷᠥ᠎ᠶ᠋ᠢᠨ ᠠᠴᠢ ᠬᠣᠯᠪᠣᠭ᠍ᠳᠠᠯ ᠪᠠ ᠪᠣᠳᠠᠲᠤ ᠠᠴᠢ ᠬᠣᠯᠪᠣᠭ᠍ᠳᠠᠯ᠎ᠢ ᠬᠦᠨᠵᠡᠬᠡᠢ ᠲᠠᠨᠢᠵᠤ᠂ ᠰᠤᠷᠭᠠᠭᠤᠯᠢ᠎ᠶ᠋ᠢᠨ ᠬᠥᠭ᠌ᠵᠢᠯᠲᠡ᠎ᠶ᠋ᠢ ᠤᠬᠠᠮᠰᠠᠷ᠎ᠠᠴᠠ᠎ᠪᠠᠨ ᠤᠯᠤᠰ᠎ᠤᠨ ᠬᠦᠭᠵᠢᠯᠳᠡ  ᠵᠢᠨ ᠠᠵᠢᠯ᠎ᠤᠨ ᠶᠡᠬᠡ ᠲᠠᠯ᠎ᠠ᠎ᠳᠤ ᠠᠭᠤᠰᠭᠠᠨ ᠣᠷᠣᠭᠤᠯᠵᠤ᠂ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ ᠵᠢᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠬᠡᠷᠡᠭᠳᠡᠢ᠃

ᠬᠣᠶᠠᠷ᠂ 《ᠬᠣᠶᠠᠷ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ》᠎ᠢ᠋ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠦᠵᠦ᠍ ᠲᠥᠯᠥᠪᠯᠡᠭᠡ᠎ᠶ᠋ᠢ ᠴᠢᠩᠭᠠᠳᠭᠠᠬᠤ ᠬᠡᠷᠡᠭᠳᠡᠢ᠃ ᠦᠨᠳᠦᠰᠦᠲᠡᠨ᠎ᠦ ᠭᠠᠵᠠᠷ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ᠎ᠬᠢᠨ ᠡᠷᠬᠡᠪᠰᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠪᠥᠬᠥ᠌ ᠶᠠᠪᠤᠴᠠ᠂ ᠡᠯ᠎ᠡ ᠭᠣᠭ᠍ᠴᠣᠭ᠎ᠠ᠎ᠳᠤ ᠲᠤᠭᠤᠱᠢᠯᠠᠭᠤᠯᠵᠤ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠦᠵᠦ᠍ ᠲᠥᠯᠥᠪᠯᠡᠭᠡ᠎ᠶ᠋ᠢᠨ ᠲᠡᠰ ᠳᠠᠪᠬᠤᠷᠭ᠎ᠠ᠎ᠠᠴᠠ ᠪᠦᠷᠢᠨ ᠲᠡᠭᠦᠯᠳᠡᠷ ᠵᠣᠬᠢᠶᠠᠨ ᠪᠠᠢᠭᠤᠯᠤᠯᠲᠠ᠎ᠶ᠋ᠢᠨ ᠪᠦᠲᠦᠴᠡ᠎ᠶ᠋ᠢ ᠪᠠᠢᠭᠤᠯᠵᠤ᠂ ᠲᠦᠷᠢᠮ ᠲᠣᠭ᠍ᠲᠠᠭᠠᠯ᠎ᠢ ᠪᠦᠷᠢᠨᠱᠢᠬᠦᠯᠤᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠪᠠᠢᠩᠭᠤᠵᠢᠭᠤᠯᠬᠤ᠂ ᠵᠢᠷᠤᠮᠵᠢᠭᠤᠯᠬᠤ᠎ᠶ᠋ᠢ ᠪᠡᠶᠡᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠭᠠᠵᠠᠷ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠴᠢᠨᠠᠷ ᠰᠠᠢᠲᠠᠶ  ᠬᠥᠭ᠌ᠵᠢᠯᠲᠡ᠎ᠳᠦ ᠬᠥᠳᠡᠯᠭᠡᠬᠦ᠌ ᠬᠦᠴᠦᠨ ᠨᠡᠮᠡᠷᠢᠯᠡᠬᠦ᠌ ᠬᠡᠷᠡᠭ᠌ᠲᠡᠶ᠃

(ᠨᠢᠭᠡ) ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ ᠎ᠳᠦ ᠣᠷᠣᠭᠤᠯᠬᠤ ᠬᠡᠷᠡᠭᠳᠡᠢ᠃ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠬᠤ ᠪᠣᠯ ᠦᠨᠳᠦᠰᠦᠲᠡᠨ᠎ᠦ ᠭᠠᠵᠠᠷ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠥᠷᠨᠢᠭᠦᠯᠬᠦ᠌᠎ᠶ᠋ᠢᠨ ᠬᠦᠴᠦᠲᠡᠶ ᠭᠠᠷᠳᠠᠴᠠ ᠪᠠ ᠴᠢᠬᠤᠯᠠ ᠪᠠᠲᠤᠯᠠᠭ᠎ᠠ ᠮᠥᠨ᠃ ᠶᠡᠬᠡ ᠳᠡᠭᠡᠳᠦ ᠰᠤᠷᠭᠠᠭᠤᠯᠢ᠎ᠶ᠋ᠢᠨ᠎ᠬᠢᠨ ᠨᠠᠮ᠎ᠤᠨ ᠪᠠᠢᠭᠤᠯᠤᠯᠲᠠ᠎ᠪᠠᠷ ᠵᠢᠯᠣᠭᠣᠳᠤᠮᠵᠢ ᠪᠣᠯᠭᠠᠵᠤ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠡᠯ᠎ᠡ ᠲᠠᠯ᠎ᠠ᠎ᠳᠤ ᠠᠭᠤᠰᠤᠯᠴᠠᠭᠤᠯᠵᠤ᠂ ᠨᠠᠮ᠎ᠤᠨ ᠬᠣᠷᠢᠶ᠎ᠠ᠎ᠠᠴᠠ ᠨᠢᠭᠡᠳᠦᠯᠲᠡᠶ ᠤᠳᠤᠷᠢᠳᠭᠤ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠪᠥᠬᠥ᠌ ᠬᠦᠮᠦᠰ ᠬᠠᠮᠵᠢᠯᠴᠠᠨ ᠣᠷᠣᠯᠴᠠᠬᠤ ᠠᠵᠢᠯ᠎ᠤᠨ ᠪᠠᠢᠷᠢᠱᠢᠯ᠎ᠢ ᠲᠡᠭᠦᠯᠳᠡᠷᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠦᠷ᠎ᠡ ᠪᠦᠲᠦᠮᠵᠢ᠎ᠶ᠋ᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠶᠠᠰᠤ ᠴᠢᠨᠠᠷ᠎ᠢ ᠦᠨᠡᠯᠡᠬᠦ᠌ ᠴᠢᠬᠤᠯᠠ ᠪᠠᠷᠢᠮᠵᠢᠶ᠎ᠠ ᠪᠣᠯᠭᠠᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ ᠬᠢᠭᠡᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠭᠦᠨᠵᠡᠭᠡᠶ ᠠᠭᠤᠰᠤᠯᠴᠠᠭᠤᠯᠬᠤ᠂ ᠬᠠᠷᠢᠯᠴᠠᠨ ᠠᠬᠢᠭᠤᠯᠵᠤ ᠬᠠᠮᠲᠤ᠎ᠪᠠᠷ ᠲᠠᠪᠰᠢᠬᠤ᠎ᠶ᠋ᠢ ᠠᠬᠢᠭᠤᠯᠬᠤ ᠬᠡᠷᠡᠭ᠌ᠲᠡᠶ᠃

(ᠬᠣᠶᠠᠷ) ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠡᠬᠢ ᠪᠤᠢ ᠪᠣᠯᠭᠠᠬᠤ᠎ᠶ᠋ᠢ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ᠎ᠳᠦ ᠣᠷᠣᠭᠤᠯᠬᠤ ᠬᠡᠷᠡᠭᠳᠡᠢ᠃ ᠶᠡᠬᠡ ᠳᠡᠭᠡᠳᠦ ᠰᠤᠷᠭᠠᠭᠤᠯᠢ ᠪᠣᠯ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠡᠮᠦᠨ᠎ᠡ ᠹᠷᠣᠨᠲ ᠮᠦᠨ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠤᠨ ᠭᠣᠣᠯᠯᠠᠬᠤ ᠡᠷᠬᠡ᠎ᠶ᠋ᠢ ᠪᠠᠲᠤ ᠡᠵᠡᠮᠱᠢᠵᠦ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢ ᠪᠡᠬᠢᠵᠢᠭᠦᠯᠬᠦ᠌ ᠪᠣᠯ ᠶᠡᠬᠡ ᠳᠡᠭᠡᠳᠦ ᠰᠤᠷᠭᠠᠭᠤᠯᠢ᠎ᠶ᠋ᠢᠨ ᠴᠢᠬᠤᠯᠠ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ᠃ ᠦᠨᠳᠦᠰᠦᠲᠡᠨ᠎ᠦ ᠭᠠᠵᠠᠷ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ᠎ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠪᠥᠬᠥ᠌ ᠶᠠᠪᠤᠴᠠ᠎ᠳᠤ ᠠᠭᠤᠰᠤᠯᠴᠠᠭᠤᠯᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠤᠨ ᠬᠠᠮᠢᠶᠠᠷᠤᠯᠲᠠ᠎ᠶ᠋ᠢ ᠴᠢᠩᠭᠠᠳᠭᠠᠨ᠂ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠵᠥᠪ ᠥᠷᠲᠡᠭ᠎ᠦᠨ ᠤᠳᠤᠷᠢᠳᠤᠮᠵᠢ᠎ᠶ᠋ᠢ ᠪᠣᠶ ᠪᠣᠯᠭᠠᠵᠤ᠂ ᠶᠡᠬᠡ ᠳᠡᠭᠡᠳᠦ ᠰᠤᠷᠭᠠᠭᠤᠯᠢ᠎ᠶ᠋ᠢ ᠢᠮᠠᠭ᠍ᠲᠠ ᠨᠡᠢᠭᠡᠮ ᠵᠢᠷᠤᠮ᠎ᠤᠨ ᠦᠶ᠋ᠯᠡᠰ᠎ᠦᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠬᠦ᠌ ᠪᠠᠲᠤ ᠴᠢᠩᠭ᠎ᠠ ᠵᠢᠭ᠍ᠰᠠᠭᠠᠯ᠎ᠤᠨ ᠭᠠᠵᠠᠷ ᠪᠣᠯᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠭᠤᠷᠪᠠ᠂ ᠲᠠᠪᠤᠨ ᠲᠠᠯ᠎ᠠ ᠵᠢᠨ ᠠᠵᠢᠯ᠎ᠢ  ᠰᠠᠢᠲᠤᠷ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭᠳᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠤᠨᠤᠯ᠎ᠤᠨ ᠯᠣᠭᠢᠭ᠂ ᠲᠡᠦᠬᠡ᠎ᠶ᠋ᠢᠨ ᠯᠣᠭᠢᠭ ᠪᠣᠯᠤᠨ ᠦᠢᠯᠡᠳᠦᠯᠭᠡ᠎ᠶ᠋ᠢᠨ ᠯᠣᠭᠢᠭ᠎ᠤᠨ ᠣᠷᠭᠠᠨᠢᠭ ᠨᠢᠭᠡᠳᠦᠯ ᠮᠥᠨ᠃ ᠦᠨᠳᠦᠰᠦᠲᠡᠨ᠎ᠦ ᠭᠠᠵᠠᠷ ᠣᠷᠣᠨ᠎ᠤ ᠶᠡᠬᠡ ᠳᠡᠭᠡᠳᠦ ᠰᠤᠷᠭᠠᠭᠤᠯᠢ ᠵᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠢ ᠠᠬᠢᠭᠤᠯᠬᠤ ᠵᠢᠨ ᠭᠤᠤᠯᠳᠠᠯᠭ᠎ᠠ ᠪᠤᠯ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ 《ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠬ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ》 ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠪᠠᠢᠭᠤᠯᠵᠤ᠂ 《ᠲᠠᠪᠤᠨ ᠬᠠᠮᠲᠤ᠎ᠶ᠋ᠢᠨ ᠲᠠᠨᠢᠯᠲᠠ》᠎ᠶ᠋ᠢ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠣᠶ ᠪᠣᠯᠭᠠᠵᠤ᠂ 《ᠲᠠᠪᠤᠨ ᠶᠡᠬᠡ ᠶᠠᠪᠤᠳᠠᠯ》᠎ᠢ᠋ ᠰᠠᠢᠲᠤᠷ ᠠᠳᠭᠤᠬᠤ᠎ᠪᠠᠷ ᠳᠠᠮᠵᠢᠭᠤᠯᠤᠨ᠂ ᠡᠯ᠎ᠡ ᠵᠦᠶ᠋ᠯ᠎ᠦᠨ ᠠᠵᠢᠯ᠎ᠤᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠬᠤ ᠪᠤᠯᠤᠨ᠎ᠠ᠃

(ᠨᠢᠭᠡ) 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠳᠤᠷᠢᠳᠬᠠᠯ》 ᠭᠡᠬᠦ᠌ ᠭᠣᠣᠯ ᠬᠢᠴᠢᠶᠡᠯ᠎ᠢ ᠨᠡᠬᠡᠬᠡᠨ᠎ᠠ᠃ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠳᠤᠷᠢᠳᠬᠠᠯ》 ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠪᠠᠲᠤ ᠴᠣᠭ᠍ᠴᠠᠯᠠᠬᠤ᠎ᠶ᠋ᠢᠨ ᠭᠣᠣᠯ ᠠᠴᠢᠶᠠᠯᠠᠪᠤᠷᠢ ᠮᠥᠨ᠃ ᠶᠡᠬᠡ ᠳᠡᠭᠡᠳᠦ ᠰᠤᠷᠭᠠᠭᠤᠯᠢ᠎ᠶ᠋ᠢᠨ᠎ᠬᠢᠨ ᠬᠢᠴᠢᠶᠡᠯ᠎ᠦᠨ ᠠᠭᠤᠯᠭ᠎ᠠ᠎ᠪᠠᠨ ᠨᠠᠷᠢᠨ ᠨᠢᠮᠪᠠᠶ ᠱᠢᠷᠭᠠᠭᠠᠵᠤ᠂ ᠦᠨᠳᠦᠰᠦᠲᠡᠨ᠎ᠦ ᠭᠠᠵᠠᠷ ᠣᠷᠣᠨ᠎ᠤ ᠪᠣᠳᠠᠲᠤ ᠪᠠᠢᠳᠠᠯ ᠪᠣᠯᠤᠨ ᠰᠤᠷᠤᠭ᠍ᠴᠢᠳ᠎ᠤᠨ ᠣᠨᠴᠠᠯᠢᠭ᠎ᠲᠠᠶ ᠤᠶᠠᠯᠳᠤᠭᠤᠯᠤᠨ᠂ ᠵᠢᠭᠠᠨ ᠰᠤᠷᠭᠠᠬᠤ ᠠᠷᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠣᠨᠣᠯ᠎ᠤᠨ ᠲᠠᠢᠯᠤᠮᠵᠢ᠎ᠶ᠋ᠢ ᠬᠡᠷᠡᠭ᠎ᠦᠨ ᠵᠢᠱ᠌ᠢᠶ᠎ᠡ᠎ᠶ᠋ᠢᠨ ᠵᠠᠳᠠᠯᠤᠯᠲᠠ᠂ ᠦᠶ᠋ᠯᠡᠳᠦᠯᠭᠡ᠎ᠶ᠋ᠢᠨ ᠣᠢᠯᠠᠭᠠᠯᠲᠠ᠎ᠲᠠᠶ ᠤᠶᠠᠯᠳᠤᠭᠤᠯᠤᠨ᠂ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ  ᠳᠤᠮᠳᠠᠳᠤ᠎ᠶ᠋ᠢᠨ ᠦᠨᠳᠦᠰᠦᠲᠡᠨ᠎ᠦ ᠵᠥᠪ ᠣᠨᠣᠪᠴᠢᠲᠠᠶ ᠲᠡᠦᠬᠡ᠎ᠶ᠋ᠢᠨ ᠦᠵᠡᠯᠲᠡ᠎ᠲᠡᠶ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠶ᠃

(ᠬᠣᠶᠠᠷ)  ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠪᠥᠬᠥ᠌ ᠲᠠᠯ᠎ᠠ᠎ᠪᠠᠷ ᠬᠥᠮᠦᠨ ᠬᠥᠮᠦᠵᠢᠭᠦᠯᠬᠦ᠌᠎ᠶ᠋ᠢ ᠪᠡᠶᠡᠯᠡᠭᠦᠯᠦᠨ᠎ᠡ᠃ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ᠋ ᠦᠨᠳᠦᠰᠦᠲᠡᠨ᠎ᠦ᠌ ᠭᠠᠵᠠᠷ ᠣᠷᠣᠨ᠎ᠤ᠋ ᠶᠡᠬᠡ ᠳᠡᠭᠡᠳᠦ ᠰᠤᠷᠭᠠᠭᠤᠯᠢ᠎ᠶ᠋ᠢᠨ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ ᠎ᠯᠤᠭ᠎ᠠ ᠳᠡᠭᠡᠳᠦ ᠬᠡᠮᠵᠢᠶ᠎ᠡ᠎ᠪᠡᠷ ᠨᠢᠭᠡᠳᠦᠭᠦᠯᠵᠦ᠂ ᠣᠶᠤᠲᠠᠳ᠎ᠤ᠋ᠨ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤ᠋ᠨ ᠡᠪ ᠬᠠᠮᠲᠤ ᠨᠠᠮ᠂ ᠳᠤᠮᠳᠠᠳᠤ ᠤᠯᠤᠰ᠎ᠤ᠋ᠨ ᠣᠨᠴᠠᠯᠢᠭ᠎ᠲᠠᠢ ᠨᠡᠢᠭᠡᠮ ᠵᠢᠷᠤᠮ᠎ᠤ᠋ᠨ ᠲᠤᠬᠠᠢ ᠲᠠᠨᠢᠯᠳᠠ ᠵᠢ ᠭᠦᠨᠵᠡᠭᠡᠢᠷᠡᠭᠦᠯᠦᠨ ᠴᠢᠩᠭᠠᠳᠬᠠᠬᠤ ᠬᠡᠷᠡᠭᠳᠡᠢ ᠃

(ᠭᠤᠷᠪᠠ) ᠭᠤᠤᠯ ᠰᠡᠳᠦᠪᠲᠦ ᠬᠥᠮᠦᠵᠢᠯ᠎ᠢ ᠥᠷᠨᠢᠭᠦᠯᠵᠦ᠍᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠎ᠠ᠃ ᠭᠣᠣᠯ ᠰᠡᠳᠦᠪᠲᠦ ᠬᠥᠮᠦᠵᠢᠯ᠎ᠢᠶᠡᠷ ᠭᠠᠷᠳᠠᠴᠠ ᠪᠣᠯᠭᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ᠃ ᠶᠡᠬᠡ ᠳᠡᠭᠡᠳᠦ ᠰᠤᠷᠭᠠᠭᠤᠯᠢ᠎ᠶ᠋ᠢᠨ᠎ᠬᠢᠨ ᠦᠨᠳᠦᠰᠦᠲᠡᠨ᠎ᠦ ᠭᠠᠵᠠᠷ ᠣᠷᠣᠨ᠎ᠤ ᠣᠨᠴᠠᠯᠢᠭ ᠪᠣᠯᠤᠨ ᠰᠤᠷᠤᠭ᠍ᠴᠢᠳ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠤᠤᠯ ᠰᠡᠳᠦᠪᠲᠦ ᠬᠥᠮᠦᠵᠢᠯ᠎ᠦᠨ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠭᠤᠤᠯ ᠴᠢᠬᠤᠯᠠ ᠠᠭᠤᠯᠭ᠎ᠠ᠎ᠶ᠋ᠢ ᠲᠠᠢᠯᠪᠤᠷᠢᠯᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠥᠯᠢᠭᠡᠷ᠎ᠢ ᠶᠠᠷᠢᠵᠤ᠂ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠤᠨ ᠦᠨᠳᠦᠰᠦᠲᠡᠨ᠎ᠦ ᠪᠦᠯᠬᠦᠮᠳᠡᠯ᠎ᠦᠨ ᠬᠠᠢᠷ᠎ᠠ ᠰᠡᠳᠭᠢᠯᠭᠡ᠎ᠶ᠋ᠢ ᠬᠥᠮᠦᠵᠢᠭᠦᠯᠵᠦ᠍᠂ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ ᠪᠠᠢᠬᠤ》 ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠡᠷᠡᠭ᠌ᠲᠡᠶ᠃

(ᠳᠥᠷᠪᠡ) ᠦᠶ᠋ᠯᠡᠳᠦᠯᠭᠡ᠎ᠶ᠋ᠢᠨ ᠬᠥᠮᠦᠵᠢᠯ᠎ᠦᠨ ᠵᠢᠭ᠍ᠰᠠᠭᠠᠯ᠎ᠤᠨ ᠭᠠᠵᠠᠷ᠎ᠢ ᠪᠣᠶ ᠪᠣᠯᠭᠠᠵᠤ᠂ ᠦᠶ᠋ᠯᠡᠳᠦᠯᠭᠡ᠎ᠪᠡᠷ ᠬᠥᠮᠦᠨ᠎ᠢ ᠬᠥᠮᠦᠵᠢᠭᠦᠯᠬᠦ᠌ ᠦᠷ᠎ᠡ ᠪᠦᠲᠦᠮᠵᠢ᠎ᠶ᠋ᠢ ᠴᠢᠩᠭᠠᠳᠭᠠᠨ᠎ᠠ᠃ ᠶᠡᠬᠡ ᠳᠡᠭᠡᠳᠦ ᠰᠤᠷᠭᠠᠭᠤᠯᠢ ᠵᠢᠨ ᠬᠢᠨ ᠤᠯᠠᠮᠵᠢᠯᠠᠯᠲᠤ ᠰᠤᠷᠭᠠᠨ ᠬᠥᠮᠦᠵᠢᠯ᠎ᠦᠨ ᠴᠠᠭ ᠬᠤᠭᠤᠴᠠᠭ᠎ᠠ ᠪᠠ ᠣᠷᠣᠨ ᠵᠠᠶ᠎ᠶ᠋ᠢᠨ ᠬᠢᠵᠠᠭᠠᠷᠯᠠᠯ᠎ᠢ ᠡᠪᠳᠡᠵᠦ᠍᠂ ᠰᠤᠷᠭᠠᠭᠤᠯᠢ᠎ᠶ᠋ᠢᠨ ᠭᠠᠳᠠᠨᠠᠬᠢ ᠦᠶ᠋ᠯᠡᠳᠦᠯᠭᠡ᠎ᠶ᠋ᠢᠨ ᠰᠤᠷᠭᠠᠨ ᠬᠥᠮᠦᠵᠢᠯ᠎ᠦᠨ ᠵᠢᠭ᠍ᠰᠠᠭᠠᠯ᠎ᠤᠨ ᠭᠠᠵᠠᠷ᠎ᠢ ᠢᠳᠡᠪᠬᠢᠲᠡᠶ ᠪᠠᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠬᠥᠭ᠌ᠵᠢᠯᠲᠡ᠎ᠶ᠋ᠢᠨ ᠡᠯᠪᠡᠭ ᠪᠠᠶᠠᠯᠢᠭ ᠦᠷ᠎ᠡ ᠪᠦᠲᠦᠭᠡᠯ᠎ᠢ ᠰᠤᠷᠤᠭ᠍ᠴᠢᠳ᠎ᠲᠤ ᠦᠶ᠋ᠯᠡᠳᠦᠯᠭᠡ᠎ᠶ᠋ᠢᠨ ᠳᠤᠮᠳᠠ ᠣᠢᠯᠠᠭᠠᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠮᠢᠳᠤᠯᠢᠭ ᠦᠶ᠋ᠯᠡᠳᠦᠯᠭᠡ᠎ᠶ᠋ᠢ ᠪᠡᠶᠡᠴᠢᠯᠡᠨ ᠣᠢᠯᠠᠭᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠤᠬᠠᠮᠰᠠᠷ᠎ᠢ ᠨᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭ᠌ᠲᠡᠶ᠃

(ᠲᠠᠪᠤ) ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠡᠭᠦᠳᠴᠦ᠍᠂ ᠰᠣᠶᠣᠯ᠎ᠢᠶᠠᠷ ᠬᠥᠮᠦᠨ᠎ᠢ ᠬᠥᠮᠦᠵᠢᠭᠦᠯᠬᠦ᠌ ᠴᠢᠳᠠᠮᠵᠢ᠎ᠶ᠋ᠢ ᠪᠠᠳᠠᠷᠠᠭᠤᠯᠤᠨ᠎ᠠ᠃ ᠰᠤᠷᠭᠠᠭᠤᠯᠢ᠎ᠶ᠋ᠢᠨ ᠬᠦᠷᠢᠶᠡᠨ᠎ᠦ ᠤᠳᠭ᠎ᠠ ᠤᠷᠠᠯᠢᠭ᠎ᠤᠨ ᠠᠵᠢᠯᠯᠠᠭ᠎ᠠ ᠪᠣᠯ ᠬᠥᠮᠦᠨ ᠰᠣᠶᠣᠯ᠎ᠤᠨ ᠵᠣᠷᠢᠭ ᠰᠠᠨᠠᠭ᠎ᠠ᠎ᠶ᠋ᠢ ᠬᠥᠮᠦᠵᠢᠭᠦᠯᠬᠦ᠌᠂ ᠰᠤᠷᠤᠭ᠍ᠴᠢᠳ᠎ᠤᠨ ᠦᠵᠡᠯ ᠰᠠᠨᠠᠭ᠎ᠠ ᠶᠣᠰᠣ ᠮᠣᠷᠠᠯ᠎ᠤᠨ ᠬᠡᠪ ᠴᠢᠨᠠᠷ᠎ᠢ ᠳᠡᠭᠡᠭ᠌ᠰᠢᠯᠡᠭᠦᠯᠬᠦ᠌ ᠴᠢᠬᠤᠯᠠ ᠠᠴᠢᠶᠠᠯᠠᠪᠤᠷᠢ ᠮᠥᠨ᠃ ᠶᠡᠬᠡ ᠳᠡᠭᠡᠳᠦ ᠰᠤᠷᠭᠠᠭᠤᠯᠢ᠎ᠶ᠋ᠢᠨ᠎ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠰᠤᠷᠭᠠᠭᠤᠯᠢ᠎ᠶ᠋ᠢᠨ ᠬᠦᠷᠢᠶᠡᠨ᠎ᠦ ᠤᠳᠭ᠎ᠠ ᠤᠷᠠᠯᠢᠭ᠎ᠤᠨ ᠠᠵᠢᠯᠯᠠᠭ᠎ᠠ᠎ᠲᠠᠶ ᠣᠷᠭᠠᠨᠢᠭ᠎ᠢᠶᠠᠷ ᠤᠶᠠᠯᠳᠤᠭᠤᠯᠵᠤ᠂ ᠦᠨᠳᠦᠰᠦᠲᠡᠨ᠎ᠦ ᠪᠦᠯᠬᠦᠮᠳᠡᠯ᠎ᠢ ᠲᠤᠰᠭᠠᠭ᠍ᠰᠠᠨ᠂ ᠳᠤᠮᠳᠠᠳᠤ᠎ᠶ᠋ᠢᠨ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ ᠨᠢᠭᠡ ᠪᠦᠯᠦᠭ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠡᠭᠦᠳᠴᠦ᠍᠂ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠰᠣᠶᠣᠯ᠎ᠤᠨ ᠨᠥᠯᠥᠭᠡᠯᠡᠯ ᠳᠤᠮᠳᠠ ᠰᠣᠶᠣᠯ᠎ᠤᠨ ᠢᠲᠡᠭᠡᠯ᠎ᠢ᠎ᠨᠢ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠣᠶᠤᠨ ᠰᠠᠨᠠᠭᠠᠨ᠎ᠤ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠶ᠃

( ᠵᠤᠬᠢᠶᠠᠭᠴᠢ ᠵᠢᠨ ᠬᠠᠶᠢᠭ᠄ ᠤᠷᠳᠤᠰ ᠬᠤᠳᠠ ᠵᠢᠨ ᠨᠠᠮ᠎ᠤᠨ ᠬᠤᠷᠢᠶ᠎ᠠ ᠵᠢᠨ ᠨᠢᠬᠡᠳᠦᠮᠡᠯ ᠹᠷᠤᠨᠲ᠎ᠤᠨ ᠬᠡᠯᠳᠡᠰ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号