ᠤᠯᠠᠭᠠᠨᠬᠠᠳᠠ ᠬᠣᠲᠠ ᠢ᠋ᠢᠨ 《15 ᠮᠢᠨᠦ᠋ᠲ ᠤ᠋ᠨ ᠠᠵᠢᠯ ᠣᠯᠭᠣᠬᠤ ᠦᠶ᠋ᠯᠡᠴᠢᠯᠡᠭᠡᠨ᠎ᠦ ᠲᠣᠭᠣᠷᠢᠭ》 ᠨᠢ ᠭᠡᠷ ᠡᠴᠡ ᠪᠠᠨ ᠤᠢᠷᠠᠯᠴᠠᠭ᠎ᠠ ᠠᠵᠢᠯ ᠡᠷᠢᠬᠦ᠌ ᠵᠠᠮ ᠢ᠋ ᠰᠢᠯᠤᠭᠤᠳᠬᠠᠨ᠎ᠡ
2026-04-24 09:22:41
ᠵᠣᠬᠢᠶᠠᠭ᠍ᠴᠢ᠄
ᠯᠢ ᠱᠢᠤᠸᠠᠢ ᠶᠣᠣ
ᠣᠩᠱᠢᠭ᠍ᠰᠠᠨ ᠣᠳᠠᠭ᠎ᠠ᠄
★★★☆☆

《〈ᠬᠡᠷ ᠤ᠋ᠨ ᠡᠭᠦᠳᠡᠨ〉 ᠳ᠋ᠤᠨᠢ ᠠᠵᠢᠯ ᠤᠯᠭᠤᠬᠤ ᠦᠶ᠋ᠯᠡᠴᠢᠯᠡᠭᠡᠨ᠎ᠦ ᠥᠷᠲᠡᠭᠡ ᠢ᠋ᠢᠨ ᠠᠵᠢᠯᠲᠠᠳ ᠨᠠᠳᠠ ᠳ᠋ᠤ᠌ ᠲᠤᠬᠢᠷᠠᠭᠰᠠᠨ ᠠᠵᠢᠯ ᠤ᠋ᠨ ᠪᠠᠢᠷᠢ ᠢ᠋ᠢᠨ ᠮᠡᠳᠡᠭᠡ ᠵᠠᠩᠭᠢ ᠢ᠋ᠢ ᠬᠠᠨᠭᠭᠠᠵᠤ ᠦᠭᠬᠦᠭᠰᠡᠨ ᠢ᠋ᠢᠡᠷ ᠣᠲᠣ ᠪᠢ ᠨᠢᠭᠡᠨᠲᠡ ᠤᠷᠤᠭ᠍ᠰᠢᠲᠠᠶ ᠪᠡᠷ ᠨᠢᠭᠡᠨ ᠠᠷᠠᠯᠵᠢᠶ᠎ᠠ ᠬᠤᠳᠠᠯᠳᠤᠭᠠᠨ ᠤ᠋ ᠺᠣᠮᠫᠠᠨᠢ ᠳ᠋ᠤ᠌ ᠤᠲᠠᠰᠤ ᠵᠠᠯᠭᠠᠭ᠍ᠴᠢ ᠢ᠋ᠢᠨ ᠠᠵᠢᠯ ᠬᠢᠵᠤ ᠪᠠᠢᠨ᠎ᠡ》 ᠬᠡᠵᠤ ᠤᠢᠷ᠎ᠡ ᠳ᠋ᠤ᠌ ᠤᠯᠠᠭᠠᠨᠬᠠᠳᠠ ᠬᠣᠲᠠ ᠢ᠋ᠢᠨ ᠬᠤᠩᠱᠠᠨ ᠲᠣᠭᠣᠷᠢᠭ ᠤ᠋ᠨ ᠰᠢ ᠳᠦᠨ ᠵᠡᠭᠡᠯᠢ ᠭᠤᠳᠤᠮᠵᠢ ᠢ᠋ᠢᠨ ᠯᠢᠦ ᠰᠢ ᠵᠡᠭᠡᠯᠢ ᠢ᠋ᠢᠨ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠯᠠᠨᠭ᠌ ᠯᠦ᠍ 《15 ᠮᠢᠨᠦ᠋ᠲ ᠤ᠋ᠨ ᠠᠵᠢᠯ ᠣᠯᠭᠣᠬᠤ ᠦᠶ᠋ᠯᠡᠴᠢᠯᠡᠭᠡᠨ᠎ᠦ ᠲᠣᠭᠣᠷᠢᠭ》  ᠤ᠋ᠨ ᠣᠯᠠᠨ ᠲᠦᠮᠡᠨ᠎ᠳᠦ ᠦᠵᠡᠬᠦᠯᠦᠭᠰᠡᠨ ᠲᠥᠬᠥᠮ ᠨᠥᠬᠥᠴᠡᠯ ᠢ᠋ ᠶᠠᠷᠢᠵᠤ ᠭᠠᠷᠤᠯ᠎ᠡ᠃

ᠨᠢᠳᠤᠨᠤᠨ᠎ᠠᠴᠠ ᠨᠠᠭᠠᠰᠢ᠂ ᠤᠯᠠᠭᠠᠨᠬᠠᠳᠠ ᠬᠣᠲᠠ 《15 ᠮᠢᠨᠦ᠋ᠲ ᠤ᠋ᠨ ᠠᠵᠢᠯ ᠣᠯᠭᠣᠬᠤ ᠦᠶ᠋ᠯᠡᠴᠢᠯᠡᠭᠡᠨ᠎ᠦ ᠲᠣᠭᠣᠷᠢᠭ》 ᠤ᠋ᠨ ᠪᠥᠲᠥᠭᠡᠨ ᠪᠠᠢᠭᠤᠯᠤᠯᠲᠠ ᠪᠡᠷ ᠠᠵᠢᠯ ᠤᠯᠭᠤᠬᠤ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ᠌ ᠵᠠᠩᠭᠢᠯᠠᠭ᠎ᠠ ᠢ᠋ᠢᠨ ᠭᠠᠷᠳᠠᠴᠠ ᠪᠣᠯᠭᠠᠵᠤ᠂ ᠨᠡᠢᠭᠡᠮ ᠲᠣᠭᠣᠷᠢᠭ ᠤ᠋ᠨ ᠨᠠᠮ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠂ ᠱᠢᠶᠠᠩ ᠪᠠᠯᠭᠠᠰᠤᠨ ᠤ᠋ ᠠᠷᠠᠳ ᠲᠦ᠍ ᠲᠥᠬᠥᠮ ᠦᠵᠡᠭᠦᠯᠬᠦ᠌ ᠲᠢᠩᠬᠢᠮ ᠵᠡᠷᠭᠡ ᠵᠢᠭ᠍ᠰᠠᠭᠠᠯ ᠤ᠋ᠨ ᠭᠠᠵᠠᠷ ᠲᠦ᠍ ᠲᠦᠱᠢᠭ᠌ᠯᠡᠨ 《ᠬᠡᠷ ᠤ᠋ᠨ ᠡᠬᠦᠳᠡᠨ》 ᠳ᠋ᠤᠨᠢ ᠠᠵᠢᠯ ᠣᠯᠭᠣᠬᠤ ᠦᠶ᠋ᠯᠡᠴᠢᠯᠡᠭᠡᠨ᠎ᠦ ᠥᠷᠲᠡᠭᠡ ᠢ᠋ᠢ ᠪᠠᠢᠭᠤᠯᠵᠤ᠂ ᠣᠯᠠᠨ ᠲᠦᠮᠡᠨ ᠢ᠋ ᠭᠡᠷ᠎ᠡᠴᠡ᠎ᠪᠡᠨ ᠭᠠᠷᠤᠮᠠᠭᠴᠡ 15 ᠮᠢᠨᠦ᠋ᠲ ᠤ᠋ᠨ ᠳᠣᠲᠣᠷ᠎ᠠ ᠪᠥᠬᠥ᠌ ᠲᠠᠯ᠎ᠠ ᠢ᠋ᠢᠨ᠂  ᠨᠢᠭᠡ ᠦᠷᠳᠡᠬᠡᠴᠢᠯᠡᠭᠰᠡᠨ ᠮᠠᠶᠢᠭ ᠤ᠋ᠨ ᠠᠵᠢᠯ ᠣᠯᠭᠣᠯᠲᠠ ᠢ᠋ᠢᠨ ᠦᠶ᠋ᠯᠡᠴᠢᠯᠡᠭᠡ ᠢ᠋ᠢ ᠡᠳ᠋ᠯᠡᠭᠦᠯᠵᠤ ᠪᠠᠢᠨ᠎ᠡ᠃

ᠪᠠᠷᠢᠮᠵᠢᠶᠠᠵᠢᠭᠤᠯᠤᠯᠲᠠ ᠢ᠋ᠢᠨ ᠪᠠᠢᠷᠢᠱᠢᠭᠤᠯᠤᠯᠲᠠ ᠢ᠋ᠢᠨ ᠰᠠᠭᠤᠷᠢ ᠢ᠋ᠢ ᠪᠠᠲᠤᠳᠭᠠᠵᠤ᠂ ᠠᠵᠢᠯ ᠣᠯᠭᠣᠯᠲᠠ ᠢ᠋ᠢᠨ ᠦᠶ᠋ᠯᠡᠴᠢᠯᠡᠭᠡ ᠪᠠᠨ ᠪᠠᠲᠤᠯᠠᠭ᠎ᠠ᠎ᠲᠠᠶ ᠪᠤᠯᠭᠠᠪᠠ᠃ ᠤᠯᠠᠭᠠᠨᠬᠠᠳᠠ ᠬᠣᠲᠠ ᠪᠤᠢ ᠪᠦᠬᠦᠢ ᠠᠵᠢᠯ ᠤᠯᠭᠤᠬᠤ ᠦᠶ᠋ᠯᠡᠴᠢᠯᠡᠭᠡᠨ᠎ᠦ ᠥᠷᠲᠡᠭᠡ ᠴᠡᠭ᠎ᠲᠦ ᠨᠢᠭᠡᠳᠦᠯᠲᠡᠶ ᠠᠯᠪᠠᠯᠠᠬᠤ ᠲᠥᠬᠥᠭᠡᠷᠦᠮᠵᠢ ᠲᠣᠬᠢᠷᠠᠭᠤᠯᠵᠤ᠂ ᠲᠥᠷᠥ ᠢ᠋ᠢᠨ ᠪᠣᠳᠣᠯᠭ᠎ᠠ ᠢ᠋ᠢᠨ ᠯᠠᠪᠯᠠᠭ᠎ᠠ᠂ ᠤᠷ᠎ᠠ ᠴᠢᠳᠠᠪᠤᠷᠢ ᠢ᠋ᠢᠨ ᠪᠤᠯᠪᠠᠰᠤᠷᠡᠯ ᠵᠡᠷᠭᠡ ᠴᠢᠳᠠᠮᠵᠢᠳᠤ ᠣᠷᠣᠨ ᠢ᠋ ᠲᠣᠬᠢᠷᠠᠭᠤᠯᠵᠤ᠂ ᠬᠡᠰᠡᠭ ᠥᠷᠲᠡᠭᠡ ᠴᠡᠭ᠎ᠲᠦ ᠪᠠᠰᠠ ᠠᠵᠢᠯ ᠣᠯᠭᠣᠬᠤ ᠣᠯᠠᠨ ᠨᠡᠢᠲᠡ ᠢ᠋ᠢᠨ ᠦᠶ᠋ᠯᠡᠴᠢᠯᠡᠭᠡᠨ᠎ᠦ ᠨᠢᠭᠡ ᠴᠣᠭ᠍ᠴᠠᠵᠢᠭᠤᠯᠤᠭ᠍ᠰᠠᠨ ᠮᠠᠱᠢᠨ ᠢ᠋ ᠲᠤᠬᠢᠷᠠᠭᠤᠯᠵᠤ᠂ ᠣᠯᠠᠨ ᠲᠦᠮᠡᠨ᠎ᠳᠦ ᠥᠪᠡᠰᠦᠪᠡᠨ ᠪᠠᠢᠴᠠᠭᠠᠨ ᠯᠠᠪᠯᠠᠬᠤ᠂ ᠲᠣᠪᠴᠢ ᠨᠠᠮᠲᠠᠷ ᠬᠦᠷᠭᠡᠬᠦ᠌ ᠵᠡᠷᠭᠡ  ᠨᠢᠭᠡ ᠥᠷᠲᠡᠭᠡᠴᠢᠯᠡᠭᠰᠡᠨ ᠮᠠᠶᠢᠭ ᠤ᠋ᠨ ᠦᠶ᠋ᠯᠡᠴᠢᠯᠡᠭᠡ ᠬᠠᠩᠭᠠᠵᠤ᠂ ᠣᠯᠠᠨ ᠲᠦᠮᠡᠨ ᠢ᠋ ᠬᠡᠵᠢᠶ᠎ᠡ ᠬᠠᠮᠢᠭ᠎ᠠ ᠴᠤ᠌ ᠭᠡᠰᠡᠨ ᠠᠵᠢᠯ ᠶᠠᠪᠤᠳᠠᠯ ᠭᠦᠶ᠋ᠴᠡᠳᠭᠡᠵᠦ᠍ ᠳᠡᠢᠯᠬᠦ᠌ ᠪᠣᠯᠭᠠᠪᠠ᠃ ᠣᠳᠣᠬᠠᠨ ᠪᠣᠯᠲᠠᠯ᠎ᠠ᠂ ᠤᠯᠠᠭᠠᠨᠬᠠᠳᠠ ᠬᠣᠲᠠ 《ᠬᠡᠷ ᠤ᠋ᠨ ᠡᠬᠦᠳᠡᠨ》 ᠳ᠋ᠤᠨᠢ ᠠᠵᠢᠯ ᠤᠯᠭᠤᠬᠤ  ᠦᠶ᠋ᠯᠡᠴᠢᠯᠡᠭᠡᠨ᠎ᠦ ᠥᠷᠲᠡᠭᠡ ᠢ᠋ᠢ 101 ᠪᠠᠢᠭᠤᠯᠪᠠ᠃

ᠣᠯᠠᠨ ᠡᠱᠢᠵᠢᠭ᠌ᠰᠡᠨ ᠦᠶ᠋ᠯᠡᠴᠢᠯᠡᠭᠡ ᠬᠦᠴᠢᠷ ᠠᠰᠠᠭᠤᠳᠠᠯ ᠢ᠋ ᠱᠢᠶ᠋ᠳᠪᠦᠷᠢᠯᠡᠵᠦ᠍᠂ ᠠᠵᠢᠯ ᠣᠯᠭᠣᠬᠤ ᠦᠶ᠋ᠯᠡᠴᠢᠯᠡᠭᠡ ᠢ᠋ᠢ ᠬᠥᠷ ᠬᠥᠭ᠌ᠵᠢᠶᠡᠨ ᠲᠠᠢ ᠪᠤᠯᠭᠠᠪᠠ᠃ ᠤᠯᠠᠭᠠᠨᠬᠠᠳᠠ ᠬᠣᠲᠠ ᠢ᠋ᠢᠨ ᠡᠯ᠎ᠡ ᠠᠵᠢᠯ ᠣᠯᠭᠣᠬᠤ ᠦᠶ᠋ᠯᠡᠴᠢᠯᠡᠭᠡᠨ᠎ᠦ ᠥᠷᠲᠡᠭᠡ ᠴᠡᠭ᠎ᠨᠢ 《 ᠰᠦᠯᠵᠢᠶ᠎ᠡ + ᠪᠤᠳᠠᠳᠤ ᠴᠤᠭᠴᠡ》 ᠢ᠋ᠢᠨ ᠬᠤᠤᠰ ᠬᠥᠳᠡᠯᠭᠡᠭᠦᠷ ᠢ᠋ ᠪᠠᠷᠢᠮᠲᠠᠯᠠᠵᠤ᠂ ᠪᠤᠳᠠᠳᠤ ᠲᠠᠯᠠᠪᠤᠷ ᠲᠦ᠍ ᠪᠠᠢᠳᠠᠯ ᠢ᠋ ᠤᠢᠯᠠᠭᠠᠨ ᠵᠢᠭ᠍ᠰᠠᠭᠠᠬᠤ ᠳᠤᠭᠤᠢᠯᠠᠩ ᠪᠠᠢᠭᠤᠯᠤᠨ ᠨᠡᠢᠭᠡᠮ ᠲᠣᠭᠣᠷᠢᠭ ᠲᠦ᠍ 《ᠡᠭᠦᠳᠡ ᠲᠣᠭ᠍ᠰᠢᠬᠤ ᠠᠵᠢᠯᠯᠠᠭ᠎ᠠ》 ᠥᠷᠨᠢᠭᠦᠯᠵᠦ᠍᠂ ᠠᠵᠢᠯ ᠡᠷᠢᠭ᠌ᠰᠡᠳ ᠤ᠋ᠨ ᠤᠷ᠎ᠠ ᠴᠢᠳᠠᠪᠤᠷᠢ ᠢ᠋ᠢᠨ ᠣᠨᠴᠠ ᠴᠢᠳᠠᠪᠤᠷᠢ ᠪᠠ ᠠᠵᠢᠯ ᠤᠯᠬᠤ ᠬᠦᠰᠡᠯ ᠰᠠᠨᠠᠭ᠎ᠠ ᠢ᠋ᠢ᠎ᠨᠢ ᠣᠨᠣᠪᠴᠢᠲᠠᠶ ᠡᠵᠡᠮᠱᠢᠵᠦ᠍᠂ ᠠᠵᠢᠯ ᠣᠯᠭᠣᠬᠤ ᠲᠠᠨᠢᠯᠴᠠᠭᠤᠯᠭ᠎ᠠ ᠢ᠋ᠢᠨ ᠲᠥᠰᠦᠯ ᠢ᠋ ᠪᠣᠳᠠᠲᠠᠶ ᠪᠠᠢᠳᠠᠯ ᠳ᠋ᠤᠨᠢ ᠲᠣᠬᠢᠷᠠᠭᠤᠯᠤᠨ ᠲᠤᠭᠳᠠᠭᠠᠪᠠ; ᠰᠦᠯᠵᠢᠶᠡᠨ ᠳᠡᠭᠡᠷ᠎ᠡ᠂ ᠮᠠᠰᠢ ᠤᠯᠠᠨ ᠲᠣᠭᠠᠴᠢᠯᠠᠭ᠍ᠰᠠᠨ ᠲᠠᠪᠴᠠᠩ ᠳ᠋ᠤ᠌ ᠲᠦᠱᠢᠭ᠌ᠯᠡᠨ᠂ ᠠᠵᠢᠯ ᠤ᠋ᠨ ᠪᠠᠢᠷᠢ ᠢ᠋ᠢᠨ ᠮᠡᠳᠡᠭᠡ ᠵᠠᠩᠭᠢ ᠢ᠋ᠢ ᠠᠦ᠋ᠲ᠋ᠣᠴᠢᠯᠡᠨ ᠬᠦᠷᠭᠡᠬᠦ᠌᠂ ᠲᠣᠪᠴᠢ ᠨᠠᠮᠲᠠᠷ ᠢ᠋ ᠰᠦᠯᠵᠢᠶ᠎ᠡ ᠪᠡᠷ ᠬᠦᠷᠭᠡᠬᠦ᠌ ᠢ᠋ᠢ ᠪᠡᠶᠡᠯᠡᠭᠦᠯᠵᠦ᠍᠂ ᠲᠣᠭᠠᠴᠢᠯᠠᠯᠲᠠ ᠪᠡᠷ ᠴᠠᠭ ᠤᠷᠤᠨ ᠵᠠᠶ ᠢ᠋ᠢ ᠤᠢᠷᠠᠳᠤᠭᠤᠯᠤᠨ᠂ ᠬᠠᠩᠭᠠᠯᠭ᠎ᠠ ᠬᠡᠷᠡᠭ᠌ᠴᠡᠭᠡ ᠢ᠋ᠢ ᠵᠣᠯᠭᠠᠭᠤᠯᠬᠤ ᠦᠷ᠎ᠡ ᠪᠦᠲᠦᠮᠵᠢ ᠢ᠋ᠢ ᠨᠡᠮᠡᠭᠳᠡᠬᠦᠯᠦᠭᠰᠡᠨ ᠪᠠᠢᠨ᠎ᠡ᠃

ᠨᠠᠷᠢᠯᠢᠭ ᠣᠨᠣᠴᠠᠲᠠᠶ ᠪᠡᠷ ᠪᠤᠯᠪᠠᠰᠤᠷᠡᠯ ᠦᠷᠨᠢᠬᠦᠯᠵᠤ ᠤᠷ᠎ᠠ ᠴᠢᠳᠠᠪᠤᠷᠢ᠎ᠪᠠᠨ ᠴᠢᠩᠭᠠᠳᠭᠠᠵᠤ᠂ ᠠᠵᠢᠯ ᠣᠯᠭᠣᠬᠤ ᠦᠶ᠋ᠯᠡᠴᠢᠯᠡᠭᠡ ᠪᠠᠨ ᠪᠦᠷᠢᠨᠰᠢᠬᠦᠯᠪᠠ᠃ ᠤᠯᠠᠭᠠᠨᠬᠠᠳᠠ ᠬᠣᠲᠠ 《ᠲᠥᠪᠯᠡᠷᠡᠩᠭᠦᠶ ᠪᠤᠯᠪᠠᠰᠤᠷᠡᠯ + ᠰᠦᠯᠵᠢᠶ᠎ᠡ ᠢ᠋ᠢᠨ ᠱᠢᠭᠤᠳ ᠨᠡᠪᠲᠡᠷᠡᠭᠦᠯᠭᠡ ᠢ᠋ᠢᠨ ᠵᠢᠭᠠᠨ ᠰᠤᠷᠭᠠᠯᠲᠠ + ᠠᠵᠤ ᠠᠬᠤᠢᠯᠠᠯ ᠤ᠋ᠨ ᠪᠤᠳᠡᠳᠡᠢ ᠤᠢᠯᠡᠳᠤᠯᠬᠡ》᠎ᠶᠢᠨ ᠭᠤᠷᠪᠠᠨ ᠬᠡᠮᠵᠢᠯᠳᠦ ᠪᠤᠯᠪᠠᠰᠤᠷᠡᠯ ᠤ᠋ᠨ ᠵᠠᠭ᠍ᠪᠤᠷ ᠢ᠋ ᠱᠢᠨ᠎ᠡ᠎ᠪᠡᠷ ᠡᠭᠦᠳᠴᠦ᠍᠂ ᠵᠠᠬ᠎ᠠ ᠳᠡᠯᠭᠡᠭᠦᠷ᠎ᠲᠦ ᠪᠠᠴᠢᠮ ᠱᠠᠭᠠᠷᠳᠠᠭ᠍ᠳᠠᠵᠤ ᠪᠠᠢᠭ᠎ᠠ ᠳᠤᠲᠠᠭ᠍ᠳᠠᠵᠤ ᠪᠠᠢᠭ᠎ᠠ ᠠᠵᠢᠯ ᠤ᠋ᠨ ᠲᠥᠷᠥᠯ ᠢ᠋ ᠣᠨᠣᠪᠴᠢᠲᠠᠶ ᠵᠣᠯᠭᠠᠭᠤᠯᠵᠤ᠂ ᠣᠯᠠᠨ ᠲᠦᠮᠡᠨ ᠢ᠋ ᠰᠤᠷᠴᠤ᠌ ᠴᠢᠳᠠᠬᠤ᠂ ᠬᠡᠷᠡᠭ᠌ᠯᠡᠵᠦ᠍ ᠴᠢᠳᠠᠬᠤ᠂ ᠣᠷᠣᠯᠭ᠎ᠠ᠎ᠪᠠᠨ ᠨᠡᠮᠡᠭ᠌ᠳᠡᠭᠦᠯᠵᠦ᠍ ᠴᠢᠳᠠᠬᠤ ᠪᠤᠯᠭᠠᠵᠡᠢ᠃

ᠰᠦᠩᠱᠠᠨ ᠲᠣᠭᠣᠷᠢᠭ ᠤ᠋ᠨ ᠬᠢᠩᠭᠠᠨ ᠵᠡᠭᠡᠯᠢ ᠭᠤᠳᠤᠮᠵᠢ ᠢ᠋ᠢᠨ ᠬᠢᠨ 《ᠭᠡᠷ ᠤ᠋ᠨ ᠡᠭᠦᠳᠡᠨ》 ᠳ᠋ᠤᠨᠢ ᠠᠵᠢᠯ ᠣᠯᠭᠣᠬᠤ ᠦᠢᠯᠡᠴᠢᠯᠡᠭᠡᠨ᠎ᠦ ᠦᠷᠳᠡᠭᠡ᠎ᠳᠦ ᠲᠦᠱᠢᠭ᠌ᠯᠡᠨ 《ᠨᠡᠢᠭᠡᠮ ᠲᠣᠭᠣᠷᠢᠭ ᠤ᠋ᠨ ᠤᠷ᠎ᠠ ᠮᠡᠷᠭᠡᠵᠢᠯ ᠤ᠋ᠨ ᠰᠥᠨᠢ ᠢ᠋ᠢᠨ ᠰᠤᠷᠭᠠᠭᠤᠯᠢ》 ᠵᠢ ᠪᠠᠢᠭᠤᠯᠵᠤ᠂ ᠰᠥᠨᠢ ᠢ᠋ᠢᠨ ᠰᠤᠷᠭᠠᠭᠤᠯᠢ ᠳ᠋ᠤ᠌ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠴᠠᠭᠠᠰᠤᠨ ᠬᠠᠢᠴᠢᠯᠠᠮᠠᠯ᠂ ᠭᠤᠯᠢᠷ ᠢᠳᠡᠭᠡᠨ ᠦᠢᠯᠡᠳᠬᠦ᠌ ᠵᠡᠷᠭᠡ ᠬᠢᠴᠢᠶᠡᠯ ᠨᠡᠭᠡᠭᠡᠵᠦ᠍᠂ 《ᠨᠢᠬᠡᠨ ᠵᠦᠢᠯ ᠤ᠋ᠨ ᠮᠡᠷᠭᠡᠵᠢᠯ ᠢ᠋ ᠡᠵᠡᠮᠰᠢᠪᠡᠯ ᠠᠵᠢᠯ ᠤᠯᠬᠤ ᠳ᠋ᠤ᠌ ᠵᠣᠪᠠᠬᠤ ᠦᠭᠡᠢ》 ᠪᠠᠢᠬᠤ ᠢ᠋ᠢ ᠪᠣᠳᠠᠲᠤ ᠠᠬᠤᠢ ᠪᠣᠯᠭᠠᠪᠠ᠃ ᠣᠲᠣ ᠪᠣᠯᠲᠠᠯ᠎ᠠ 158 ᠬᠥᠮᠦᠨ ᠪᠤᠯᠪᠠᠰᠤᠷᠡᠯ ᠢ᠋ᠢᠡᠷ ᠳᠡᠮᠵᠢᠨ ᠠᠵᠢᠯ ᠣᠯᠵᠠᠶ᠃

ᠬᠠᠪᠰᠤᠷᠤᠨ ᠲᠡᠳᠬᠦᠬᠦ᠌ ᠬᠣᠷᠢᠭ᠎ᠠ ᠱᠤᠭᠤᠮ ᠢ᠋ ᠨᠠᠷᠢᠯᠢᠭ᠍ᠵᠢᠭᠤᠯᠵᠤ᠂ ᠠᠵᠢᠯ ᠣᠯᠭᠣᠬᠤ ᠦᠶ᠋ᠯᠡᠴᠢᠯᠡᠭᠡ ᠪᠠᠨ ᠡᠷᠴᠢᠮ ᠲᠠᠢ ᠪᠤᠯᠭᠠᠪᠠ᠃ ᠠᠵᠢᠯ ᠠᠯᠳᠠᠭ᠍ᠰᠠᠳ᠂ ᠠᠵᠢᠯ ᠤᠯᠬᠤ ᠳ᠋ᠤ᠌ ᠬᠦᠴᠢᠷᠲᠡᠶ ᠬᠥᠮᠦᠰ ᠵᠡᠷᠭᠡ ᠭᠤᠤᠯᠳᠠᠯᠭ᠎ᠠ᠎ᠲᠠᠶ ᠬᠥᠮᠦᠰ᠎ᠲᠦ ᠴᠢᠭ᠌ᠯᠡᠭᠦᠯᠦᠨ᠂ ᠤᠯᠠᠭᠠᠨᠬᠠᠳᠠ ᠬᠣᠲᠠ 《ᠨᠠᠷᠢᠯᠢᠭ ᠣᠨᠣᠴᠠᠲᠠᠶ ᠪᠠᠢᠴᠠᠭᠠᠨ ᠵᠢᠭ᠍ᠰᠠᠭᠠᠬᠤ + ᠲᠥᠷᠥᠯ ᠬᠤᠪᠢᠶᠠᠨ ᠬᠠᠪᠰᠤᠷᠤᠨ ᠲᠡᠳᠬᠦᠬᠦ᠌ + ᠬᠡᠪ ᠤ᠋ᠨ ᠪᠠᠢᠳᠠᠯ ᠢ᠋ ᠮᠥᠷᠳᠡᠬᠦ᠌》 ᠪᠢᠳᠠᠬᠦᠮᠵᠢᠯᠡᠭᠰᠡᠨ ᠲᠣᠭ᠍ᠲᠠᠴᠠ ᠢ᠋ᠢ ᠪᠠᠢᠭᠤᠯᠵᠤ᠂ ᠲᠥᠷᠥ ᠢ᠋ᠢᠨ ᠪᠣᠳᠣᠯᠭ᠎ᠠ᠂ ᠠᠵᠢᠯ ᠤ᠋ᠨ ᠪᠠᠢᠷᠢ᠂ ᠡᠷᠬᠡ ᠠᠱᠢᠭ ᠵᠡᠷᠭᠡ ᠭᠤᠷᠪᠠᠨ ᠳᠠᠪᠬᠤᠷ ᠪᠠᠲᠤᠯᠠᠭ᠎ᠠ ᠢ᠋ᠢ ᠴᠢᠩᠭᠠᠳᠭᠠᠨ᠂ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ ᠢ᠋ᠢᠨ ᠬᠣᠷᠢᠭ᠎ᠠ ᠱᠤᠭᠤᠮ ᠢ᠋ ᠪᠥᠬᠥ᠌ ᠬᠦᠴᠦᠨ ᠢ᠋ᠢᠡᠷ ᠢ᠋ᠢᠡᠨ ᠪᠠᠲᠤ ᠰᠠᠬᠢᠪᠠ᠃ ᠬᠤᠩᠱᠠᠨ ᠲᠣᠭᠣᠷᠢᠭ ᠤ᠋ᠨ ᠴᠠᠩ ᠴᠢᠩ ᠵᠡᠭᠡᠯᠢ ᠭᠤᠳᠤᠮᠵᠢ ᠢ᠋ᠢᠨ 《ᠬᠡᠷ ᠤ᠋ᠨ ᠡᠭᠦᠳᠡᠨ》 ᠳ᠋ᠤᠨᠢ ᠠᠵᠢᠯ ᠤᠯᠭᠤᠬᠤ ᠦᠶ᠋ᠯᠡᠴᠢᠯᠡᠭᠡᠨ᠎ᠦ ᠥᠷᠲᠡᠭᠡ ᠨᠢ ᠰᠤᠷᠭᠠᠭᠤᠯᠢ᠎ᠠᠴᠠ᠎ᠪᠠᠨ ᠭᠠᠷᠴᠤ ᠠᠵᠢᠯ ᠤᠯᠤᠭᠠᠳᠤᠢ ᠤᠶᠤᠲᠠᠳ ᠲᠦ᠍ ᠠᠩᠬᠠᠷᠤᠯ ᠢ᠋ᠢᠡᠨ ᠲᠥᠪᠯᠡᠷᠡᠭᠦᠯᠵᠦ᠍᠂ 4 ᠲᠠᠯᠠᠪᠤᠷ ᠲᠤᠰᠭᠠᠶ ᠠᠵᠢᠯᠲᠠᠨ ᠡᠯᠰᠡᠬᠦ᠌ ᠴᠤᠭ᠍ᠯᠠᠭᠠᠨ ᠡᠷᠭᠢᠯᠡᠵᠦ᠍᠂ 7 ᠰᠣᠷᠣᠭ᠍ᠴᠢ ᠳ᠋ᠤ᠌ ᠠᠵᠢᠯ ᠣᠯᠭᠣᠪᠠ᠃ ᠣᠳᠣᠬᠠᠨ ᠪᠣᠯᠲᠠᠯ᠎ᠠ᠂ ᠪᠥᠬᠥ᠌ ᠬᠣᠲᠠ ᠢ᠋ᠢᠨ 《ᠬᠡᠷ ᠤ᠋ᠨ ᠡᠭᠦᠳᠡᠨ》ᠳ᠋ᠤᠨᠢ ᠠᠵᠢᠯ ᠤᠯᠭᠤᠬᠤ ᠦᠶ᠋ᠯᠡᠴᠢᠯᠡᠭᠡᠨ᠎ᠦ ᠥᠷᠲᠡᠭᠡ ᠨᠢᠭᠡᠨᠲᠡ 523 ᠣᠯᠠᠨ ᠲᠦᠮᠡᠨ ᠢ᠋ ᠬᠠᠪᠰᠤᠷᠤᠨ ᠬᠡᠷ ᠤ᠋ᠨ ᠡᠭᠦᠳᠡᠨ᠎ᠳ᠋ᠡᠬᠡᠨ ᠠᠵᠢᠯ ᠤᠯᠬᠤ ᠢ᠋ᠢ ᠪᠡᠶᠡᠯᠡᠭᠦᠯᠪᠡ᠂ ᠡᠭᠦᠨ᠎ᠳᠦ ᠠᠵᠢᠯ ᠤᠯᠬᠤ ᠳ᠋ᠤ᠌ ᠬᠦᠴᠢᠷᠲᠡᠶ ᠬᠥᠮᠦᠰ ᠤ᠋ᠨ ᠡᠵᠡᠯᠡᠬᠦ᠌ ᠬᠠᠷᠢᠴᠠᠯ᠎ᠨᠢ 60% ᠢ᠋ᠢ ᠳᠠᠪᠠᠪᠠ᠃

ᠲᠤᠰᠭᠠᠢᠵᠢᠭ᠍ᠰᠠᠨ ᠡᠩᠨᠡᠭᠡ ᠢ᠋ᠢᠨ ᠶᠠᠰᠤ ᠴᠢᠨᠠᠷ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠵᠦ᠍ ᠂ ᠠᠵᠢᠯ ᠣᠯᠭᠣᠬᠤ ᠦᠢᠯᠡᠴᠢᠯᠡᠭᠡ ᠪᠠᠨ ᠲᠤᠯᠭᠠᠭᠤᠷᠢᠯᠠᠯ᠎ᠲᠠᠶ ᠪᠤᠯᠭᠠᠪᠠ᠃ ᠤᠯᠠᠭᠠᠨᠬᠠᠳᠠ ᠬᠣᠲᠠ ᠣᠯᠠᠨ ᠨᠡᠢᠲᠡ ᠢ᠋ᠢᠨ ᠠᠵᠢᠯ ᠣᠯᠭᠣᠬᠤ ᠦᠶ᠋ᠯᠡᠴᠢᠯᠡᠭᠡᠨ᠎ᠦ ᠠᠵᠢᠯᠲᠠᠨ ᠤ᠋ ᠲᠤᠰᠬᠠᠢ ᠬᠦᠮᠦᠵᠢᠬᠦᠯᠬᠡ ᠢ᠋ᠢᠨ ᠲᠥᠯᠥᠪᠯᠡᠭᠡ ᠢ᠋ᠢ ᠵᠡᠷᠭᠡ ᠪᠡᠷ ᠬᠡᠷᠡᠭ᠌ᠵᠢᠭᠦᠯᠵᠦ᠍᠂ ᠱᠢᠰᠲ᠋ᠧᠮᠵᠢᠭ᠌ᠰᠡᠨ ᠪᠤᠯᠪᠠᠰᠤᠷᠡᠯ᠂ ᠤᠷ᠎ᠡ ᠮᠡᠷᠭᠡᠵᠢᠯ ᠤ᠋ᠨ ᠴᠢᠳᠠᠪᠤᠷᠢ ᠢ᠋ᠢ ᠦᠨᠡᠯᠡᠨ ᠮᠠᠭᠠᠳᠯᠠᠨ ᠲᠣᠭ᠍ᠲᠠᠭᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠨᠢᠭᠡ ᠪᠦᠯᠦᠭ 《ᠦᠨᠡᠮᠯᠡᠯ ᠲᠠᠢ᠎ᠪᠡᠷ ᠠᠵᠢᠯ ᠤ᠋ᠨ ᠪᠠᠢᠷᠢ ᠳ᠋ᠤ᠌ ᠭᠠᠷᠬᠤ》 ᠲᠤᠬᠠᠢᠯᠠᠭ᠍ᠰᠠᠨ ᠠᠵᠢᠯ ᠤ᠋ᠨ ᠭᠤᠤᠯᠯᠠᠭ᠍ᠴᠢ ᠬᠦᠴᠦᠨ ᠢ᠋ ᠬᠦᠮᠦᠵᠢᠬᠦᠯᠵᠤ᠂ ᠭᠤᠤᠯᠯᠠᠭ᠍ᠴᠢ ᠪᠡᠷ ᠬᠥᠲᠥᠯᠦᠨ ᠳᠠᠭᠠᠭᠤᠯᠵᠤ᠂ ᠱᠠᠲᠤ ᠱᠠᠲᠤ ᠪᠡᠷ ᠳᠠᠢᠴᠢᠯᠠᠨ᠂ ᠦᠨᠳᠦᠰᠦᠨ ᠱᠠᠲᠤᠨ ᠤ᠋ ᠦᠶ᠋ᠯᠡᠴᠢᠯᠡᠭᠡᠨ᠎ᠦ ᠥᠷᠲᠡᠭᠡ ᠢ᠋ᠢᠨ ᠠᠵᠢᠯᠲᠠᠨ ᠤ᠋ ᠲᠤᠰᠭᠠᠶ ᠮᠡᠷᠭᠡᠵᠢᠯ ᠤ᠋ᠨ ᠴᠢᠳᠠᠪᠤᠷᠢ ᠬᠢᠭᠡᠳ ᠦᠶ᠋ᠯᠡᠴᠢᠯᠡᠭᠡᠨ᠎ᠦ ᠬᠢᠷᠢ ᠬᠡᠮᠵᠢᠶ᠎ᠡ ᠢ᠋ᠢ ᠪᠥᠬᠥ᠌ ᠲᠠᠯ᠎ᠠ ᠪᠡᠷ ᠳᠡᠭᠡᠭ᠌ᠰᠢᠯᠡᠭᠦᠯᠪᠡ᠃ ᠣᠳᠣᠬᠠᠨ ᠳ᠋ᠤ᠌᠂ ᠤᠯᠠᠭᠠᠨᠬᠠᠳᠠ ᠬᠣᠲᠠ ᠨᠢᠭᠡᠨᠲᠡ ᠦᠨᠳᠦᠰᠦᠨ ᠱᠠᠲᠤᠨ ᠤ᠋ ᠭᠠᠷᠲᠠᠨ ᠭᠦᠶ᠋ᠴᠡᠳᠭᠡᠬᠦ᠌ ᠠᠵᠢᠯᠲᠠᠨ ᠤ᠋ ᠪᠤᠯᠪᠠᠰᠤᠷᠡᠯ ᠢ᠋ 600 ᠭᠠᠷᠤᠶ ᠬᠥᠮᠦᠨ ᠤᠳᠠᠭ᠎ᠠ ᠥᠷᠨᠢᠭᠦᠯᠵᠦ᠍᠂ 《15 ᠮᠢᠨᠦ᠋ᠲ ᠤ᠋ᠨ ᠠᠵᠢᠯ ᠣᠯᠭᠣᠬᠤ ᠦᠶ᠋ᠯᠡᠴᠢᠯᠡᠭᠡᠨ᠎ᠦ ᠲᠣᠭᠣᠷᠢᠭ》᠎ᠲᠦ᠍ ᠦᠷᠭᠦᠯᠵᠢᠯᠡᠨ ᠪᠠᠷᠢᠮᠵᠢᠶᠠᠵᠢᠭ᠍ᠰᠠᠨ᠂ ᠵᠢᠷᠤᠮᠵᠢᠭ᠍ᠰᠠᠨ᠂ ᠬᠠᠢᠷ᠎ᠠ ᠬᠠᠯᠠᠮᠵᠢ᠎ᠲᠠᠶ ᠦᠶ᠋ᠯᠡᠴᠢᠯᠡᠭᠡ ᠬᠠᠩᠭᠠᠬᠤ ᠳ᠋ᠤ᠌ ᠪᠠᠲᠤ ᠪᠠᠬᠢ ᠴᠢᠳᠠᠪᠤᠷᠢᠲᠠᠨ ᠤ᠋ ᠰᠠᠭᠤᠷᠢ ᠢ᠋ᠢ ᠲᠠᠯᠪᠢᠵᠡᠢ᠃

ᠤᠯᠠᠭᠠᠨᠬᠠᠳᠠ ᠳ᠋ᠤ᠌᠂ 《15 ᠮᠢᠨᠦ᠋ᠲ᠎ᠲᠦ ᠬᠦᠷᠴᠦ᠍ ᠳᠡᠢᠯᠬᠦ᠌》 ᠪᠡᠷ ᠪᠠᠷᠢᠮᠵᠢᠶ᠎ᠠ ᠪᠣᠯᠭᠠᠭ᠍ᠰᠠᠨ᠂ ᠣᠨᠢᠨ ᠳᠡᠭᠡᠷ᠎ᠡ᠎ᠨᠢ ᠦᠶ᠋ᠯᠡᠴᠢᠯᠡᠬᠦ᠌᠎ᠪᠡᠷ ᠭᠤᠤᠯ ᠪᠣᠯᠭᠠᠭ᠍ᠰᠠᠨ᠂ ᠣᠯᠠᠨ ᠲᠦᠮᠡᠨ᠎ᠳᠦ ᠲᠠᠭᠠᠱᠢᠶᠠᠭ᠍ᠳᠠᠬᠤ ᠪᠡᠷ ᠬᠠᠷᠠᠯᠲᠠ ᠪᠣᠯᠭᠠᠭ᠍ᠰᠠᠨ ᠠᠵᠢᠯ ᠣᠯᠭᠣᠬᠤ ᠦᠶ᠋ᠯᠡᠴᠢᠯᠡᠭᠡᠨ᠎ᠦ ᠲᠤᠤᠷ ᠴᠡᠭ ᠨᠢᠭ᠍ᠲᠠᠷᠠᠵᠤ᠂ ᠠᠵᠢᠯ ᠣᠯᠭᠣᠬᠤ ᠦᠶ᠋ᠯᠡᠴᠢᠯᠡᠭᠡ ᠢ᠋ᠢ ᠦᠨᠡᠨ ᠬᠦ᠌ ᠣᠯᠠᠨ ᠲᠦᠮᠡᠨ᠎ᠦ 《ᠬᠡᠷ ᠤ᠋ᠨ ᠡᠭᠦᠳᠡᠨ》 ᠎ᠳ᠋ᠤ ᠬᠦᠷᠭᠡᠵᠦ᠍᠂ ᠣᠯᠠᠨ ᠲᠦᠮᠡᠨ᠎ᠦ ᠰᠡᠳᠭᠢᠯ᠎ᠳᠦ ᠬᠦᠷᠭᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号