ᠸᠠᠩ ᠸᠧᠢ ᠵᠦᠩ ᠬᠥᠬᠡᠬᠣᠲᠠ᠎ᠳᠤ ᠪᠠᠢᠴᠠᠭᠠᠨ ᠰᠤᠳᠤᠯᠬᠤ ᠳ᠋ᠠᠭᠠᠨ ᠴᠢᠬᠤᠯᠠᠴᠢᠯᠠᠭᠰᠠᠨ ᠨᠢ — ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ ᠠᠷᠠᠳ ᠲᠦᠮᠡᠨ᠎ᠳᠦ ᠪᠤᠶᠠᠨ ᠦᠢᠯᠡᠳᠬᠦ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠨᠡᠨ ᠬᠦ᠌ ᠠᠳᠬᠤᠨ ᠪᠣᠳᠠᠲᠠᠢ ᠠᠵᠢᠯᠯᠠᠬᠤ᠎ᠶᠢ ᠪᠠᠷᠢᠮᠲᠠᠯᠠᠵᠤ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠢ᠋ ᠨᠡᠮᠡᠭᠳᠡᠭᠦᠯᠬᠦ ᠬᠡᠷᠡᠭᠳᠠᠢ
2026-04-24 10:04:33
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 21 ᠡᠴᠡ 23 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠥᠩ ᠬᠥᠬᠡᠬᠣᠲᠠ᠎ᠳᠤ ᠭᠦᠨᠵᠡᠭᠡᠢᠷᠡᠨ ᠪᠠᠢᠴᠠᠭᠠᠨ ᠰᠤᠳᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ ᠵᠢ ᠪᠠᠷᠢᠮᠳᠠᠯᠠᠵᠤ᠂  ᠬᠤᠷᠳᠤᠴᠠ᠎ᠪᠠᠨ ᠲᠦᠷᠭᠡᠳᠬᠡᠵᠤ ᠦᠷ᠎ᠡ ᠪᠦᠲᠦᠮᠵᠢ᠎ᠪᠡᠨ ᠳᠡᠭᠡᠭᠰᠢᠯᠡᠭᠦᠯᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃


QQ20260424-100351.png


 4 ᠰᠠᠷ᠎ᠠ᠎ᠶᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠥᠩ ᠮᠸᠩ ᠨᠢᠦ ᠪᠦᠯᠦᠭᠯᠡᠯ ᠳ᠋ᠤ ᠠᠵᠤ ᠠᠬᠤᠢᠯᠠᠯ᠎ᠤᠨ ᠪᠥᠬᠥ᠌ ᠪᠥᠮᠪᠥᠷᠴᠡᠭ᠎ᠲᠠᠬᠢ ᠪᠠᠢᠷᠢᠱᠢᠭᠤᠯᠤᠯᠳᠠ᠂ ᠮᠡᠷᠭᠡᠵᠢᠯ᠎ᠦᠨ ᠰᠤᠳᠤᠯᠤᠨ ᠨᠡᠭᠡᠭᠡᠯᠲᠡ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠰᠣᠨᠣᠰᠴᠠᠢ᠃ 

ᠲᠤᠰ ᠰᠤᠨᠢᠨ ᠤ᠋ ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ


ᠬᠣᠲᠣᠩ ᠠᠷᠠᠳ᠎ᠤᠨ ᠲᠣᠭᠣᠷᠢᠭ᠋᠎ᠤᠨ ᠲᠦᠩ ᠳ᠋ᠤᠤ ᠵᠡᠭᠡᠯᠢ ᠭᠤᠳᠤᠮᠵᠢ᠎ᠶᠢᠨ ᠰᠠᠨ ᠱᠦᠨ ᠳ᠋ᠢᠶᠠᠨ ᠨᠡᠢᠭᠡᠮ ᠲᠣᠭᠣᠷᠢᠭ᠋ ᠪᠣᠯ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭ᠍ᠰᠠᠨ ᠨᠡᠢᠭᠡᠮ ᠲᠣᠭᠣᠷᠢᠭ᠋ ᠪᠣᠯᠣᠨ᠎ᠠ᠂ ᠨᠡᠢᠭᠡᠮ ᠲᠣᠭᠣᠷᠢᠭ᠋᠎ᠤᠨ ᠨᠠᠮ᠎ᠤᠨ ᠡᠭᠦᠷ ᠨᠢ ᠪᠦᠬᠦ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠢᠷᠠᠭᠤ ᠠᠯᠳᠠᠷ᠎ᠢ ᠬᠦᠷᠲᠡᠵᠦ ᠥᠩᠭᠡᠷᠡᠪᠡ᠃ ᠸᠠᠩ ᠸᠧᠢ ᠵᠥᠩ ᠨᠡᠢᠭᠡᠮ ᠲᠣᠭᠣᠷᠢᠭ᠋᠎ᠤᠨ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠬᠦᠷᠴᠦ᠂ ᠠᠷᠠᠳ᠎ᠤᠨ ᠪᠠᠢᠳᠠᠯ᠎ᠤᠨ ᠠᠵᠢᠯ᠎ᠤᠨ ᠡᠬᠡ ᠲᠠᠩᠰᠠ᠎ᠶᠢ ᠨᠠᠷᠢᠨ ᠪᠠᠢᠴᠠᠭᠠᠨ ᠦᠵᠡᠵᠦ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠲᠠᠢ ᠭᠦᠨᠵᠡᠭᠡᠢ ᠶᠠᠷᠢᠯᠴᠠᠪᠠ᠃ ᠲᠡᠷᠡ᠂ ᠨᠡᠢᠭᠡᠮ ᠲᠣᠭᠣᠷᠢᠭ᠋᠎ᠤᠨ ᠠᠵᠢᠯ ᠨᠢ ᠲᠦᠭ ᠲᠦᠮᠡᠨ ᠠᠢᠯ ᠡᠷᠦᠬᠡ᠎ᠲᠠᠢ ᠬᠤᠯᠪᠤᠬᠳᠠᠵᠤ ᠪᠠᠢᠳᠠᠭ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠨᠡᠢᠭᠡᠮ ᠲᠣᠭᠣᠷᠢᠭ᠋᠎ᠤᠨ ᠠᠵᠢᠯᠲᠠᠳ᠂ ᠨᠡᠢᠬᠡᠮ ᠲᠤᠭᠤᠷᠢᠭ᠎ᠤᠨ ᠬᠠᠷᠢᠶ᠎ᠠ ᠨᠠᠮ᠎ᠤᠨ ᠭᠡᠰᠢᠭᠦᠨ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠬᠦᠴᠦᠨ᠎ᠢ ᠨᠢᠭᠡᠳᠦᠯᠲᠡᠢ ᠲᠥᠯᠥᠪᠵᠢᠭᠦᠯᠦᠨ ᠳᠠᠶ᠋ᠢᠴᠢᠯᠠᠵᠤ᠂ ᠬᠠᠢᠷ᠎ᠠ ᠬᠠᠯᠠᠮᠵᠢᠳᠤ ᠠᠪᠤᠷᠠᠨ ᠲᠤᠰᠠᠯᠠᠬᠤ᠂ ᠠᠷᠠᠳ᠎ᠤᠨ ᠠᠮᠢᠳᠤᠷᠠᠯ᠎ᠤᠨ ᠲᠤᠨᠤᠭ ᠲᠥᠬᠦᠭᠡᠷᠦᠮᠵᠢ᠎ᠶᠢ ᠥᠭᠡᠷᠡᠴᠢᠯᠡᠨ ᠰᠠᠢᠵᠢᠷᠠᠭᠤᠯᠬᠤ ᠪᠠ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ᠎ᠶᠢ ᠨᠠᠷᠢᠯᠢᠭ᠍ᠵᠢᠭᠤᠯᠤᠨ ᠥᠷᠨᠢᠭᠦᠯᠵᠦ᠂ ᠰᠡᠳᠬᠢᠯ᠎ᠢ ᠳᠤᠯᠠᠭᠠᠴᠠᠭᠤᠯᠬᠤ ᠪᠣᠳᠠᠲᠤ ᠶᠠᠪᠤᠳᠠᠯ᠎ᠢ ᠰᠠᠢᠲᠤᠷ ᠬᠢᠬᠦ ᠬᠡᠷᠡᠭᠲᠡᠢ᠃ ᠬᠤᠳᠠ᠎ᠶᠢᠨ ᠵᠠᠰᠠᠯᠲᠠ᠎ᠶᠢᠨ ᠣᠳᠣᠬᠢᠴᠢᠯᠠᠯᠲᠠ᠎ᠶᠢ ᠵᠡᠷᠭᠡ᠎ᠳ᠋ᠤᠨᠢ ᠠᠬᠢᠭᠤᠯᠵᠤ᠂ 《ᠬᠠᠳᠬᠤᠮᠠᠯ ᠬᠠᠳᠬᠤᠬᠤ》 ᠨᠠᠷᠢᠯᠢᠭ ᠨᠢᠮᠪᠠᠢ ᠤᠪᠤᠷ᠎ᠢᠶᠡᠷ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠢ ᠥᠭᠡᠷᠡᠴᠢᠯᠡᠨ ᠰᠢᠨᠡᠳᠬᠡᠵᠦ᠂ ᠰᠠᠭᠤᠭᠠᠯᠢ ᠠᠷᠠᠳ᠎ᠤᠨ ᠦᠢᠯᠡᠴᠢᠯᠡᠭᠡᠨ᠎ᠦ ᠲᠤᠨᠤᠭ ᠲᠥᠬᠦᠭᠡᠷᠦᠮᠵᠢ᠎ᠶᠢᠨ ᠳᠤᠲᠠᠭᠤᠳᠠᠯ᠎ᠢ ᠨᠥᠬᠥᠪᠦᠷᠢᠯᠡᠬᠦ ᠬᠡᠷᠡᠭᠲᠡᠢ᠃ ᠨᠡᠩ ᠤᠯᠠᠨ ᠨᠢᠳᠤᠨ ᠳ᠋ᠤ ᠦᠵᠡᠭᠳᠡᠵᠤ ᠭᠠᠷ ᠲᠤ᠌ ᠪᠠᠷᠢᠭᠳᠠᠮ᠎ᠠ ᠠᠴᠢᠶᠠᠯᠠᠪᠤᠷᠢ ᠵᠢ ᠪᠤᠢ ᠪᠤᠯᠭᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠭᠦᠨᠵᠡᠭᠡᠢᠷᠡᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠨᠢᠭᠡ ᠭᠡᠷ ᠮᠡᠲᠦ ᠳᠣᠲᠣᠨᠣ᠌ ᠪᠠᠢᠬᠤ ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ ᠭᠡᠪᠡ᠃

ᠤᠬᠠᠭᠠᠨ ᠲᠸᠭᠨᠢᠭ ᠮᠡᠷᠭᠡᠵᠢᠯ᠎ᠦᠨ ᠺᠣᠮᠫᠠᠨᠢ᠎ᠳᠤ᠂ ᠸᠠᠩ ᠸᠧᠶ ᠵᠥᠩ ᠲᠥᠮᠥᠰᠥ᠍ ᠡᠳ᠋ᠱᠢᠭᠦᠯᠤᠨ ᠪᠤᠯᠪᠠᠰᠤᠷᠠᠭᠤᠯᠬᠤ ᠦᠶ᠋ᠯᠡᠳᠪᠦᠷᠢᠯᠡᠯ᠎ᠦᠨ ᠱᠤᠭᠤᠮ᠎ᠤᠨ ᠠᠵᠢᠯᠯᠠᠭᠠᠨ ᠪᠠ ᠦᠶ᠋ᠯᠡᠳᠬᠦᠨ᠎ᠦ ᠦᠵᠡᠭᠦᠯᠭᠡ᠎ᠶ᠋ᠢ ᠪᠠᠢᠴᠠᠭᠠᠨ ᠦᠵᠡᠵᠦ᠍᠂ ᠠᠵᠤ ᠠᠬᠤᠢᠯᠠᠯ᠎ᠤᠨ ᠬᠢᠨ᠎ᠢ 《ᠵᠢᠵᠢᠭ ᠲᠥᠮᠥᠰᠥ᠎ᠪᠡᠷ ᠲᠣᠮᠣ ᠠᠵᠤ ᠦᠶ᠋ᠯᠡᠰ ᠢ᠋ ᠰᠠᠢᠳᠤᠷ ᠴᠤᠬᠴᠠᠯᠠᠵᠤ》᠂ ᠲᠥᠮᠥᠰᠥ᠍ ᠵᠢ ᠨᠠᠷᠢᠯᠢᠭ ᠡᠳ᠋ᠱᠢᠭᠦᠯᠤᠨ ᠪᠤᠯᠪᠠᠰᠤᠷᠠᠭᠤᠯᠬᠤ᠎ᠶ᠋ᠢ ᠭᠦᠨᠵᠡᠭᠡᠢᠷᠡᠭᠦᠯᠵᠦ᠍᠂ ᠣᠯᠠᠨ ᠲᠦᠮᠡᠨ᠎ᠦ ᠡᠷᠡᠭᠦᠯ ᠮᠡᠨᠳᠦ᠍᠎ᠶ᠋ᠢᠨ ᠣᠯᠠᠨ ᠡᠱᠢᠲᠦ ᠢᠳᠡᠭᠡᠨ᠎ᠦ ᠬᠡᠷᠡᠭ᠌ᠯᠡᠭᠡᠨ᠎ᠦ ᠬᠡᠷᠡᠭ᠌ᠴᠡᠭᠡ ᠶ᠋ᠢ ᠬᠠᠩᠭᠠᠬᠤ ᠳᠤᠮᠳᠠ ᠭᠤᠤᠯᠯᠠᠬᠤ ᠥᠷᠢᠰᠦᠯᠳᠦᠬᠦ᠌ ᠬᠦᠴᠦᠨ ᠪᠠ ᠡᠵᠡᠩᠨᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠬᠦ ᠭᠡᠷᠡᠭᠳᠠᠢ ᠭᠡᠵᠤ ᠵᠤᠷᠢᠬᠵᠢᠭᠤᠯᠪᠠ᠃ ᠮᠸᠩ ᠨᠢᠤ ᠪᠦᠯᠦᠭ᠌ᠯᠡᠯ᠎ᠳᠦ᠂ ᠸᠠᠩ ᠸᠧᠶ ᠵᠥᠩ ᠠᠵᠤ ᠠᠬᠤᠢᠯᠠᠯ᠎ᠤᠨ ᠪᠥᠬᠥ᠌ ᠪᠥᠮᠪᠥᠷᠴᠡᠭ᠎ᠲᠠᠬᠢ ᠪᠠᠢᠷᠢᠱᠢᠭᠤᠯᠤᠯᠳᠠ᠂ ᠮᠡᠷᠭᠡᠵᠢᠯ᠎ᠦᠨ ᠰᠤᠳᠤᠯᠤᠨ ᠨᠡᠭᠡᠭᠡᠯᠲᠡ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠰᠣᠨᠣᠰᠴᠤ᠌᠂ ᠶᠠᠰᠤ ᠴᠢᠨᠠᠷ ᠪᠠ ᠠᠮᠤᠷ ᠲᠦᠪᠱᠢᠨ᠎ᠦ ᠪᠣᠭᠣᠮᠲᠠ᠎ᠶ᠋ᠢ ᠴᠢᠩᠭ᠎ᠠ ᠰᠠᠬᠢᠵᠤ᠂ ᠪᠡᠶ᠎ᠡ᠎ᠪᠡᠨ ᠳᠠᠭᠠᠭᠠᠭ᠍ᠰᠠᠨ ᠡᠵᠡᠮᠳᠡᠵᠦ᠍ ᠪᠣᠯᠬᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠪᠠᠢᠭᠤᠯᠵᠤ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠤ᠋ ᠠᠭᠤᠰᠤᠯᠴᠠᠯ᠎ᠢ ᠴᠢᠩᠭᠠᠳᠭᠠᠵᠤ᠂ ᠨᠠᠩ ᠣᠯᠠᠨ ᠴᠢᠨᠠᠷ ᠰᠠᠢᠲᠠᠶ ᠰᠦ ᠵᠢᠨ ᠦᠶ᠋ᠯᠡᠰ᠎ᠦᠨ ᠦᠶ᠋ᠯᠡᠳᠬᠦᠨ᠎ᠢ ᠦᠶ᠋ᠯᠡᠳᠪᠦᠷᠢᠯᠡᠵᠦ᠍᠂ ᠳᠡᠯᠡᠬᠡᠶ ᠳᠡᠭᠡᠷ᠎ᠡ ᠥᠷᠢᠰᠥᠯᠳᠦᠬᠦ᠌ ᠬᠦᠴᠦᠨ ᠪᠦᠬᠦᠢ ᠲᠡᠷᠢᠭᠦᠨ ᠵᠡᠷᠭᠡ᠎ᠶ᠋ᠢᠨ ᠰᠦ᠋ ᠵᠢᠨ ᠦᠶ᠋ᠯᠡᠰ᠎ᠦᠨ ᠲᠥᠷᠥᠯ ᠲᠡᠮᠳᠡᠭ᠎ᠢ ᠡᠬᠦᠳᠬᠦ ᠬᠡᠷᠡᠭ᠌ᠲᠡᠶ ᠭᠡᠵᠦ᠍ ᠴᠢᠬᠤᠯᠠᠴᠢᠯᠠᠪᠠ᠃ ᠴᠢᠩ ᠱᠦᠢ ᠾᠧ ᠱᠢᠶᠠᠨ᠎ᠤ ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠣᠯᠪᠠᠰᠤᠷᠠᠭᠤᠯᠬᠤ ᠬᠦᠷᠢᠶᠡᠯᠡᠩ᠎ᠳᠦ᠂ ᠸᠠᠩ ᠸᠧᠢ ᠵᠦᠩ ᠨᠠᠷᠢᠯᠢᠭ ᠡᠳ᠋ᠱᠢᠭᠦᠯᠦᠨ ᠪᠣᠯᠪᠠᠰᠤᠷᠠᠭᠤᠯᠵᠤ ᠪᠠᠢᠭ᠎ᠠ ᠪᠠᠢᠳᠠᠯ᠎ᠢ ᠨᠠᠷᠢᠨ ᠬᠢᠨᠠᠮᠠᠭᠠᠢ ᠣᠢᠯᠠᠭᠠᠵᠤ᠂ ᠠᠵᠤ ᠠᠬᠤᠢᠯᠠᠯ᠎ᠤᠨ ᠬᠢᠨ᠎ᠢ ᠨᠡᠩ ᠤᠯᠠᠨ ᠪᠣᠷᠣᠯᠠᠭᠤᠯᠭ᠎ᠠ ᠰᠠᠢᠲᠠᠢ ᠱᠢᠨ᠎ᠡ ᠦᠢᠯᠡᠳᠬᠦᠨ᠎ᠢ ᠨᠡᠭᠡᠭᠡᠨ ᠬᠥᠭ᠌ᠵᠢᠭᠦᠯᠵᠦ᠍᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢᠨ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠥᠷᠭᠡᠳᠭᠡᠵᠦ᠍᠂ ᠲᠠᠷᠢᠶᠠᠴᠢᠨ᠎ᠲᠠᠶ ᠬᠣᠯᠪᠣᠭᠠᠯᠠᠨ ᠲᠠᠷᠢᠶᠠᠴᠢᠨ ᠢ᠋ ᠳᠠᠢᠴᠢᠯᠠᠬᠤ ᠦᠢᠯᠡᠳᠦᠯ᠎ᠢᠶᠡᠨ ᠪᠠᠳᠠᠷᠠᠭᠤᠯᠵᠤ᠂ ᠠᠵᠤ ᠠᠬᠤᠢᠯᠠᠯ᠎ᠤᠨ ᠦᠷ᠎ᠡ ᠠᠱᠢᠭ᠎ᠢᠶᠡᠨ ᠲᠡᠭᠡᠭᠰᠢᠯᠡᠬᠦᠯᠵᠤ᠂ ᠤᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠬᠦᠰᠡᠪᠡ᠃ ᠪᠠᠢᠴᠠᠭᠠᠨ ᠰᠤᠳᠤᠯᠬᠤ ᠳᠤᠮᠳᠠ᠂ ᠸᠠᠩ ᠸᠧᠶ ᠵᠥᠩ ᠬᠥᠬᠡᠬᠣᠲᠠ ᠵᠢᠨ ᠬᠢᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠥᠲᠥᠭᠡᠨ ᠪᠠᠢᠭᠤᠯᠬᠤ ᠠᠱᠢᠭ᠍ᠲᠠᠶ ᠠᠵᠠ ᠲᠣᠬᠢᠶᠠᠯ᠎ᠢ ᠠᠮᠵᠢᠵᠤ᠂ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠲᠦᠷᠢᠮ᠎ᠲᠡᠶ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠲᠦᠷᠢᠮ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠦᠨᠡᠨ ᠰᠡᠳᠭᠢᠯ᠎ᠡᠴᠡ᠎ᠪᠡᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠬᠦᠴᠢᠷᠳᠡᠯ᠎ᠢ᠎ᠨᠢ ᠱᠢᠶ᠋ᠳᠪᠦᠷᠢᠯᠡᠵᠦ᠍᠂ ᠠᠵᠤ ᠠᠬᠤᠢᠯᠠᠯ᠎ᠤᠨ《ᠭᠠᠷᠴᠤ᠌ ᠶᠠᠪᠤᠵᠤ》 ᠵᠠᠬ᠎ᠠ ᠳᠡᠯᠭᠡᠭᠦᠷ᠎ᠵᠢᠡᠨ ᠥᠷᠭᠡᠳᠭᠡᠵᠦ᠍᠂ ᠨᠡᠮᠡᠭ᠌ᠳᠡᠯ᠎ᠵᠢᠡᠨ ᠪᠤᠵᠠᠭᠠᠢᠷᠠᠭᠤᠯᠬᠤ ᠵᠢ ᠵᠤᠷᠢᠬᠵᠢᠭᠤᠯᠤᠨ ᠬᠦᠳᠤᠯᠤᠨ ᠵᠢᠯᠤᠭᠤᠳᠬᠤ ᠬᠡᠷᠡᠭ᠌ᠲᠡᠶ ᠭᠡᠵᠦ᠍ ᠵᠠᠬᠢᠪᠠ᠃

ᠴᠢᠩ ᠱᠦᠶ ᠾᠧ ᠱᠢᠶᠠᠨ᠎ᠤ ᠴᠸᠩ ᠭᠤᠸᠠᠨ ᠪᠠᠯᠭᠠᠰᠤᠨ᠎ᠤ ᠼᠤᠤ ᠵᠢᠶᠠ ᠭᠸᠦ ᠲᠣᠰᠭᠣᠨ᠎ᠳᠤ᠂ ᠸᠠᠩ ᠸᠧᠶ ᠵᠥᠩ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ᠎ᠤ ᠵᠠᠰᠠᠯᠲᠠ᠂ ᠬᠦᠴᠢᠷᠳᠡᠯᠲᠡᠶ ᠣᠯᠠᠨ ᠲᠦᠮᠡᠨ᠎ᠦ ᠠᠮᠢᠳᠤᠷᠠᠯ᠎ᠤᠨ ᠪᠠᠲᠤᠯᠠᠭ᠎ᠠ ᠵᠡᠷᠭᠡ ᠪᠠᠢᠳᠠᠯ᠎ᠢ ᠨᠠᠷᠢᠨ ᠠᠰᠠᠭᠤᠪᠠ᠃ ᠲᠡᠷᠡ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳᠠᠭᠠᠭᠤᠯᠤᠭ᠍ᠴᠢ ᠪᠣᠯᠤᠨ᠎ᠠ᠂ ᠳᠠᠢᠴᠢᠨ ᠪᠡᠬᠢᠯᠡᠯᠲᠡ᠎ᠶ᠋ᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠣᠯᠠᠨ ᠲᠦᠮᠡᠨ᠎ᠢ ᠳᠠᠭᠠᠭᠤᠯᠤᠨ ᠠᠵᠤ ᠠᠬᠤᠶ᠎ᠶ᠋ᠢ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠵᠠᠰᠠᠯᠲᠠ᠎ᠶ᠋ᠢ ᠰᠠᠢᠲᠤᠷ ᠬᠢᠵᠦ᠍᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠰᠠᠢᠲᠤᠷ ᠬᠢᠵᠦ᠍᠂ ᠣᠨᠴᠠ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠵᠦᠶ᠋ᠯ᠎ᠢ ᠪᠠᠲᠤᠯᠠᠬᠤ᠎ᠶ᠋ᠢ ᠴᠢᠩᠭᠠᠳᠭᠠᠵᠤ᠂ ᠨᠠᠮ᠎ᠤᠨ ᠰᠠᠢᠨ ᠲᠥᠷᠥ᠎ᠶ᠋ᠢᠨ ᠪᠣᠳᠣᠯᠭ᠎ᠠ᠎ᠶ᠋ᠢ ᠣᠯᠠᠨ ᠲᠦᠮᠡᠨ᠎ᠦ ᠳᠤᠮᠳᠠ ᠣᠨᠣᠪᠴᠢᠲᠠᠶ ᠳᠠᠮᠵᠢᠭᠤᠯᠵᠤ᠂ ᠣᠯᠠᠨ ᠲᠦᠮᠡᠨ᠎ᠤ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠵᠤ ᠤᠷᠤᠬᠰᠢᠯᠠᠬᠤ᠎ᠶ᠋ᠢ ᠬᠥᠲᠥᠯᠥᠨ ᠵᠢᠯᠣᠭᠣᠳᠭᠤ ᠬᠡᠷᠡᠭ᠌ᠲᠡᠶ ᠭᠡᠪᠡ᠃ ᠸᠠᠩ ᠸᠧᠶ ᠵᠥᠩ ᠪᠠᠰᠠ ᠲᠣᠰᠭᠣᠨ᠎ᠤ ᠨᠡᠢᠲᠡ᠎ᠶ᠋ᠢᠨ ᠬᠡᠷᠡᠭ᠌ᠯᠡᠭᠡᠨ᠎ᠦ ᠤᠰᠤᠨ ᠵᠣᠭᠣᠷᠢ᠎ᠶ᠋ᠢ ᠪᠠᠢᠴᠠᠭᠠᠨ ᠦᠵᠡᠵᠦ᠍᠂ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠲᠥᠪᠯᠡᠷᠡᠭᠦᠯᠦᠨ ᠤᠰᠤ ᠬᠠᠩᠭᠠᠬᠤ ᠪᠠ ᠲᠠᠷᠠᠬᠠᠶ ᠪᠤᠲᠠᠷᠬᠠᠶ ᠤᠰᠤ ᠬᠠᠩᠭᠠᠬᠤ᠎ᠶ᠋ᠢ ᠬᠠᠮᠵᠢᠯᠴᠠᠭᠤᠯᠵᠤ᠂ ᠲᠤᠨᠤᠭ ᠲᠥᠬᠥᠭᠡᠷᠦᠮᠵᠢ᠎ᠶ᠋ᠢᠨ ᠡᠳᠦᠷ ᠲᠤᠲᠤᠮ᠎ᠤᠨ ᠬᠠᠮᠢᠶᠠᠷᠤᠯᠲᠠ ᠬᠠᠮᠠᠭᠠᠯᠠᠯᠲᠠ᠎ᠶ᠋ᠢ ᠰᠠᠢᠲᠤᠷ ᠬᠢᠵᠦ᠍᠂ ᠣᠯᠠᠨ ᠲᠦᠮᠡᠨ᠎ᠦ ᠤᠤᠭᠤᠬᠤ ᠤᠰᠤᠨ᠎ᠤ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃ ᠸᠠᠩ ᠸᠧᠶ ᠵᠦᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠮᠠᠰᠢ ᠠᠩᠬᠠᠷᠤᠨ ᠬᠠᠯᠠᠮᠵᠢᠯᠠᠵᠤ ᠪᠠᠢᠨ᠎ᠠ᠃ ᠦᠴᠦᠸᠠᠨ ᠱᠢᠶᠠᠨ᠎ᠤ ᠬᠦᠬᠡ ᠡᠷᠭᠢ ᠪᠠᠯᠭᠠᠰᠤ᠎ᠶ᠋ᠢᠨ ᠲᠡᠭᠡᠷᠮᠡᠲᠦ ᠲᠣᠰᠭᠣᠨ᠎ᠳᠤ᠂ ᠸᠠᠩ ᠸᠧᠢ ᠵᠦᠩ ᠲᠠᠷᠢᠶᠠᠨ ᠭᠠᠵᠠᠷ᠎ᠲᠤ ᠠᠯᠬᠤᠨ ᠣᠷᠣᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢᠨ ᠬᠣᠯᠪᠣᠭ᠍ᠳᠠᠯ ᠪᠦᠬᠦᠢ ᠪᠠᠢᠳᠠᠯ᠎ᠢ ᠨᠠᠷᠢᠨ ᠣᠢᠯᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢ ᠴᠢᠨᠠᠷ ᠰᠠᠢᠲᠠᠢ ᠠᠬᠢᠭᠤᠯᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠂ ᠱᠢᠯᠭᠠᠨ ᠠᠪᠬᠤ᠂ ᠬᠠᠮᠢᠶᠠᠷᠤᠨ ᠬᠠᠮᠠᠭᠠᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠢᠬᠡ ᠨᠢᠭᠡ ᠬᠡᠰᠡᠭ᠎ᠢᠶᠡᠷ ᠪᠦᠳᠦᠬᠡᠨ ᠪᠠᠢᠭᠤᠯᠵᠤ ᠪᠦᠳᠦᠮᠵᠢᠳᠡᠢ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠡᠯ᠎ᠡ ᠭᠠᠵᠠᠷ᠎ᠤᠨ᠎ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠲᠡᠶ ᠤᠶᠠᠯᠳᠤᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠪᠠᠷᠢᠯᠭ᠎ᠠ᠎ᠶ᠋ᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌᠂ ᠪᠠᠯᠠ ᠮᠥᠩᠭᠥ᠌ ᠬᠡᠷᠡᠭ᠌ᠯᠡᠬᠦ᠌᠂ ᠪᠠᠷᠢᠯᠭ᠎ᠠ᠎ᠶ᠋ᠢᠨ ᠠᠵᠢᠯ᠎ᠢ ᠱᠢᠯᠭᠠᠨ ᠠᠪᠬᠤ ᠵᠡᠷᠭᠡ᠎ᠶ᠋ᠢ ᠴᠢᠩᠭ᠎ᠠ ᠠᠩᠬᠠᠷᠴᠤ᠌ ᠬᠡᠷᠡᠭ᠎ᠢ ᠪᠠᠢᠴᠠᠭᠠᠨ ᠱᠢᠶ᠋ᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠭ᠍ᠰᠠᠨ ᠪᠣᠳᠠᠲᠤ ᠦᠷ᠎ᠡ ᠪᠦᠲᠦᠮᠵᠢ᠎ᠪᠡᠷ ᠠᠮᠤ ᠪᠤᠳᠠᠭᠠᠨ᠎ᠤ ᠠᠮᠤᠷ ᠲᠦᠪᠱᠢᠨ᠎ᠦ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠸᠠᠩ ᠸᠧᠶ ᠵᠥᠩ ᠦᠬᠡᠷ ᠲᠤᠬᠤᠢ ᠬᠠᠲᠤᠨ ᠭᠤᠤᠯ᠎ᠤᠨ ᠶᠡᠬᠡ ᠬᠠᠪᠴᠢᠯ᠂ ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠵᠢᠭ ᠪᠠᠯᠭᠠᠰᠤᠨ᠎ᠳᠤ ᠬᠦᠷᠴᠦ᠍᠂ ᠠᠮᠢ ᠠᠬᠤᠶ᠎ᠶ᠋ᠢᠨ ᠬᠠᠮᠠᠭᠠᠯᠠᠯᠲᠠ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠬᠥᠭ᠌ᠵᠢᠯᠲᠡ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂《ᠤᠯᠤᠰ᠎ᠤᠨ ᠶᠡᠬᠡ ᠶᠠᠪᠤᠳᠠᠯ》᠎ᠢ᠋ ᠪᠠᠲᠤ ᠴᠡᠭᠡᠵᠢᠯᠡᠵᠦ᠍᠂ ᠰᠠᠪᠠ ᠭᠠᠵᠠᠷ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢ ᠭᠦᠨᠵᠡᠭᠡᠶ ᠠᠬᠢᠭᠤᠯᠵᠤ᠂ ᠬᠥᠷᠥᠰᠥ᠍ ᠱᠢᠷᠣᠶ᠎ᠶ᠋ᠢ ᠬᠠᠮᠠᠭᠠᠯᠠᠬᠤ ᠪᠠ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠶ᠋ᠢ ᠲᠣᠪᠣᠢᠮ᠎ᠠ ᠰᠠᠢᠲᠤᠷ ᠠᠳᠭᠤᠵᠤ᠂ ᠬᠠᠲᠤᠨ ᠭᠤᠤᠯ᠎ᠤᠨ ᠠᠮᠤᠷ ᠲᠦᠪᠱᠢᠨ᠎ᠢ ᠰᠠᠬᠢᠨ ᠬᠠᠮᠠᠭᠠᠯᠠᠬᠤ ᠬᠡᠷᠡᠭ᠌ᠲᠡᠶ᠃ ᠲᠠᠷᠢᠶᠠᠯᠠᠩ ᠮᠠᠯ ᠠᠵᠤ ᠠᠬᠤᠢ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭᠠᠨ᠎ᠤ ᠭᠦᠨᠵᠡᠭᠡᠢ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠬᠠᠳᠤᠨ ᠭᠣᠣᠯ᠎ᠤᠨ ᠰᠣᠶᠣᠯ᠎ᠤᠨ ᠠᠭᠤᠯᠤᠭ᠍ᠳᠠᠬᠤᠨ᠎ᠢ ᠠᠭᠤᠳᠠᠯᠤᠨ ᠲᠠᠢᠯᠪᠤᠷᠢᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠠᠮᠠᠭᠠᠯᠠᠵᠤ ᠠᠱᠢᠭ᠍ᠯᠠᠬᠤ᠎ᠶ᠋ᠢ ᠴᠢᠩᠭᠠᠳᠭᠠᠨ᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡᠨ᠎ᠦ ᠡᠵᠡᠩᠨᠡᠯᠲᠡ᠎ᠶ᠋ᠢᠨ ᠬᠡᠯᠪᠡᠷᠢ᠎ᠶ᠋ᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠵᠢᠭᠤᠯᠴᠢᠯᠠᠯ᠎ᠤᠨ ᠰᠠᠭᠤᠷᠢ ᠲᠥᠬᠥᠭᠡᠷᠦᠮᠵᠢ᠎ᠶ᠋ᠢ ᠲᠡᠭᠦᠯᠳᠡᠷᠵᠢᠭᠦᠯᠦᠨ᠂ ᠨᠠᠷᠢᠯᠢᠬ᠍ᠵᠢᠭᠤᠯᠤᠭ᠍ᠰᠠᠨ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍᠂ ᠠᠳᠠᠯᠢ ᠪᠤᠰᠤ ᠵᠢᠭᠤᠯᠴᠢᠯᠠᠭ᠍ᠰᠠᠳ᠎ᠤᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠤᠳᠠᠯ ᠦᠬᠡᠢ 《5·1》 ᠤ᠋ ᠳᠡᠯᠡᠬᠡᠶ᠎ᠶ᠋ᠢᠨ ᠬᠥᠳᠡᠯᠮᠦᠷᠢᠴᠢᠳ᠎ᠦᠨ ᠪᠠᠶᠠᠷ ᠬᠦᠷᠴᠤ ᠢᠷᠡᠬᠦ ᠪᠤᠯᠤᠨ᠎ᠠ᠂ ᠸᠠᠩ ᠸᠧᠶ ᠵᠥᠩ᠂ ᠡᠯ᠎ᠡ ᠱᠠᠲᠤᠨ᠎ᠤ᠎ᠬᠢᠨ ᠠᠶᠤᠯᠭᠦᠶ ᠦᠶ᠋ᠯᠡᠳᠪᠦᠷᠢᠯᠡᠯ᠎ᠢ ᠥᠴᠦᠬᠡᠨ ᠴᠦ᠍ ᠰᠤᠯᠠᠷᠠᠭᠤᠯᠤᠯ ᠥᠬᠡᠶ ᠰᠠᠢᠲᠤᠷ ᠠᠳᠭᠤᠵᠤ᠂ ᠦᠵᠡᠮᠵᠢ᠎ᠶ᠋ᠢᠨ ᠣᠷᠣᠨ ᠦᠵᠡᠮᠵᠢ᠎ᠶ᠋ᠢᠨ ᠴᠡᠭ᠂ ᠵᠠᠮ ᠬᠠᠷᠢᠯᠴᠠᠭ᠎ᠠ ᠲᠡᠭᠡᠭᠡᠪᠦᠷᠢ᠂ ᠦᠶ᠋ᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭ᠎ᠠ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠪᠣᠯᠤᠨ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ ᠭᠠᠵᠠᠷ᠎ᠢ ᠴᠢᠩᠭ᠎ᠠ ᠠᠩᠬᠠᠷᠴᠤ᠌᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠵᠢᠨ ᠬᠡᠮ ᠰᠣᠭᠣᠭ᠎ᠢ ᠪᠠᠢᠩᠭᠤ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠣᠯᠤᠨ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠯᠢᠦ ᠱᠤᠸᠠᠩ᠂ ᠢᠦᠶ ᠬᠣᠶ ᠸᠸᠨ᠂ ᠴᠢ᠊ ᠪᠠᠲᠤ ᠲᠣᠰ ᠲᠣᠰ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号