ᠪᠦᠦ ᠭᠠᠩ ᠴᠢᠬᠤᠯᠠ ᠶᠡᠬᠡ ᠲᠦᠷᠦᠯ ᠵᠦᠢᠯ ᠢ᠋ ᠬᠠᠮᠳᠤᠷᠠᠨ ᠬᠢᠨᠠᠵᠤ ᠬᠠᠮᠳᠤᠷᠠᠨ ᠵᠦᠪᠰᠢᠶᠡᠷᠡᠬᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠤᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶᠠᠨ᠎ᠤ ᠠᠵᠢᠯ ᠢ᠋ ᠪᠠᠢᠴᠠᠭᠠᠨ ᠰᠤᠳᠤᠯᠪᠠ
2026-04-24 10:08:53
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 23 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢᠯ᠎ᠢ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠠᠵᠢᠯ᠎ᠤᠨ ᠲᠣᠭᠲᠠᠴᠠ᠎ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠪᠠ ᠬᠥᠬᠡᠬᠣᠲᠠ ᠬᠣᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶᠠᠨ᠎ᠤ ᠲᠥᠪ᠎ᠲᠦ ᠬᠦᠷᠴᠦ ᠪᠠᠢᠴᠠᠭᠠᠨ ᠰᠤᠳᠤᠯᠪᠡ᠃

ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠦᠷᠦᠯ ᠵᠦᠢᠯ᠎ᠢ ᠬᠠᠮᠳᠤᠷᠠᠨ ᠬᠢᠨᠠᠵᠤ ᠬᠠᠮᠳᠤᠷᠠᠨ ᠵᠦᠪᠰᠢᠶᠡᠷᠡᠬᠦ ᠠᠵᠢᠯ᠎ᠤᠨ ᠲᠣᠭᠲᠠᠴᠠ᠎ᠶᠢᠨ ᠠᠯᠪᠠᠨ ᠭᠡᠷ᠎ᠲᠦ᠂ ᠪᠦᠦ ᠭᠠᠩ ᠲᠦᠷᠦᠯ ᠵᠦᠢᠯ᠎ᠢ ᠬᠢᠨᠠᠨ ᠵᠥᠪᠰᠢᠶᠡᠷᠡᠬᠦ᠂ ᠲᠦᠷᠦᠯ ᠵᠦᠢᠯ᠎ᠤᠨ ᠨᠥᠭᠡᠴᠡᠯᠡᠯᠳᠠ ᠵᠢᠨ ᠪᠠᠢᠳᠠᠯ᠎ᠤᠨ ᠲᠠᠨᠢᠯᠴᠠᠭᠤᠯᠭ᠎ᠠ᠎ᠶᠢ ᠰᠣᠨᠣᠰᠪᠠ᠃ ᠲᠡᠷᠡ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠲᠣᠭᠲᠠᠴᠠ ᠪᠣᠯ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢᠯ᠎ᠢ ᠬᠢᠨᠠᠨ ᠵᠥᠪᠰᠢᠶᠡᠷᠡᠬᠦ ᠠᠵᠢᠯ᠎ᠤᠨ ᠴᠢᠬᠤᠯᠠ ᠶᠡᠬᠡ ᠥᠭᠡᠷᠡᠴᠢᠯᠡᠯᠲᠡ ᠪᠣᠯᠣᠨ᠎ᠠ᠂ ᠬᠡᠳᠦᠨ ᠰᠠᠷ᠎ᠠ᠎ᠶᠢᠨ ᠴᠢᠷᠮᠠᠢᠯᠭ᠎ᠠ᠎ᠪᠠᠷ ᠳᠡᠮᠵᠢᠨ᠂ ᠡᠨᠡ ᠵᠢᠯ᠎ᠦᠨ ᠲᠥᠷᠥᠯ ᠵᠦᠢᠯ᠎ᠦᠨ ᠭᠠᠷᠳᠠᠮ᠎ᠢ ᠭᠦᠢᠴᠡᠳᠬᠡᠭᠰᠡᠨ ᠨᠣᠷᠮ᠎ᠠ ᠨᠢᠭᠡᠨᠲᠡ 86% ᠎ᠳ᠋ᠤ ᠬᠦᠷᠴᠦ᠂ ᠳᠡᠭᠡᠷ᠎ᠡ ᠬᠠᠭᠠᠰ ᠵᠢᠯ᠎ᠦᠨ ᠴᠢᠬᠤᠯᠠ ᠶᠡᠬᠡ ᠲᠥᠷᠥᠯ ᠵᠦᠢᠯ᠎ᠢ ᠴᠠᠭ ᠲᠤᠬᠠᠢ ᠳ᠋ᠤᠨᠢ ᠪᠠᠷᠢᠯᠭ᠎ᠠ ᠡᠬᠢᠯᠡᠭᠦᠯᠬᠦ᠎ᠶᠢ ᠠᠬᠢᠭᠤᠯᠪᠠ᠃ ᠲᠠᠷᠠᠭᠠᠴᠢ᠎ᠶᠢᠨ ᠠᠯᠬᠤᠮ᠎ᠳᠤ ᠴᠢᠷᠮᠠᠢᠭᠰᠠᠨ ᠳᠡᠭᠡᠷ᠎ᠡ᠎ᠪᠡᠨ ᠴᠢᠷᠮᠠᠢᠵᠤ᠂ ᠳᠣᠣᠷ᠎ᠠ ᠬᠠᠭᠠᠰ ᠵᠢᠯ᠎ᠳᠦ ᠪᠠᠷᠢᠯᠭ᠎ᠠ ᠡᠬᠢᠯᠡᠭᠦᠯᠬᠦ᠎ᠪᠡᠷ ᠲᠥᠯᠥᠪᠯᠡᠵᠦ ᠪᠠᠢᠭ᠎ᠠ ᠲᠥᠷᠥᠯ ᠵᠦᠢᠯ᠎ᠢ ᠴᠢᠩᠭ᠎ᠠ ᠠᠩᠬᠠᠷᠴᠤ᠂ 8 ᠰᠠᠷ᠎ᠠ᠎ᠶᠢᠨ ᠡᠴᠦᠰ᠎ᠡᠴᠡ ᠡᠮᠦᠨ᠎ᠡ ᠪᠥᠬᠥ ᠭᠠᠷᠳᠠᠮ᠎ᠢ ᠭᠦᠢᠴᠡᠳᠬᠡᠵᠤ ᠲᠠᠭᠤᠰᠬᠠᠬᠤ᠎ᠶᠢ ᠪᠠᠲᠤᠯᠠᠬᠤ ᠬᠡᠷᠡᠭᠲᠡᠢ ᠭᠡᠵᠠᠢ᠃

ᠥᠪᠡᠷᠲᠡᠭᠡᠨ ᠵᠠᠰᠠᠬᠤ ᠣᠷᠣᠨ ᠪᠠ ᠬᠥᠬᠡᠬᠣᠲᠠ ᠬᠣᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠢᠩᠬᠢᠮ᠎ᠳᠦ᠂ ᠪᠦᠦ ᠭᠠᠩ ᠬᠠᠤᠯᠢ᠎ᠶᠢᠨ ᠡᠷᠬᠡᠲᠡᠨ ᠎ᠳᠤ ᠤᠢᠯᠡᠴᠢᠯᠡᠬᠥ ᠂ ᠬᠤᠪᠢ ᠬᠥᠮᠥᠨ᠎ᠳᠤ ᠤᠢᠯᠡᠴᠢᠯᠡᠬᠥ  ᠂ ᠲᠥᠷᠥᠯ ᠵᠦᠢᠯ᠎ᠢ ᠬᠢᠨᠠᠨ ᠵᠥᠪᠰᠢᠶᠡᠷᠡᠬᠦ ᠵᠡᠷᠭᠡ ᠲᠤᠬᠠᠢᠯᠠᠭᠰᠠᠨ ᠠᠵᠢᠯ᠎ᠤᠨ ᠶᠠᠪᠤᠴᠠ ᠵᠢ ᠲᠤᠬᠠᠢ᠎ᠶᠢᠨ ᠭᠠᠵᠠᠷ ᠲᠤᠨᠢ ᠣᠢᠯᠠᠭᠠᠬᠤ᠎ᠶᠢᠨ ᠬᠠᠮᠲᠤ᠂ ᠠᠵᠢᠯ ᠶᠠᠪᠤᠳᠠᠯ ᠭᠦᠢᠴᠡᠳᠬᠡᠵᠤ ᠪᠠᠢᠭᠰᠠᠨ ᠣᠯᠠᠨ ᠲᠦᠮᠡᠨ᠎ᠲᠠᠢ ᠶᠠᠷᠢᠯᠴᠠᠵᠤ᠂ ᠦᠢᠯᠡᠴᠢᠯᠡᠭᠡ ᠳ᠋ᠤ ᠬᠠᠨᠤᠮᠵᠢ᠎ᠲᠠᠢ ᠪᠠᠢᠬᠤ ᠬᠡᠮᠵᠢᠶ᠎ᠡ᠎ᠶᠢ ᠯᠠᠪᠯᠠᠨ ᠠᠰᠠᠭᠤᠵᠠᠢ᠃ ᠲᠡᠷᠡ᠂ ᠵᠠᠰᠠᠭ ᠵᠠᠬᠢᠷᠭᠠᠨ᠎ᠤ ᠡᠷᠬᠡ᠎ᠶᠢᠨ ᠨᠠᠷᠢᠨ ᠲᠠᠩᠰᠠ᠎ᠶᠢ ᠡᠮᠬᠢᠯᠡᠵᠦ᠂ ᠵᠠᠰᠠᠭ ᠵᠠᠬᠢᠷᠭᠠᠨ᠎ᠤ ᠵᠥᠪᠰᠢᠶᠡᠷᠡᠯ᠎ᠦᠨ ᠵᠦᠢᠯᠡᠰ᠎ᠢ ᠴᠣᠮᠬᠠᠳᠬᠠᠭᠰᠠᠨ ᠰᠠᠭᠤᠷᠢᠨ ᠳᠡᠭᠡᠷ᠎ᠡ᠂ ᠬᠢᠨᠠᠨ ᠵᠥᠪᠰᠢᠶᠡᠷᠡᠬᠦ ᠡᠷᠬᠡ ᠵᠢ ᠤᠯᠠᠮ ᠨᠢᠭᠡ ᠠᠯᠬᠤᠮ ᠳᠣᠷᠣᠭ᠍ᠰᠢ ᠪᠠᠭᠤᠯᠭᠠᠵᠤ᠂ ᠬᠢᠨᠠᠨ ᠵᠥᠪᠰᠢᠶᠡᠷᠡᠬᠦ ᠶᠠᠪᠤᠴᠠ᠎ᠶᠢ ᠰᠢᠯᠢᠳᠡᠭᠵᠢᠭᠦᠯᠵᠦ᠂ ᠳᠠᠪᠬᠤᠷᠳᠠᠭᠤᠯᠵᠤ ᠬᠢᠬᠦ ᠠᠵᠢᠯ᠎ᠢ ᠪᠠᠭᠠᠰᠬᠠᠵᠤ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠥᠷᠲᠡᠭᠡ᠎ᠳᠦ ᠭᠦᠢᠴᠡᠳᠬᠡᠬᠦ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃

12345 ᠰᠠᠨᠠᠯ  ᠲᠤᠭᠠᠴᠢᠯᠳᠠ ᠵᠢ ᠬᠦᠯᠢᠶᠡᠨ ᠠᠪᠴᠤ ᠲᠠᠷᠠ ᠲᠤᠤᠷ᠎ᠠ ᠨᠢ ᠰᠢᠢᠳᠪᠦᠷᠢᠯᠡᠬᠦ ᠦᠢᠯᠡᠴᠢᠯᠡᠭᠡᠨ᠎ᠦ ᠲᠥᠪ᠎ᠲᠦ᠂ ᠪᠦᠦ ᠭᠠᠩ ᠤᠲᠠᠰᠤ ᠢᠷᠡᠭᠦᠯᠦᠭᠰᠡᠨ ᠲᠣᠭ᠎ᠠ ᠬᠡᠮᠵᠢᠶ᠎ᠡ᠂ ᠭᠤᠮᠤᠳᠠᠯ ᠲᠤᠭᠠᠴᠢᠯᠳᠠ ᠲᠥᠪᠯᠡᠷᠡᠵᠤ ᠪᠠᠢᠭ᠎ᠠ ᠬᠦᠷᠢᠶ᠎ᠡ ᠴᠠᠷᠠᠭ᠎ᠠ᠎ᠶᠢ ᠨᠠᠷᠢᠨ ᠠᠰᠠᠭᠤᠵᠤ᠂ ᠬᠦᠰᠡᠯ ᠱᠠᠭᠠᠷᠳᠠᠯᠭ᠎ᠠ᠎ᠶᠢ ᠭᠥᠯᠢᠶᠡᠨ ᠠᠪᠴᠤ ᠰᠢᠢᠳᠪᠦᠷᠢᠯᠡᠬᠦ᠂ ᠬᠦᠰᠡᠯ ᠱᠠᠭᠠᠷᠳᠠᠯᠭ᠎ᠠ ᠵᠢᠨ ᠲᠤᠬᠠᠢ ᠵᠠᠬᠢᠶᠠᠯᠠᠭ᠎ᠠ ᠵᠢ ᠲᠤᠰᠢᠶᠠᠬᠤ᠂ ᠱᠠᠯᠠᠪᠳᠠᠭᠤᠯᠤᠨ ᠰᠢᠢᠳᠪᠦᠷᠢᠯᠡᠭᠦᠯᠬᠦ᠂ ᠬᠠᠷᠢᠭᠤ ᠰᠤᠷᠪᠤᠯᠵᠢᠯᠠᠬᠤ ᠪᠦᠬᠦ ᠬᠡᠯᠬᠢᠶᠡᠨ᠎ᠦ ᠲᠣᠭᠲᠠᠴᠠ᠎ᠶᠢ ᠲᠡᠭᠦᠯᠳᠡᠷᠵᠢᠭᠦᠯᠵᠦ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠪᠣᠯᠣᠨ ᠵᠦᠢ ᠵᠣᠬᠢᠰᠲᠠᠢ ᠬᠦᠰᠡᠯ ᠱᠠᠭᠠᠷᠳᠠᠯᠭ᠎ᠠ᠎ᠶᠢ ᠦᠨᠡᠨ ᠬᠦ᠌ ᠰᠠᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶᠠᠨ᠎ᠤ ᠲᠥᠪ᠎ᠲᠦ᠂ ᠪᠦᠦ ᠭᠠᠩ 《ᠪᠥᠬᠥ ᠣᠷᠣᠨ ᠵᠢᠡᠷ ᠵᠢᠡᠨ ᠨᠢᠭᠡ ᠰᠦᠯᠵᠢᠶ᠎ᠡ 》 ᠵᠢᠨ ᠪᠦᠲᠦᠭᠡᠨ ᠪᠠᠢᠭᠤᠯᠤᠯᠲᠠ᠂ ᠠᠯᠤᠰ ᠡᠴᠡ ᠣᠨᠳᠣᠣ ᠭᠠᠵᠠᠷ᠎ᠲᠤ ᠳᠠᠭᠠᠭᠠᠴᠢᠯᠠᠯᠲᠠ ᠲᠤᠬᠳᠠᠭᠠᠬᠤ ᠵᠡᠷᠭᠡ ᠠᠵᠢᠯ᠎ᠢ ᠭᠦᠨᠵᠡᠭᠡᠢ ᠣᠢᠯᠠᠭᠠᠪᠠ᠃ ᠲᠡᠷᠡ᠂ ᠪᠠᠷᠢᠯᠭ᠎ᠠ᠎ᠦᠨ ᠪᠦᠲᠦᠭᠡᠨ ᠪᠠᠢᠭᠤᠯᠤᠯᠲᠠ᠂ ᠡᠬᠢ ᠪᠠᠶᠠᠯᠢᠭ᠋᠎ᠢ ᠰᠢᠯᠵᠢᠭᠦᠯᠦᠨ ᠥᠭᠬᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠎ᠶᠢ ᠴᠢᠩᠭ᠎ᠠ ᠠᠩᠬᠠᠷᠴᠤ᠂ ᠪᠥᠬᠥ ᠶᠠᠪᠤᠴᠠ᠎ᠶᠢᠨ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠯᠵᠢᠶᠠᠨ᠎ᠤ ᠡᠮᠬᠢ ᠳᠢᠭ᠌ᠯᠢᠮ᠎ᠢ ᠵᠢᠷᠤᠮᠵᠢᠭᠤᠯᠵᠤ᠂ ᠨᠠᠩ ᠣᠶᠤᠨᠴᠢ᠂ ᠢᠯᠡ ᠪᠤᠯᠭᠠᠬᠤ᠂ ᠥᠨᠳᠥᠷ ᠪᠦᠲᠦᠮᠵᠢᠲᠡᠶ ᠠᠷᠠᠯᠵᠢᠶᠠᠨ᠎ᠤ ᠲᠠᠪᠴᠠᠩ᠎ᠢ ᠪᠠᠶ᠋ᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃

ᠰᠦᠨ ᠵᠢᠶᠦ᠋ᠨ ᠴᠢᠩ ᠠᠵᠢᠯᠯᠠᠭ᠎ᠠ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号