ᠪᠥᠬᠥ᠌ ᠣᠷᠣᠨ ᠤ᠋ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍ ᠪᠣᠶ
ᠨᠠᠮ ᠤ᠋ᠨ ᠭᠡᠱᠢᠭᠦᠨ ᠺᠠᠳ᠋ᠷᠴᠤᠳ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠥᠪ ᠦᠵᠡᠯᠲᠡ ᠢ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠪᠣᠯ ᠡᠷᠡᠯᠬᠡᠭ᠌ᠯᠡᠨ ᠤᠷᠤᠭ᠍ᠰᠢᠯᠠᠬᠤ ᠬᠦᠴᠦᠨ ᠢ᠋ ᠨᠢᠭ᠍ᠲᠠᠷᠠᠭᠤᠯᠬᠤ ᠦᠵᠡᠯ ᠰᠠᠨᠠᠭᠠᠨ ᠤ᠋ ᠰᠠᠭᠤᠷᠢ ᠪᠦᠭᠡᠳ ᠴᠢᠨᠠᠷ ᠰᠠᠢᠲᠠᠢ ᠬᠥᠭ᠌ᠵᠢᠯᠲᠡ ᠢ᠋ᠢ ᠪᠡᠶᠡᠯᠡᠭᠦᠯᠬᠦ᠌ ᠴᠢᠬᠤᠯᠠ ᠪᠠᠲᠤᠯᠠᠭ᠎ᠠ ᠮᠥᠨ᠃ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭ᠌ᠰᠡᠨ ᠡᠴᠡ ᠨᠠᠭᠠᠰᠢ᠂ ᠪᠥᠬᠥ᠌ ᠣᠷᠣᠨ ᠤ᠋ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ 《ᠨᠡᠢᠲᠡ ᠢ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ ᠳ᠋ᠤ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ ᠪᠡᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》ᠶᠡᠷᠦᠩᠬᠡᠶ ᠱᠠᠭᠠᠷᠳᠠᠯᠭ᠎ᠠ ᠢ᠋ᠢ ᠴᠢᠡᠭᠭ᠎ᠠ ᠡᠵᠡᠮᠳᠡᠵᠦ᠍᠂ ᠣᠨᠣᠯ ᠢ᠋ᠢᠡᠷ ᠨᠠᠮᠴᠢ ᠴᠢᠨᠠᠷ ᠤ᠋ᠨ ᠬᠦᠷᠦᠰᠤ ᠢ᠋ᠢ ᠱᠢᠮᠡᠵᠢᠭᠦᠯᠤᠨ᠂ ᠦᠶ᠋ᠯᠡ ᠠᠵᠢᠯᠯᠠᠭ᠎ᠠ ᠪᠡᠷ ᠢ᠋ᠢᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ ᠪᠠᠢᠨ᠎ᠠ᠃
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠢ᠋ᠢᠨ ᠱᠢᠭᠤᠳ ᠬᠠᠷᠢᠶ᠎ᠠ ᠪᠠᠢᠭᠤᠯᠭ᠎ᠠ ᠢ᠋ᠢᠨ ᠠᠵᠢᠯ ᠤ᠋ᠨ ᠬᠣᠷᠢᠶ᠎ᠠ《ᠰᠤᠷᠤᠯᠴᠠᠯᠭ᠎ᠠ》ᠶ᠋ᠢ ᠲᠡᠷᠢᠭᠦᠨ ᠳ᠋ᠤ ᠲᠠᠯᠪᠢᠬᠤ ᠢ᠋ᠢ ᠪᠠᠷᠢᠮᠲᠠᠯᠠᠨ᠂ ᠲᠤᠰᠭᠠᠶ ᠰᠡᠳᠦᠪᠲᠦ ᠨᠣᠮ ᠤᠩᠱᠢᠬᠤ ᠠᠩᠭᠢ ᠢ᠋ᠢ ᠢᠳᠡᠪᠬᠢᠲᠡᠶ ᠡᠷᠭᠢᠯᠡᠵᠦ᠍᠂ ᠲᠤᠰᠭᠠᠶ ᠰᠡᠳᠦᠪ ᠢ᠋ᠢᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠳᠠᠭᠠᠭᠤᠯᠤᠨ ᠰᠤᠷᠤᠯᠴᠠᠵᠤ ᠰᠤᠷᠤᠯᠴᠠᠯᠭ᠎ᠠ ᠢ᠋ᠢ ᠠᠬᠢᠭᠤᠯᠬᠤ ᠵᠡᠷᠭᠡ ᠬᠡᠯᠪᠡᠷᠢ ᠪᠡᠷ ᠶᠡᠷᠦᠩᠬᠡᠶ ᠱᠦᠵᠢ ᠰᠢ ᠵᠢᠨ ᠫᠢᠩ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ ᠢ᠋ᠢ ᠭᠦᠨᠵᠡᠭᠡᠶ ᠰᠤᠷᠤᠯᠴᠠᠨ ᠨᠠᠷᠢᠯᠢᠭ ᠣᠬᠠᠪᠤᠷᠢᠯᠡᠵᠤ᠂ ᠰᠤᠷᠤᠯᠴᠠᠯᠭ᠎ᠠ ᠬᠥᠮᠦᠵᠢᠯ ᠢ᠋ ᠰᠠᠢᠨ ᠡᠬᠢᠯᠡᠯᠲᠡ ᠲᠠᠢ ᠪᠣᠯᠭᠠᠬᠤ ᠢ᠋ᠢ ᠠᠬᠢᠭᠤᠯᠪᠠ᠃ ᠡᠨᠡ ᠬᠦ᠌ ᠰᠠᠭᠤᠷᠢᠨ ᠳᠡᠭᠡᠷ᠎ᠡ ᠠᠰᠠᠭᠤᠳᠠᠯ ᠢ᠋ᠢᠡᠷ ᠤᠳᠤᠷᠢᠳᠤᠮᠵᠢ ᠪᠣᠯᠭᠠᠬᠤ ᠢ᠋ᠢ ᠪᠠᠷᠢᠮᠲᠠᠯᠠᠵᠤ᠂ ᠠᠰᠠᠭᠤᠳᠠᠯ ᠢ᠋ ᠪᠦᠬᠦ᠌ ᠲᠠᠯ᠎ᠠ ᠪᠡᠷ ᠭᠦᠨᠵᠡᠭᠡᠢ ᠪᠠᠢᠴᠠᠭᠠᠨ ᠳᠡᠯᠭᠡᠵᠠᠢ᠃ ᠠᠵᠢᠯ ᠤ᠋ᠨ ᠬᠣᠷᠢᠶ᠎ᠠ ᠨᠢ ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠪᠠᠢᠭᠤᠯᠭ᠎ᠠ ᠢ᠋ᠢᠨ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠢ᠋ᠢ ᠵᠢᠯᠣᠭᠣᠳᠤᠨ《ᠨᠡᠢᠲᠡ ᠢ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ ᠳ᠋ᠤ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ ᠪᠡᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》ᠶᠡᠷᠦᠩᠬᠡᠶ ᠱᠠᠭᠠᠷᠳᠠᠯᠭ᠎ᠠ ᠢ᠋ᠢ ᠴᠢᠡᠭᠭ᠎ᠠ ᠡᠵᠡᠮᠳᠡᠵᠦ᠍᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ᠋ ᠪᠠᠢᠴᠠᠭᠠᠨ ᠳᠡᠯᠭᠡᠬᠦ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠳᠦᠷᠢᠮ ᠲᠣᠭ᠍ᠲᠠᠭᠠᠯ ᠲᠣᠭ᠍ᠲᠠᠭᠠᠬᠤ᠂ ᠡᠭᠦᠳᠡ ᠪᠡᠨ ᠨᠡᠭᠡᠭᠡᠵᠤ ᠬᠦᠮᠦᠵᠢᠯ ᠦᠷᠨᠢᠭᠦᠯᠬᠦ ᠢ᠋ᠢ ᠨᠢᠭᠡ ᠴᠤᠭᠴᠠᠵᠢᠭᠤᠯᠤᠨ ᠠᠬᠢᠭᠤᠯᠵᠤ᠂ ᠪᠠᠷᠢᠮᠵᠢᠶᠠᠵᠢᠭᠤᠯᠤᠨ ᠪᠠᠢᠴᠠᠭᠠᠬᠤ ᠳᠤᠮᠳᠠ ᠵᠥᠷᠢᠶ᠎ᠡ ᠪᠠᠨ ᠵᠠᠯᠠᠷᠠᠭᠤᠯᠤᠨ ᠨᠠᠮᠴᠢ ᠴᠢᠨᠠᠷ ᠢ᠋ ᠳᠠᠪᠲᠠᠨ ᠪᠣᠯᠪᠠᠰᠤᠷᠠᠭᠤᠯᠵᠤ᠂ ᠮᠡᠳᠡᠬᠦᠶ ᠬᠢᠬᠦᠶ ᠢ᠋ᠢ ᠨᠢᠭᠡᠳᠭᠡᠬᠦ᠌ ᠳᠤᠮᠳᠠ ᠬᠠᠷᠢᠭᠤᠴᠠᠯᠭ᠎ᠠ ᠡᠭᠦᠷᠭᠡᠯᠡᠨ ᠠᠵᠢᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠵᠤ᠂ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠭᠡᠯ ᠢ᠋ ᠦᠨᠡᠨ ᠬᠦ᠌ ᠦᠪᠡᠷᠳᠡᠬᠡᠨ ᠵᠠᠰᠠᠬᠤ ᠣᠷᠣᠨ ᠤ᠋ ᠱᠢᠭᠤᠳ ᠬᠠᠷᠢᠶ᠎ᠠ ᠪᠠᠢᠭᠤᠯᠭ᠎ᠠ ᠢ᠋ᠢᠨ ᠨᠠᠮ ᠤ᠋ᠨ ᠪᠠᠢᠭᠤᠯᠤᠯᠲᠠ ᠢ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠵᠤ ᠶᠡᠬᠡ ᠲᠠᠯ᠎ᠠ ᠳ᠋ᠤ ᠦᠶ᠋ᠯᠡᠴᠢᠯᠡᠬᠦ᠌ ᠯᠠᠪᠳᠠᠭᠤᠨ ᠪᠠᠲᠤᠲᠠᠶ ᠦᠷ᠎ᠡ ᠪᠦᠲᠦᠮᠵᠢ ᠪᠤᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠢ᠋ᠢᠨ《1571》ᠠᠵᠢᠯ ᠤ᠋ᠨ ᠪᠠᠢᠷᠢᠯᠠᠭᠤᠯᠤᠯᠲᠠ ᠢ᠋ᠢ ᠪᠥᠬᠥ᠌ ᠲᠠᠯ᠎ᠠ ᠪᠡᠷ ᠨᠠᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ᠋ ᠠᠵᠤ ᠠᠬᠤᠶ ᠨᠡᠢᠭᠡᠮ ᠤ᠋ᠨ ᠬᠥᠭ᠌ᠵᠢᠯᠲᠡ ᠢ᠋ᠢ ᠠᠬᠢᠭᠤᠯᠬᠤ ᠳ᠋ᠤ ᠬᠦᠴᠦᠨ ᠴᠢᠳᠠᠯ ᠢ᠋ᠢᠡᠨ ᠡᠷᠭᠦᠪᠠ᠃
ᠥᠪᠡᠷᠲᠡᠭᠡᠨ ᠵᠠᠰᠠᠬᠤ ᠣᠷᠣᠨ ᠤ᠋ ᠪᠠᠢᠭᠠᠯᠢ ᠢ᠋ᠢᠨ ᠡᠬᠢ ᠪᠠᠶᠠᠯᠢᠭ ᠤ᠋ᠨ ᠲᠢᠩᠬᠢᠮ ᠦᠵᠡᠯ ᠰᠠᠨᠠᠭ᠎ᠠ ᠲᠠᠨᠢᠯᠲᠠ ᠢ᠋ᠢᠨ ᠠᠰᠠᠭᠤᠳᠠᠯ ᠢ᠋ ᠱᠢᠶ᠋ᠳᠪᠦᠷᠢᠯᠡᠬᠦ᠌ ᠪᠠ ᠪᠣᠳᠠᠲᠠᠶ ᠠᠰᠠᠭᠤᠳᠠᠯ ᠢ᠋ ᠱᠢᠶ᠋ᠳᠪᠦᠷᠢᠯᠡᠬᠦ᠌ᠢ᠋ᠢ ᠤᠶᠠᠯᠳᠤᠭᠤᠯᠤᠨ᠂ ᠰᠤᠷᠤᠯᠴᠠᠯᠭ᠎ᠠ ᠬᠥᠮᠦᠵᠢᠯ ᠢ᠋ ᠭᠤᠤᠯ ᠠᠵᠢᠯ ᠢ᠋ ᠠᠬᠢᠭᠤᠯᠬᠤ ᠲᠠᠢ ᠨᠢᠭ᠍ᠲᠠ ᠤᠶᠠᠯᠳᠤᠭᠤᠯᠵᠤ᠂ ᠪᠥᠬᠥ᠌ ᠱᠢᠰᠲ᠋ᠧᠮ ᠤ᠋ᠨ ᠨᠠᠮ ᠤ᠋ᠨ ᠭᠡᠱᠢᠭᠦᠨ ᠺᠠᠳ᠋ᠷᠴᠤᠳ ᠢ᠋ ᠦᠨᠡᠨ ᠡᠴᠡ ᠵᠥᠪ ᠢ᠋ ᠡᠷᠢᠬᠦ᠌᠂ ᠦᠨᠡᠨ ᠢ᠋ ᠪᠠᠷᠢᠮᠲᠠᠯᠠᠨ ᠪᠣᠳᠠᠲᠠᠶ ᠢ᠋ᠢ ᠡᠷᠬᠢᠮᠯᠡᠬᠦ᠌ ᠪᠠᠷᠢᠮᠲᠠᠯᠠᠯ ᠵᠢᠡᠷ ᠠᠷᠠᠳ ᠲᠦᠮᠡᠨ ᠤ᠋ ᠲᠦᠯᠦᠭᠡ ᠵᠠᠰᠠᠭ ᠤ᠋ᠨ ᠠᠵᠢᠯ ᠤ᠋ᠨ ᠪᠦᠲᠦᠮᠵᠢ ᠭᠠᠷᠭᠠᠵᠤ᠂ ᠪᠣᠳᠠᠲᠠᠶ ᠠᠵᠢᠯᠯᠠᠨ ᠵᠠᠰᠠᠭ ᠤ᠋ᠨ ᠠᠵᠢᠯ ᠤ᠋ᠨ ᠪᠦᠲᠦᠮᠵᠢ ᠭᠠᠷᠭᠠᠬᠤ ᠢ᠋ᠢ ᠬᠦᠲᠦᠯᠦᠨ ᠵᠢᠯᠤᠭᠤᠳᠪᠠ᠃ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠳᠠᠢᠴᠢᠯᠠᠯᠲᠠ ᠢ᠋ᠢᠨ ᠬᠤᠷᠠᠯ ᠬᠢᠵᠤ᠂ ᠠᠵᠢᠯ ᠤ᠋ᠨ ᠲᠥᠰᠦᠯ ᠢ᠋ ᠬᠢᠨᠠᠨ ᠵᠥᠪᠯᠡᠵᠦ᠍ ᠪᠠᠲᠤᠯᠠᠨ᠂ ᠰᠤᠷᠤᠯᠴᠠᠬᠤ ᠲᠥᠯᠥᠪᠯᠡᠭᠡ ᠬᠢᠭᠡᠳ ᠴᠡᠭ᠌ᠴᠡᠯᠡᠨ ᠰᠠᠢᠵᠢᠷᠠᠭᠤᠯᠬᠤ ᠡᠬᠡ ᠲᠠᠩᠰᠠ ᠲᠣᠭ᠍ᠲᠠᠭᠠᠵᠤ᠂ ᠲᠠᠰ ᠲᠠᠰ ᠢ᠋ᠢᠡᠷ ᠨᠠᠢᠳᠠᠪᠤᠷᠢᠵᠢᠭᠤᠯᠬᠤ ᠠᠵᠢᠯ ᠤ᠋ᠨ ᠪᠠᠢᠷᠢᠱᠢᠯ ᠢ᠋ ᠪᠠᠢᠭᠤᠯᠪᠠ᠃ ᠨᠣᠮ ᠤᠩᠱᠢᠬᠤ ᠠᠩᠭᠢ ᠡᠷᠬᠢᠯᠡᠨ᠂ ᠲᠤᠰᠭᠠᠢ ᠰᠡᠳᠦᠪ ᠢ᠋ᠢᠡᠷ ᠬᠠᠪᠰᠤᠷᠤᠨ ᠵᠢᠯᠣᠭᠣᠳᠴᠤ᠂ ᠭᠣᠣᠯ ᠳᠤᠭᠤᠢᠯᠠᠩ ᠢ᠋ᠢᠡᠷ ᠰᠤᠳᠤᠯᠤᠨ ᠶᠠᠷᠢᠯᠴᠠᠵᠤ᠂ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠥᠪ ᠦᠵᠡᠯᠲᠡ ᠢ᠋ᠢ ᠺᠠᠳ᠋ᠷᠴᠤᠳ ᠤ᠋ᠨ ᠪᠣᠯᠪᠠᠰᠤᠷᠠᠯ ᠳ᠋ᠤ ᠠᠭᠤᠰᠭᠠᠪᠠ; ᠪᠥᠬᠥ᠌ ᠣᠷᠣᠨ ᠤ᠋ ᠪᠠᠢᠭᠠᠯᠢ ᠢ᠋ᠢᠨ ᠡᠬᠢ ᠪᠠᠶᠠᠯᠢᠭ ᠤ᠋ᠨ ᠱᠢᠰᠲ᠋ᠧᠮ ᠤ᠋ᠨ ᠨᠡᠢᠲᠡᠯᠢᠭ ᠵᠢᠱ᠌ᠢᠶ᠎ᠡ ᠢ᠋ᠢ ᠨᠠᠢᠷᠠᠭᠤᠯᠤᠨ ᠳᠠᠷᠤᠮᠠᠯᠯᠠᠵᠤ᠂ ᠨᠡᠢᠲᠡᠯᠢᠭ ᠵᠢᠱ᠌ᠢᠶ᠎ᠡ ᠪᠡᠷ ᠦᠵᠡᠯ ᠰᠠᠨᠠᠭᠠᠨ ᠤ᠋ ᠰᠡᠷᠭᠡᠢᠯᠡᠯᠲᠡ ᠢ᠋ᠢᠨ ᠱᠤᠭᠤᠮ ᠢ᠋ ᠪᠠᠲᠤ ᠴᠣᠭ᠍ᠴᠠᠯᠠᠪᠠ; ᠵᠠᠯᠠᠭᠤ ᠺᠠᠳ᠋ᠷᠴᠤᠳ ᠤ᠋ᠨ ᠤᠯᠤᠯᠳᠠ ᠲᠦᠷᠦᠭᠳᠡᠯ ᠵᠢᠡᠨ ᠬᠤᠪᠢᠶᠠᠯᠴᠠᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠠᠷᠢᠭᠤᠨ ᠴᠢᠬᠡᠴᠢ ᠪᠡᠷ ᠵᠠᠰᠠᠭ ᠪᠠᠷᠢᠬᠤ ᠰᠠᠭᠤᠷᠢ ᠢ᠋ᠢ ᠪᠡᠬᠢᠵᠢᠭᠦᠯᠪᠠ᠃ ᠠᠰᠠᠭᠤᠳᠠᠯ ᠢ᠋ ᠳᠣᠲᠣᠭ᠍ᠰᠢ ᠪᠡᠨ ᠪᠠᠢᠴᠠᠭᠠᠨ ᠳᠡᠯᠭᠡᠬᠦ᠌ ᠢ᠋ᠢ ᠪᠠᠷᠢᠮᠲᠠᠯᠠᠨ᠂ 《3 ᠬᠠᠷᠢᠴᠠᠭᠤᠯᠤᠯ + 3 ᠠᠷᠭ᠎ᠠ ᠵᠠᠮ》 ᠢ᠋ ᠴᠢᠩᠭ᠎ᠠ ᠨᠠᠢᠳᠠᠪᠤᠷᠢᠵᠢᠭᠤᠯᠵᠤ᠂ ᠪᠦᠬᠦ᠌ ᠣᠷᠣᠨ ᠤ᠋ ᠪᠠᠢᠭᠠᠯᠢ ᠢ᠋ᠢᠨ ᠡᠬᠢ ᠪᠠᠶᠠᠯᠢᠭ ᠤ᠋ᠨ ᠬᠦᠷᠢᠶᠡᠨ ᠳ᠋ᠡᠬᠢ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠱᠠᠭᠠᠷᠳᠠᠯᠭ᠎ᠠ ᠳ᠋ᠤ ᠦᠯᠦ ᠨᠡᠢᠴᠡᠬᠦ᠌ ᠲᠤᠪᠤᠢ᠌ᠮ᠎ᠠ ᠠᠰᠠᠭᠤᠳᠠᠯ ᠢ᠋ ᠭᠦᠨᠵᠡᠭᠡᠢ ᠪᠠᠢᠴᠠᠭᠠᠨ ᠳᠡᠯᠭᠡᠪᠠ; 《ᠠᠵᠤ ᠠᠬᠤᠢ ᠢ᠋ᠢᠨ ᠲᠤᠮᠤ ᠬᠤᠳᠠ ᠢ᠋ᠢᠨ ᠭᠤᠤᠯ ᠡᠭᠦᠷᠭᠡ》 ᠬᠠᠪᠰᠤᠷᠤᠨ ᠬᠣᠯᠪᠣᠭᠠᠯᠠᠬᠤ ᠠᠵᠢᠯ ᠤ᠋ᠨ ᠮᠡᠳᠡᠭ᠌ᠳᠡᠯ ᠢ᠋ ᠳᠠᠷᠤᠮᠠᠯᠯᠠᠨ ᠲᠠᠷᠬᠠᠭᠠᠵᠤ᠂ ᠳᠠᠭᠠᠭᠠᠴᠢᠯᠠᠨ ᠬᠣᠯᠪᠣᠭᠠᠯᠠᠬᠤ 6 ᠳᠤᠭᠤᠢᠯᠠᠩ ᠢ᠋ ᠪᠠᠢᠭᠤᠯᠤᠨ ᠣᠷᠣᠨ ᠨᠤᠲᠤᠭ ᠤ᠋ᠨ ᠠᠰᠠᠭᠤᠳᠠᠯ ᠵᠢᠴᠢ ᠬᠦᠰᠡᠯ ᠱᠠᠭᠠᠷᠳᠠᠯᠭ᠎ᠠ ᠢ᠋ᠢ ᠥᠷᠭᠡᠨ ᠢ᠋ᠢᠡᠷ ᠴᠤᠭ᠍ᠯᠠᠭᠤᠯᠵᠤ᠂ ᠪᠠᠢᠴᠠᠭᠠᠨ ᠰᠤᠳᠤᠯᠤᠯᠲᠠ ᠢ᠋ᠢ ᠭᠦᠨᠵᠡᠭᠡᠢ ᠥᠷᠨᠢᠭᠦᠯᠤᠨ᠂ ᠣᠷᠣᠨ ᠨᠤᠲᠤᠭ ᠤ᠋ᠨ ᠬᠦᠴᠢᠷ ᠠᠰᠠᠭᠤᠳᠠᠯ ᠢ᠋ ᠬᠦᠴᠦᠯᠡᠨ ᠱᠢᠢᠳᠪᠦᠷᠢᠯᠡᠵᠦ᠍ ᠪᠣᠳᠠᠲᠠᠢ ᠶᠠᠪᠤᠳᠠᠯ ᠬᠢᠪᠠ᠃
ᠥᠪᠡᠷᠲᠡᠭᠡᠨ ᠵᠠᠰᠠᠬᠤ ᠣᠷᠣᠨ ᠤ᠋ ᠴᠡᠷᠢᠭ ᠤ᠋ᠨ ᠠᠯᠪᠠᠠᠴᠠ ᠬᠠᠯᠠᠭ᠍ᠳᠠᠭ᠍ᠰᠠᠳ ᠤ᠋ᠨ ᠶᠠᠪᠤᠳᠠᠯ ᠤ᠋ᠨ ᠲᠢᠩᠬᠢᠮ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍᠂ ᠰᠤᠷᠤᠯᠴᠠᠯᠭ᠎ᠠ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ ᠢ᠋ᠢ ᠠᠬᠢᠭᠤᠯᠪᠠ᠃ ᠰᠤᠷᠤᠯᠴᠠᠯᠭ᠎ᠠ ᠪᠡᠷ ᠰᠦᠭ ᠰᠦᠨᠡᠰᠦ ᠢ᠋ᠢ ᠱᠤᠭᠤᠬᠤ ᠢ᠋ᠢ ᠪᠠᠷᠢᠮᠲᠠᠯᠠᠨ᠂ ᠲᠡᠷᠡ ᠬᠡᠪ ᠢ᠋ᠢᠡᠷ ᠨᠢ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠨ ᠰᠤᠷᠤᠯᠴᠠᠬᠤ᠂ ᠲᠤᠰᠭᠠᠢ ᠮᠡᠷᠭᠡᠵᠢᠯᠲᠡᠨ ᠵᠢᠡᠷ ᠬᠠᠪᠰᠤᠷᠤᠨ ᠵᠢᠯᠣᠭᠣᠳᠤᠭᠤᠯᠵᠤ ᠰᠤᠷᠤᠯᠴᠠᠬᠤ᠂ ᠤᠨᠤᠯ ᠰᠤᠷᠤᠯᠴᠠᠬᠤ ᠭᠣᠣᠯ ᠳᠤᠭᠤᠢᠯᠠᠩ ᠡᠴᠡ ᠳᠠᠭᠠᠭᠤᠯᠤᠨ ᠰᠤᠷᠤᠯᠴᠠᠬᠤ᠂ ᠨᠣᠮ ᠤᠩᠱᠢᠬᠤ ᠠᠩᠬᠢ ᠪᠡᠷ ᠰᠤᠷᠤᠯᠴᠠᠯᠭ᠎ᠠ ᠢ᠋ᠢ ᠳᠡᠮᠵᠢᠬᠦ᠂ ᠰᠡᠷᠡᠮᠵᠢᠯᠡᠭᠦᠯᠬᠦ᠌ ᠬᠥᠮᠦᠵᠢᠯ ᠢ᠋ᠢᠡᠷ ᠰᠤᠷᠤᠯᠴᠠᠯᠭ᠎ᠠ ᠢ᠋ᠢ ᠠᠬᠢᠭᠤᠯᠬᠤ ᠵᠡᠷᠭᠡ ᠤᠯᠠᠨ ᠠᠷᠭ᠎ᠠ ᠬᠡᠯᠪᠡᠷᠢ ᠢ᠋ᠢ ᠠᠪᠴᠤ᠌᠂ ᠶᠡᠷᠦᠩᠬᠡᠢ ᠱᠦᠵᠢ ᠰᠢ ᠵᠢᠨ ᠫᠢᠩ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ ᠢ᠋ᠢ ᠭᠦᠨᠵᠡᠭᠡᠢ ᠰᠤᠷᠤᠯᠴᠠᠨ ᠨᠠᠷᠢᠯᠢᠭ ᠣᠬᠠᠪᠤᠷᠢᠯᠡᠵᠤ᠂ ᠠᠷᠠᠳ ᠤ᠋ᠨ ᠲᠥᠯᠥᠭᠡ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠦᠵᠡᠯ ᠰᠠᠨᠠᠭᠠᠨ ᠤ᠋ ᠤᠬᠠᠮᠰᠠᠷ ᠢ᠋ ᠴᠢᠩᠭᠠᠳᠬᠠᠪᠠ᠃ 《3 ᠬᠠᠷᠢᠴᠠᠭᠤᠯᠤᠯ + 3 ᠠᠷᠭ᠎ᠠ ᠵᠠᠮ》 ᠲᠠᠢ ᠨᠢᠭ᠍ᠲᠠ ᠤᠶᠠᠯᠳᠤᠭᠤᠯᠤᠨ ᠴᠡᠭ᠌ᠴᠡᠯᠡᠨ ᠰᠠᠢᠵᠢᠷᠠᠭᠤᠯᠤᠭ᠍ᠰᠠᠨ ᠠᠰᠠᠭᠤᠳᠠᠯ ᠢ᠋ ᠴᠢᠩᠭ᠎ᠠ ᠪᠠᠢᠴᠠᠭᠠᠨ ᠳᠡᠯᠭᠡᠵᠦ᠍᠂ ᠤᠬᠠᠮᠰᠠᠷ ᠡᠴᠡ ᠪᠠᠨ ᠨᠠᠮᠴᠢ ᠴᠢᠨᠠᠷ ᠤ᠋ᠨ ᠲᠠᠯ᠎ᠠ ᠡᠴᠡ ᠵᠥᠷᠢᠶ᠎ᠡ ᠪᠠᠨ ᠡᠷᠢᠵᠦ᠍᠂ ᠦᠨᠳᠦᠰᠦ ᠰᠤᠷᠪᠤᠯᠵᠢ ᠢ᠋ᠢ ᠪᠠᠢᠴᠠᠭᠠᠨ᠂ ᠪᠣᠯᠪᠠᠰᠤᠷᠠᠯ ᠢ᠋ ᠴᠢᠩᠭᠠᠳᠭᠠᠵᠤ᠂ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠭᠡᠯ ᠢ᠋ᠢᠡᠷ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠮᠵᠢ ᠢ᠋ᠢ ᠦᠨᠡᠨ ᠬᠦ᠌ ᠢᠯᠡᠷᠡᠭᠦᠯᠪᠠ᠃ ᠠᠷᠠᠳ ᠤ᠋ᠨ ᠲᠥᠯᠥᠭᠡ ᠵᠢᠳᠬᠦᠬᠦ ᠰᠡᠳᠬᠢᠯ ᠢ᠋ ᠪᠠᠲᠤ ᠰᠠᠬᠢᠵᠤ᠂ ᠴᠡᠷᠢᠭ ᠤ᠋ᠨ ᠠᠯᠪᠠ ᠡᠴᠡ ᠬᠠᠯᠠᠭ᠍ᠳᠠᠭ᠍ᠰᠠᠳ ᠢ᠋ ᠰᠠᠢᠲᠤᠷ ᠭᠥᠯᠢᠶᠡᠨ ᠠᠪᠴᠤ᠌ ᠲᠥᠪᠬᠢᠨᠡᠭᠦᠯᠬᠦ᠌᠂ ᠰᠠᠢᠲᠤᠷ ᠦᠢᠯᠡᠴᠢᠯᠡᠵᠤ ᠪᠠᠲᠤᠯᠠᠭ᠎ᠠ ᠬᠠᠩᠭᠠᠬᠤ᠂ ᠰᠠᠢᠲᠤᠷ ᠬᠦᠮᠦᠵᠢᠭᠦᠯᠵᠤ ᠬᠠᠮᠢᠶᠠᠷᠬᠤ᠂ ᠦᠶ᠋ᠯᠡᠳᠦᠯ ᠢ᠋ ᠰᠠᠢᠲᠤᠷ ᠪᠠᠳᠠᠷᠠᠭᠤᠯᠬᠤ᠂ ᠡᠷᠬᠡ ᠠᠱᠢᠭ ᠢ᠋ ᠰᠠᠢᠲᠤᠷ ᠬᠠᠮᠠᠭᠠᠯᠠᠬᠤ ᠴᠢᠬᠤᠯᠠ ᠱᠠᠭᠠᠷᠳᠠᠯᠭ᠎ᠠ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠡᠷᠬᠡ ᠠᠱᠢᠭ ᠢ᠋ ᠬᠠᠮᠠᠭᠠᠯᠠᠬᠤ ᠲᠣᠭ᠍ᠲᠠᠴᠠ ᠢ᠋ᠢ ᠲᠡᠭᠦᠯᠳᠡᠷᠵᠢᠭᠦᠯᠤᠨ᠂ ᠦᠶ᠋ᠯᠡᠴᠢᠯᠡᠭᠡ ᠪᠠᠲᠤᠯᠠᠭ᠎ᠠ ᠢ᠋ᠢᠨ ᠱᠢᠰᠲ᠋ᠧᠮ ᠢ᠋ ᠪᠠᠢᠭᠤᠯᠤᠨ ᠬᠦᠴᠦᠷᠬᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠢ᠋ᠢᠨ 《1571》 ᠠᠵᠢᠯ ᠤ᠋ᠨ ᠪᠠᠢᠷᠢᠯᠠᠭᠤᠯᠤᠯᠲᠠ ᠢ᠋ᠢ ᠨᠠᠢᠳᠠᠪᠤᠷᠢᠵᠢᠭᠤᠯᠬᠤ ᠳ᠋ᠤ ᠴᠡᠷᠢᠭ ᠤ᠋ᠨ ᠠᠯᠪᠠ ᠡᠴᠡ ᠬᠠᠯᠠᠭ᠍ᠳᠠᠭ᠍ᠰᠠᠳ ᠤ᠋ᠨ ᠠᠵᠢᠯ ᠤ᠋ᠨ ᠬᠦᠴᠦᠨ ᠴᠢᠳᠠᠯ ᠢ᠋ ᠡᠷᠭᠦᠪᠠ᠃
ᠣᠷᠳᠣᠰ ᠬᠣᠲᠠ ᠢ᠋ᠢᠨ ᠨᠠᠮ ᠤ᠋ᠨ ᠬᠣᠷᠢᠶ᠎ᠠ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠤᠢ ᠪᠤᠯᠭᠠᠨ ᠦᠢᠯᠡᠳᠦᠯᠭᠡᠵᠢᠬᠦᠯᠬᠦ ᠰᠤᠷᠤᠯᠴᠠᠯᠭ᠎ᠠ ᠬᠥᠮᠦᠵᠢᠯ ᠤ᠋ᠨ ᠨᠣᠮ ᠤᠩᠱᠢᠬᠤ ᠠᠩᠭᠢ ᠡᠷᠭᠢᠯᠡᠵᠦ᠍᠂ ᠶᠡᠷᠦᠩᠬᠡᠶ ᠱᠦᠵᠢ ᠰᠢ ᠵᠢᠨ ᠫᠢᠩ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠣᠯ ᠤ᠋ᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠢ᠋ᠢᠨ ᠵᠣᠷᠢᠭ ᠰᠠᠨᠠᠭ᠎ᠠ ᠢ᠋ᠢ ᠭᠦᠨᠵᠡᠭᠡᠶ ᠰᠤᠷᠤᠯᠴᠠᠵᠤ᠂ ᠪᠥᠬᠥ᠌ ᠬᠣᠲᠠ ᠢ᠋ᠢᠨ ᠡᠯ᠎ᠡ ᠱᠠᠲᠤᠨ ᠤ᠋ ᠪᠠᠢᠭᠤᠯᠭ᠎ᠠ ᠪᠣᠯᠤᠨ ᠤᠳᠤᠷᠢᠳᠭᠤ ᠺᠠᠳ᠋ᠷᠴᠤᠳ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠤᠢ ᠪᠤᠯᠭᠠᠨ ᠦᠢᠯᠡᠳᠦᠯᠭᠡᠵᠢᠬᠦᠯᠬᠦ᠌ ᠢ᠋ᠢ ᠵᠢᠱ᠌ᠢᠶ᠎ᠡ ᠦᠵᠡᠭᠦᠯᠦᠨ ᠳᠠᠢᠴᠢᠯᠠᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠣᠷᠳᠣᠰ ᠤ᠋ᠨ ᠱᠢᠨ᠎ᠡ ᠬᠠᠭᠤᠳᠠᠰᠤ ᠢ᠋ᠢ ᠴᠢᠷᠮᠠᠢᠨ ᠪᠢᠴᠢᠭ᠌ᠯᠡᠬᠦ ᠳ᠋ᠤ ᠬᠦᠴᠦᠲᠡᠶ ᠪᠠᠲᠤᠯᠠᠭ᠎ᠠ ᠬᠠᠩᠭᠠᠪᠠ᠃ ᠨᠣᠮ ᠤᠩᠱᠢᠬᠤ ᠠᠩᠭᠢ ᠨᠢ ᠲᠤᠰᠭᠠᠢ ᠰᠡᠳᠦᠪ ᠢ᠋ᠢᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠢ᠋ᠢ ᠤᠶᠠᠯᠳᠤᠭᠤᠯᠬᠤ ᠠᠷᠭ᠎ᠠ ᠬᠡᠯᠪᠡᠷᠢ ᠪᠡᠷ ᠬᠣᠲᠠ ᠢ᠋ᠢᠨ ᠱᠠᠲᠤᠨ ᠤ᠋ ᠤᠳᠤᠷᠢᠳᠭᠤ ᠺᠠᠳ᠋ᠷ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠰᠤᠷᠤᠯᠴᠠᠯᠭ᠎ᠠ ᠬᠥᠮᠦᠵᠢᠯ ᠤ᠋ᠨ ᠨᠣᠮ ᠤᠩᠱᠢᠬᠤ ᠠᠩᠭᠢ ᠢ᠋ᠢᠨ ᠬᠠᠪᠰᠤᠷᠤᠨ ᠵᠢᠯᠣᠭᠣᠳᠤᠭ᠍ᠰᠠᠨ ᠮᠡᠳᠡᠭᠦᠯᠦᠯᠲᠡ ᠢ᠋ᠢ ᠵᠡᠷᠭᠡ ᠪᠡᠷ ᠰᠣᠨᠣᠰᠴᠤ᠌᠂ ᠲᠣᠭ᠍ᠲᠠᠭ᠍ᠰᠠᠨ ᠰᠤᠷᠤᠯᠴᠠᠬᠤ ᠠᠭᠤᠯᠭ᠎ᠠ ᠢ᠋ᠢ ᠭᠦᠨᠵᠡᠭᠡᠢ ᠰᠤᠳᠤᠯᠤᠨ ᠤᠩᠱᠢᠵᠤ᠂ ᠭᠣᠣᠯ ᠰᠡᠳᠦᠪ ᠲᠠᠢ ᠨᠢᠭ᠍ᠲᠠ ᠤᠶᠠᠯᠳᠤᠭᠤᠯᠤᠨ ᠰᠣᠯᠢᠯᠴᠠᠵᠤ ᠰᠤᠳᠤᠯᠤᠨ ᠶᠠᠷᠢᠯᠴᠠᠵᠤ᠂ ᠬᠣᠢᠱᠢᠳᠠ ᠢ᠋ᠢᠨ ᠠᠰᠠᠭᠤᠳᠠᠯ ᠢ᠋ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠦᠵᠡᠯ ᠰᠠᠨᠠᠭᠠᠨ ᠤ᠋ ᠰᠠᠭᠤᠷᠢ ᠢ᠋ᠢ ᠪᠡᠬᠢᠵᠢᠭᠦᠯᠪᠡ᠃ ᠴᠢᠬᠤᠯᠠ ᠥᠭᠦᠯᠡᠯᠲᠡ ᠢ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂《ᠬᠡᠨ ᠤ᠋ ᠲᠥᠯᠥᠭᠡ ᠵᠠᠰᠠᠭ ᠤ᠋ᠨ ᠠᠵᠢᠯ ᠤ᠋ᠨ ᠪᠦᠲᠦᠮᠵᠢ ᠢ᠋ᠢ ᠪᠣᠶ ᠪᠣᠯᠭᠠᠬᠤ᠂ ᠶᠠᠮᠠᠷ ᠶᠠᠩᠵᠤ ᠢ᠋ᠢᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢ ᠪᠣᠶ ᠪᠣᠯᠭᠠᠬᠤ᠂ ᠶᠠᠭᠤᠨ ᠳ᠋ᠤ ᠲᠦᠱᠢᠭ᠌ᠯᠡᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢ ᠪᠣᠶ ᠪᠣᠯᠭᠠᠬᠤ》ᠭᠤᠤᠯ ᠠᠰᠠᠭᠤᠳᠠᠯ ᠢ᠋ ᠣᠨᠣᠪᠴᠢᠲᠠᠶ ᠡᠵᠡᠮᠱᠢᠵᠦ᠍᠂ ᠤᠯᠤᠰ ᠲᠥᠷᠥ ᠢ᠋ᠢᠨ ᠤᠬᠠᠮᠰᠠᠷ᠂ ᠦᠵᠡᠯ ᠰᠠᠨᠠᠭᠠᠨ ᠤ᠋ ᠤᠬᠠᠮᠰᠠᠷ ᠪᠠ ᠠᠵᠢᠯᠯᠠᠭᠠᠨ ᠤ᠋ ᠤᠬᠠᠮᠰᠠᠷ ᠢ᠋ ᠴᠢᠩᠭᠠᠳᠬᠠᠪᠠ᠃ ᠠᠷᠠᠳ ᠲᠦᠮᠡᠨ ᠤ᠋ ᠲᠥᠯᠥᠭᠡ ᠵᠠᠰᠠᠭ ᠤ᠋ᠨ ᠠᠵᠢᠯ ᠤ᠋ᠨ ᠪᠦᠲᠦᠮᠵᠢ ᠭᠠᠷᠭᠠᠬᠤ ᠢ᠋ᠢ ᠪᠠᠷᠢᠮᠲᠠᠯᠠᠨ᠂ ᠠᠷᠠᠳ ᠲᠦᠮᠡᠨ ᠤ᠋ ᠪᠠᠴᠢᠮᠲᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠱᠢᠢᠳᠪᠦᠷᠢᠯᠡᠵᠦ᠍᠂ ᠬᠥᠭ᠌ᠵᠢᠯᠲᠡ ᠢ᠋ᠢᠨ ᠦᠷ᠎ᠡ ᠪᠦᠲᠦᠭᠡᠯ ᠢ᠋ ᠬᠠᠮᠲᠤ ᠪᠡᠷ ᠡᠳ᠋ᠯᠡᠪᠠ; ᠪᠣᠳᠠᠲᠠᠶ ᠠᠵᠢᠯᠯᠠᠨ ᠵᠠᠰᠠᠭ ᠤ᠋ᠨ ᠠᠵᠢᠯ ᠤ᠋ᠨ ᠪᠦᠲᠦᠮᠵᠢ ᠭᠠᠷᠭᠠᠬᠤ ᠢ᠋ᠢ ᠪᠠᠷᠢᠮᠲᠠᠯᠠᠵᠤ᠂ ᠵᠢᠮ᠎ᠡ ᠶᠣᠰᠣ ᠢ᠋ᠢ ᠵᠢᠷᠤᠮᠯᠠᠨ᠂ ᠦᠨᠡᠨ ᠢ᠋ ᠪᠠᠷᠢᠮᠲᠠᠯᠠᠨ ᠪᠣᠳᠠᠲᠠᠶ ᠢ᠋ᠢ ᠡᠷᠬᠢᠮᠯᠡᠵᠦ᠍᠂ ᠪᠣᠳᠠᠲᠠᠶ ᠠᠵᠢᠯᠯᠠᠬᠤ ᠤᠳᠤᠷᠢᠳᠤᠮᠵᠢ ᠢ᠋ᠢ ᠪᠠᠲᠤ ᠪᠣᠶ ᠪᠣᠯᠭᠠᠵᠤ᠂ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠪᠡᠷ ᠣᠳᠣᠬᠢᠴᠢᠯᠠᠭ᠍ᠰᠠᠨ ᠣᠷᠳᠣᠰ ᠤ᠋ᠨ ᠪᠥᠲᠥᠭᠡᠨ ᠪᠠᠢᠭᠤᠯᠤᠯᠲᠠ ᠢ᠋ᠢᠨ ᠱᠢᠨ᠎ᠡ ᠪᠠᠢᠳᠠᠯ ᠢ᠋ ᠡᠭᠦᠳᠬᠦ᠌ ᠢ᠋ᠢ ᠬᠥᠲᠥᠯᠥᠨ ᠳᠠᠭᠠᠭᠤᠯᠪᠠ᠃