ᠦᠷ᠎ᠤᠨ 4 ᠴᠠᠭ ᠲᠤ᠌᠂ ᠬᠥᠬᠡᠬᠣᠲᠠ᠎ᠶ᠋ᠢᠨ ᠮᠧᠢ ᠲᠦᠩ ᠲᠠᠷᠢᠶᠠᠯᠠᠩ ᠠᠷᠠᠯᠵᠢᠶᠠᠨ ᠤ᠋ ᠵᠠᠬ᠎ᠠ ᠳᠡᠯᠭᠡᠭᠦᠷ᠎ᠲᠦ ᠢᠳᠡᠱᠢᠨ ᠨᠣᠭᠣᠭ᠎ᠠ ᠪᠥᠭᠡᠮ᠎ᠢᠶᠡᠷ ᠪᠣᠷᠣᠯᠠᠭᠤᠯᠬᠤ ᠬᠤᠳᠠᠯᠳᠤᠭᠠᠴᠢᠨ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠳ ᠪᠠᠷᠠᠭ᠎ᠠ ᠪᠡᠨ ᠲᠡᠭᠡᠭᠡᠪᠤᠷᠢᠯᠡᠬᠦ ᠪᠤᠶᠤ ᠪᠠᠭᠤᠯᠭᠠᠵᠤ ᠶᠠᠭᠠᠷᠠᠯᠳᠤᠨ᠂ ᠵᠠᠬ᠎ᠠ ᠲᠡᠯᠭᠡᠭᠦᠷ ᠲᠤ᠌ ᠬᠦᠷ ᠬᠦᠭᠵᠢᠶᠡᠨ ᠵᠢᠡᠷ ᠪᠢᠯᠬᠠᠨ᠎ᠠ᠃ ᠭᠠᠳᠠᠨ᠎ᠠ ᠡᠴᠡ ᠢᠷᠡᠭ᠌ᠰᠡᠨ ᠢᠳᠡᠱᠢᠨ ᠨᠣᠭᠣᠭ᠎ᠠ ᠵᠢᠨ ᠲᠡᠭᠡᠭᠡᠪᠦᠷᠢ᠎ᠶ᠋ᠢᠨ ᠲᠡᠷᠭᠡᠨ᠎ᠦ ᠳᠡᠷᠭᠡᠳᠡ᠂ ᠦᠯᠢᠭᠡᠷ ᠶᠠᠩᠵᠤ ᠠᠪᠤᠭ᠍ᠴᠢ ᠯᠢᠶᠠᠩ ᠯᠧ ᠯᠧ ᠠᠵᠢᠯᠴᠢᠳ ᠤ᠋ᠨ ᠪᠦᠲᠡᠭᠡᠯᠭᠡ᠎ᠪᠡᠨ ᠳᠡᠯᠭᠡᠬᠦ ᠵᠢ ᠬᠦᠯᠢᠶᠡᠨ ᠵᠤᠭᠰᠤᠨ᠎ᠠ᠃《ᠵᠠᠩᠭᠤᠢᠳᠠ ᠡ᠂ ᠨᠢᠭᠡ ᠴᠣᠭᠣᠷ ᠨᠣᠭᠣᠭ᠎ᠠ᠂ ᠨᠢᠭᠡ ᠥᠷᠭᠡᠰᠦᠲᠦ ᠬᠡᠮᠬᠡ ᠠᠪᠤᠭᠠᠳ ᠢᠷ᠎ᠡ᠂ ᠪᠢᠳᠡ ᠡᠳᠦᠷ ᠲᠤᠲᠤᠮ᠎ᠤᠨ ᠲᠦᠷᠭᠡᠨ ᠪᠠᠢᠴᠠᠭᠠᠯᠲᠠ ᠬᠢᠶ᠎ᠡ》 ᠭᠡᠵᠦ ᠬᠡᠯᠡᠬᠦ᠌ ᠵᠢᠨ ᠲᠠᠭᠠᠦ ᠯᠢᠶᠠᠩ ᠯᠧ ᠯᠸ ᠨᠢᠭᠡᠨᠲᠡ ᠦᠯᠢᠭᠡᠷ ᠶᠠᠩᠵᠤ᠎ᠪᠠᠨ ᠤᠭᠤᠲᠠᠨ᠎ᠳᠤ ᠬᠢᠵᠦ᠍᠂ ᠬᠤᠳᠠᠯᠳᠤᠭᠠᠴᠢᠨ ᠡᠷᠦᠬᠡ᠎ᠶ᠋ᠢᠨ ᠨᠡᠷ᠎ᠡ᠂ ᠦᠯᠢᠭᠡᠷ ᠶᠠᠩᠵᠤ᠎ᠶ᠋ᠢᠨ ᠨᠡᠷᠡᠢᠳᠦᠯ ᠪᠠ ᠦᠯᠢᠭᠡᠷ ᠶᠠᠩᠵᠤ ᠠᠪᠤᠭᠰᠠᠨ ᠡᠳᠦᠷ ᠬᠤᠭᠤᠴᠠᠭ᠎ᠠ᠎ᠶ᠋ᠢ ᠲᠣᠳᠣᠷᠬᠠᠢ ᠪᠢᠴᠢᠪᠡ᠂ ᠣᠬᠣᠷᠬᠠᠨ ᠬᠠᠭᠠᠰ ᠴᠠᠭ᠎ᠤᠨ ᠳᠣᠲᠣᠷ᠎ᠠ᠂ ᠲᠡᠷᠡ ᠡᠯ᠎ᠡ ᠬᠤᠳᠠᠯᠳᠤᠭᠠᠨ ᠤ᠋ ᠪᠠᠢᠷᠢ ᠪᠠ ᠲᠡᠭᠡᠭᠡᠪᠦᠷᠢ᠎ᠶ᠋ᠢᠨ ᠲᠡᠷᠭᠡ᠎ᠶ᠋ᠢᠨ ᠬᠣᠭᠣᠷᠣᠨᠳᠣ ᠰᠦᠯᠵᠢᠯᠳᠦᠵᠦ᠍᠂ ᠲᠥᠪᠡᠳ ᠬᠠᠰᠢ᠂ ᠲᠤᠩᠬᠤᠤ᠂ ᠱᠢᠯᠢᠮᠳᠡᠭ ᠵᠡᠷᠭᠡ 50 ᠭᠠᠷᠤᠢ ᠪᠦᠯᠦᠭ ᠤᠳᠠᠭ᠎ᠠ᠎ᠶ᠋ᠢᠨ ᠦᠯᠢᠭᠡᠷ ᠶᠠᠩᠵᠤ᠎ᠶ᠋ᠢ ᠴᠤᠭ᠍ᠯᠠᠭᠤᠯᠪᠠ᠃
ᠲᠤᠬᠠᠶ᠎ᠶ᠋ᠢᠨ ᠲᠠᠯᠠᠪᠤᠷ᠎ᠲᠤ ᠥᠯᠢᠭᠡᠷ ᠶᠠᠩᠵᠤ ᠠᠪᠬᠤ᠂ ᠥᠯᠢᠭᠡᠷ ᠶᠠᠩᠵᠤ ᠵᠢ ᠤᠷᠢᠳ ᠵᠢᠡᠷ ᠱᠢᠶ᠋ᠳᠪᠦᠷᠢᠯᠡᠬᠦ᠌᠂ ᠤᠷᠪᠠᠯᠵᠢ᠎ᠶ᠋ᠢᠨ ᠪᠠᠢᠳᠠᠯ᠎ᠢ ᠱᠢᠯᠭᠠᠨ ᠪᠠᠢᠴᠠᠭᠠᠬᠤ᠎ᠡᠴᠡ ᠠᠪᠤᠭᠠᠳ᠂ ᠬᠡᠮᠵᠢᠭᠦᠷᠯᠢᠭᠵᠢᠡᠷ ᠱᠢᠯᠭᠠᠨ ᠪᠠᠢᠴᠠᠭᠠᠬᠤ᠂ ᠲᠣᠭ᠎ᠠ ᠪᠠᠷᠢᠮᠲᠠ᠎ᠶ᠋ᠢ ᠪᠢᠴᠢᠵᠦ᠍ ᠣᠷᠣᠭᠤᠯᠬᠤ᠂ ᠦᠷ᠎ᠡ ᠳ᠋ᠦᠩ᠎ᠢ ᠵᠠᠷᠯᠠᠨ ᠨᠡᠢᠲᠡᠯᠡᠬᠦ᠌ ᠬᠦᠷᠲᠡᠯ᠎ᠡ᠂ ᠢᠳᠡᠱᠢᠨᠦ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠦᠷᠭᠡᠨ ᠰᠢᠯᠭᠠᠨ ᠪᠠᠢᠴᠠᠭᠠᠯᠲᠠ᠎ᠶ᠋ᠢᠨ ᠭᠣᠭ᠍ᠴᠣᠭ᠎ᠠ ᠨᠢᠭᠡ ᠪᠦᠷᠢ᠎ᠶ᠋ᠢ ᠴᠥᠮ ᠡᠮᠬᠢ ᠵᠢᠷᠤᠮ᠎ᠲᠠᠶ ᠠᠬᠢᠭᠤᠯᠵᠤ᠂ ᠲᠠᠷᠢᠶᠠᠨ ᠭᠠᠵᠠᠷ᠎ᠡᠴᠡ ᠬᠣᠭᠣᠯᠠᠨ ᠱᠢᠷᠡᠭᠡ ᠬᠦᠷᠲᠡᠯᠡᠬᠢ ᠢᠳᠡᠭᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠤᠳᠠᠭ᠎ᠠ ᠪᠦᠷᠢ ᠵᠢᠨ ᠱᠢᠨᠵᠢᠯᠡᠬᠦ᠌ ᠤᠬᠠᠭᠠᠨᠴᠢ᠎ᠪᠠᠷ ᠱᠢᠯᠭᠠᠨ ᠪᠠᠢᠴᠠᠭᠠᠬᠤ ᠳᠤᠮᠳᠠ ᠪᠠᠲᠤ ᠴᠣᠭ᠍ᠴᠠᠯᠠᠨ᠎ᠠ᠃
8 ᠴᠠᠭ ᠪᠣᠯᠤᠭ᠎ᠠ ᠥᠬᠡᠶ᠎ᠪᠡᠷ᠂ ᠵᠠᠬ᠎ᠠ ᠳᠡᠯᠭᠡᠭᠦᠷ᠎ᠦᠨ ᠱᠢᠯᠭᠠᠨ ᠪᠠᠢᠴᠠᠭᠠᠬᠤ ᠲᠠᠰᠤᠭ᠎ᠤᠨ ᠬᠠᠷᠢᠭᠤᠴᠠᠯᠭᠠᠲᠠᠨ ᠵᠠᠩ ᠴᠤᠤ ᠲᠣᠭ᠍ᠲᠠᠭ᠍ᠰᠠᠨ ᠭᠠᠵᠠᠷ᠎ᠲᠤ ᠬᠦᠷᠴᠦ᠍᠂ ᠥᠯᠢᠭᠡᠷ ᠶᠠᠩᠵᠤ ᠵᠢ ᠳᠠᠩᠰᠠᠯᠠᠭᠤᠯᠵᠤ ᠲᠤᠱᠢᠶᠠᠭ᠍ᠰᠠᠨ᠎ᠤ ᠳᠠᠷᠠᠭ᠎ᠠ᠂ ᠲᠡᠷᠡ ᠳᠠᠷᠤᠶᠳᠤᠨᠢ ᠴᠤᠭ᠍ᠯᠠᠭᠤᠯᠤᠭ᠍ᠰᠠᠨ ᠥᠯᠢᠭᠡᠷ ᠶᠠᠩᠵᠤ ᠪᠡᠨ ᠠᠪᠴᠤ᠌ ᠲᠦᠷᠭᠡᠨ ᠪᠠᠢᠴᠠᠭᠠᠬᠤ ᠲᠠᠰᠤᠭ᠎ᠲᠤ ᠬᠦᠷᠴᠡᠶ᠃ ᠠᠵᠢᠯ᠎ᠤᠨ ᠬᠤᠪᠴᠠᠰᠤ᠎ᠪᠠᠨ ᠰᠠᠢᠲᠤᠷ ᠡᠮᠦᠰᠴᠦ᠍ ᠵᠡᠭᠦᠭᠡᠳ᠂ ᠲᠡᠷᠡ ᠪᠠᠷᠢᠨ ᠪᠠᠢᠴᠠᠭᠠᠨ ᠱᠢᠯᠭᠠᠬᠤ ᠪᠠᠴᠢᠮ ᠠᠵᠢᠯ᠎ᠳᠤ ᠣᠷᠣᠯᠴᠠᠵᠤ᠂ ᠤᠷᠢᠳ᠎ᠢᠶᠠᠷ 15 ᠦᠯᠢᠭᠡᠷ ᠶᠠᠩᠵᠤ᠎ᠶ᠋ᠢ ᠰᠣᠩᠭᠣᠵᠤ᠂ ᠦᠯᠢᠭᠡᠷ ᠶᠠᠩᠵᠤ ᠪᠦᠷᠢ᠎ᠶ᠋ᠢ 2 ᠭᠷᠠᠮ ᠣᠷᠴᠢᠮ ᠣᠨᠣᠪᠴᠢᠲᠠᠢ ᠦᠯᠡᠳᠡᠭᠡᠵᠦ᠍᠂ ᠬᠠᠢᠴᠢᠯᠠᠵᠤ ᠬᠡᠮᠬᠡᠯᠬᠦ᠌᠂ ᠳᠡᠪᠲᠦᠭᠡᠬᠦ᠌᠂ ᠭᠠᠷᠭᠠᠨ ᠠᠪᠬᠤ ᠵᠡᠷᠭᠡ ᠠᠯᠢ ᠤᠯᠠᠨ ᠠᠵᠢᠯ ᠬᠢᠵᠤ᠂ ᠳᠤᠮᠳᠠ ᠨᠢ ᠤᠯᠠᠨ ᠤᠳᠠᠭ᠎ᠠ ᠠᠳᠠᠯᠢ ᠪᠤᠰᠤ ᠲᠤᠰᠭᠠᠢ ᠬᠡᠷᠡᠭ᠌ᠯᠡᠭᠡᠨ᠎ᠦ ᠪᠠᠢᠴᠠᠭᠠᠨ ᠱᠢᠯᠭᠠᠬᠤ ᠲᠤᠷᠱᠢᠯᠲᠠ᠎ᠶ᠋ᠢᠨ ᠡᠮ᠎ᠢ ᠳᠤᠰᠤᠭᠠᠵᠤ᠂ ᠳᠡᠮᠡᠢ ᠤᠳᠠᠭ᠍ᠰᠠᠨ ᠦᠭᠡᠢ ᠲᠠᠷᠢᠶᠠᠨ ᠡᠮ᠎ᠦᠨ ᠦᠯᠡᠳᠡᠭ᠌ᠳᠡᠯ ᠵᠡᠷᠭᠡ ᠵᠠᠩᠭᠢᠯᠠᠭ᠎ᠠ᠎ᠶ᠋ᠢᠨ ᠪᠠᠢᠴᠠᠭᠠᠨ ᠱᠢᠯᠭᠠᠬᠤ ᠦᠷ᠎ᠡ ᠳ᠋ᠦᠩ ᠨᠢ ᠪᠠᠢᠴᠠᠭᠠᠨ ᠱᠢᠯᠭᠠᠬᠤ ᠬᠡᠮᠵᠢᠭᠦᠷᠯᠢᠭ᠎ᠦᠨ ᠳᠡᠯᠭᠡᠴᠡ ᠳᠡᠭᠡᠷ᠎ᠡ ᠲᠣᠳᠣᠷᠬᠠᠢ ᠢᠯᠡᠷᠡᠪᠡ᠃《ᠪᠢᠳᠡ ᠲᠤᠰ ᠡᠳᠦᠷ᠎ᠲᠦ᠎ᠨᠢ ᠱᠢᠯᠭᠠᠨ ᠪᠠᠢᠴᠠᠭᠠᠵᠤ᠂ ᠲᠤᠰ ᠡᠳᠦᠷ᠎ᠲᠦ᠎ᠨᠢ ᠵᠠᠷᠯᠠᠨ ᠨᠡᠢᠲᠡᠯᠡᠬᠦ᠌᠎ᠶ᠋ᠢ ᠪᠠᠷᠢᠮᠲᠠᠯᠠᠵᠤ᠂ ᠪᠥᠬᠥ᠌ ᠶᠠᠪᠤᠴᠠ᠎ᠶ᠋ᠢ ᠢᠯᠡ ᠲᠣᠳᠣ ᠪᠣᠯᠭᠠᠪᠠ》᠃ ᠵᠠᠩ ᠴᠤᠤ ᠠᠵᠢᠯ ᠵᠢᠡᠨ ᠬᠢᠬᠦ ᠵᠢᠨ ᠲᠠᠭᠠᠦ ᠲᠠᠨᠢᠯᠴᠠᠭᠤᠯᠵᠤ᠂ ᠭᠠᠷ᠎ᠲᠡᠬᠢ ᠠᠵᠢᠯ᠎ᠢᠶᠡᠨ ᠤᠭᠳᠤ ᠰᠠᠭᠠᠳᠠᠭᠠᠯ ᠦᠭᠡᠢ ᠪᠡᠷ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠯᠢᠭᠡᠷ ᠶᠠᠩᠵᠤ ᠵᠢᠨ ᠡᠮᠬᠢ ᠴᠡᠭ᠌ᠴᠡ᠎ᠲᠡᠶ ᠪᠦᠬᠦ᠌ ᠶᠠᠪᠤᠴᠠ᠎ᠶ᠋ᠢᠨ ᠱᠢᠯᠭᠠᠨ ᠪᠠᠢᠴᠠᠭᠠᠯᠲᠠ᠎ᠶ᠋ᠢ ᠪᠡᠶᠡᠯᠡᠭᠦᠯᠪᠡ᠃
ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠬᠦ᠌᠎ᠶ᠋ᠢᠨ ᠲᠥᠯᠥᠭᠡ᠂ ᠡᠨᠡ ᠵᠢᠯ᠎ᠡᠴᠡ ᠨᠠᠭᠠᠰᠢ᠂ ᠬᠥᠬᠡᠬᠣᠲᠠ ᠲᠠᠷᠢᠶᠠᠯᠠᠩ᠎ᠤᠨ ᠪᠦᠲᠦᠭᠡᠭ᠌ᠳᠡᠬᠦᠨᠢ᠋ ᠪᠥᠭᠡᠮ᠎ᠢᠶᠡᠷ ᠬᠤᠳᠠᠯᠳᠤᠬᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ 《ᠡᠳᠦᠷ ᠪᠦᠷᠢ ᠡᠷᠬᠡᠪᠰᠢ ᠰᠢᠯᠭᠠᠨ ᠪᠠᠢᠴᠠᠭᠠᠬᠤ᠂ ᠲᠤᠬᠢᠶᠠᠯᠳᠤᠯ ᠵᠢᠠᠷ ᠰᠤᠭᠤᠴᠢᠨ ᠪᠠᠢᠴᠠᠭᠠᠬᠤ》 ᠠᠵᠢᠯ᠎ᠤᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠢᠳᠡᠱᠢᠨᠦ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠦᠷᠭᠡᠨ ᠰᠢᠯᠭᠠᠨ ᠪᠠᠢᠴᠠᠭᠠᠯᠲᠠ᠎ᠶ᠋ᠢᠨ ᠠᠵᠢᠯ᠎ᠢ ᠵᠠᠬ᠎ᠠ ᠳᠡᠯᠭᠡᠭᠦᠷ᠎ᠦᠨ ᠡᠵᠡᠩᠨᠡᠯᠲᠡ᠎ᠶ᠋ᠢᠨ ᠪᠥᠬᠥ᠌ ᠶᠠᠪᠤᠴᠠ᠎ᠳᠤ ᠲᠤᠭᠤᠱᠢᠯᠠᠭᠤᠯᠵᠤ᠂ ᠡᠬᠢ ᠡᠭᠦᠰᠦᠯ᠎ᠡᠴᠡ᠎ᠨᠢ ᠰᠡᠷᠭᠡᠢᠯᠡᠨ ᠡᠵᠡᠮᠳᠡᠬᠦ᠌᠂ ᠪᠥᠬᠥ᠌ ᠶᠠᠪᠤᠴᠠ᠎ᠳᠤ ᠬᠢᠨᠠᠨ ᠬᠠᠮᠢᠶᠠᠷᠬᠤ᠎ᠶ᠋ᠢ ᠪᠡᠶᠡᠯᠡᠭᠦᠯᠪᠡ᠃
《ᠪᠢᠳᠡ 〈ᠡᠳᠦᠷ ᠪᠦᠷᠢ ᠰᠢᠯᠭᠠᠨ ᠪᠠᠢᠴᠠᠭᠠᠬᠤ〉 ᠠᠵᠢᠯ᠎ᠢ ᠪᠠᠢᠩᠭᠤ ᠥᠷᠨᠢᠭᠦᠯᠵᠦ᠍᠂ ᠡᠨᠡ ᠵᠢᠯ ᠪᠠᠰᠠ ᠱᠢᠯᠭᠠᠨ ᠪᠠᠢᠴᠠᠭᠠᠬᠤ ᠲᠣᠭ᠎ᠠ ᠬᠡᠮᠵᠢᠶ᠎ᠡ ᠪᠠ ᠱᠢᠯᠭᠠᠨ ᠪᠠᠢᠴᠠᠭᠠᠬᠤ ᠲᠥᠷᠥᠯ ᠵᠦᠶ᠋ᠯ᠎ᠢ ᠨᠡᠮᠡᠭ᠌ᠳᠡᠭᠦᠯᠵᠦ᠍᠂ ᠪᠥᠬᠥ᠌ ᠶᠠᠪᠤᠴᠠ᠎ᠳᠤ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠬᠢᠷᠢ ᠲᠡᠩᠴᠡᠭᠦ᠌ ᠥᠬᠡᠶ ᠲᠠᠷᠢᠶᠠᠯᠠᠩ᠎ᠤᠨ ᠪᠦᠲᠦᠭᠡᠭ᠌ᠳᠡᠬᠦᠨ᠎ᠢ ᠣᠯᠵᠤ ᠮᠡᠳᠡᠪᠡᠯ᠂ ᠲᠡᠷᠡ ᠳᠠᠷᠤᠶᠳᠤᠨᠢ ᠬᠤᠳᠠᠯᠳᠤᠭᠠᠴᠢᠨ᠎ᠢ ᠱᠠᠯᠠᠪᠳᠠᠨ ᠪᠠᠷᠠᠭ᠎ᠠ ᠵᠢ ᠨᠢ ᠵᠢᠶᠠᠰᠠᠨ᠎ᠡᠴᠡ ᠪᠠᠭᠤᠯᠭᠠᠨ ᠪᠢᠲᠡᠭᠦᠮᠵᠢᠯᠡᠵᠦ᠍᠂ ᠪᠣᠷᠣᠯᠠᠭᠤᠯᠬᠤ᠎ᠶ᠋ᠢ ᠵᠣᠭ᠍ᠰᠣᠭᠠᠬᠤ᠎ᠶ᠋ᠢᠨ ᠬᠠᠮᠲᠤ ᠡᠬᠢ ᠡᠭᠦᠰᠦᠯ᠎ᠢ᠎ᠨᠢ ᠮᠦᠷᠳᠡᠨ ᠨᠡᠬᠡᠮᠵᠢᠯᠡᠵᠦ᠂ ᠠᠰᠠᠭᠤᠳᠠᠯ ᠲᠠᠢ ᠢᠳᠡᠭᠡᠨ᠎ᠦ ᠮᠠᠲ᠋ᠧᠷᠢᠶᠠᠯ᠎ᠢ ᠠᠷᠠᠳ᠎ᠤᠨ ᠬᠣᠭᠣᠯᠠᠨ ᠱᠢᠷᠡᠭᠡᠨ᠎ᠳᠦ ᠶᠠᠭᠠᠬᠢᠭ᠍ᠰᠠᠨ ᠴᠤ᠌ ᠣᠷᠣᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠵᠤ ᠪᠤᠢ》ᠭᠡᠵᠦ᠍ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠮᠧᠶ ᠲᠦᠩ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠸᠠᠩ ᠭᠦᠸᠧ ᠸᠸᠨ ᠲᠠᠨᠢᠯᠴᠠᠭᠤᠯᠪᠠ᠃
ᠢᠳᠡᠱᠢᠨᠦ ᠲᠠᠷᠢᠶᠠᠯᠠᠩ᠎ᠤᠨ ᠪᠦᠲᠦᠭᠡᠭ᠌ᠳᠡᠬᠦᠨ᠎ᠦ《ᠡᠳᠦᠷ ᠪᠦᠷᠢ ᠰᠢᠯᠭᠠᠨ ᠪᠠᠢᠴᠠᠭᠠᠬᠤ》ᠠᠵᠢᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠬᠦ᠌᠎ᠵᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠡᠴᠡ ᠨᠢᠭᠡᠳᠦᠯᠲᠡᠶ ᠲᠥᠯᠥᠪᠵᠢᠭᠦᠯᠦᠨ ᠪᠠᠢᠷᠢᠯᠠᠭᠤᠯᠵᠤ᠂ ᠡᠯ᠎ᠡ ᠠᠢᠮᠠᠭ ᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠲᠤᠰᠭᠠᠶ ᠰᠤᠭᠤᠴᠢᠨ ᠪᠠᠢᠴᠠᠭᠠᠬᠤ᠂ ᠬᠣᠱᠢᠭᠤ ᠱᠢᠶᠠᠨ ᠲᠣᠭᠣᠷᠢᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠡᠳᠦᠷ ᠲᠤᠲᠤᠮ᠎ᠤᠨ ᠲᠦᠷᠭᠡᠨ ᠰᠢᠯᠭᠠᠨ ᠪᠠᠢᠴᠠᠭᠠᠯᠲᠠ᠂ ᠲᠠᠷᠢᠶᠠᠯᠠᠩ᠎ᠤᠨ ᠪᠦᠲᠦᠭᠡᠭᠳᠡᠭᠦᠨ ᠢ᠋ ᠪᠥᠭᠡᠮ ᠵᠢᠡᠷ ᠬᠤᠳᠠᠯᠳᠤᠬᠤ ᠲᠠᠷᠢᠶᠠᠯᠠᠩ ᠠᠷᠠᠯᠵᠢᠶᠠᠨ᠎ᠤ ᠵᠠᠬ᠎ᠠ ᠳᠡᠯᠭᠡᠭᠦᠷ᠎ᠲᠦ ᠣᠷᠣᠭᠤᠯᠬᠤ ᠳ᠋ᠦ ᠥᠪᠡᠰᠦᠪᠡᠨ ᠪᠠᠢᠴᠠᠭᠠᠬᠤ ᠵᠡᠷᠭᠡ ᠣᠯᠠᠨ ᠲᠠᠯ᠎ᠠ᠎ᠶ᠋ᠢᠨ ᠬᠦᠴᠦᠨ᠎ᠦ ᠴᠣᠭ᠍ᠴᠠᠯᠠᠭ᠍ᠰᠠᠨ ᠳᠡᠭᠡᠳᠦ ᠳᠤᠤᠷᠠᠳᠤ ᠱᠠᠲᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠭ᠌ᠰᠡᠨ᠂ ᠣᠯᠠᠨ ᠳᠠᠪᠬᠤᠷᠭ᠎ᠠ᠎ᠪᠠᠷ ᠬᠠᠮᠵᠢᠯᠴᠠᠭ᠍ᠰᠠᠨ᠂ ᠪᠥᠬᠥ᠌ ᠣᠷᠣᠨ ᠪᠦᠰᠡ᠎ᠵᠢ ᠬᠠᠮᠤᠷᠤᠭ᠍ᠰᠠᠨ ᠢᠳᠡᠭᠡᠨ᠎ᠦ ᠪᠠᠢᠴᠠᠭᠠᠨ ᠬᠡᠮᠵᠢᠯᠲᠡ᠎ᠶ᠋ᠢᠨ ᠪᠥᠬᠥ᠌ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠨᠡᠢᠳᠭᠡᠭᠰᠡᠨ ᠪᠠᠢᠨ᠎ᠠ᠃
ᠰᠤᠷᠪᠤᠯᠵᠢᠯᠠᠭ᠎ᠠ᠎ᠶ᠋ᠢᠨ ᠳᠤᠮᠳᠠ᠂ ᠰᠤᠷᠪᠤᠯᠵᠢᠯᠠᠭ᠍ᠴᠢ ᠴᠥᠭᠡᠨ ᠪᠤᠰᠤ ᠬᠣᠲᠠ᠎ᠶ᠋ᠢᠨ ᠠᠷᠠᠳ ᠢᠳᠡᠱᠢᠨᠦ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠦᠷᠭᠡᠨ ᠪᠠᠢᠴᠠᠭᠠᠯᠲᠠ᠎ᠶ᠋ᠢᠨ ᠠᠵᠢᠯ᠎ᠢ ᠲᠡᠢᠮᠦ᠍ ᠰᠠᠢᠨ ᠣᠢᠯᠠᠭᠠᠬᠤ ᠥᠬᠡᠶ ᠪᠠᠢᠬᠤ᠎ᠶ᠋ᠢ ᠣᠯᠵᠤ ᠮᠡᠳᠡᠵᠡᠶ᠂ ᠰᠣᠨᠢᠭᠤᠴᠢ ᠰᠡᠳᠭᠢᠯ ᠲᠠᠢ ᠬᠡᠷᠡᠭ᠌ᠯᠡᠭ᠌ᠴᠢ ᠲᠠᠭᠠᠷᠠᠯᠳᠤᠪᠠᠯ᠂ ᠱᠢᠯᠭᠠᠨ ᠪᠠᠢᠴᠠᠭᠠᠬᠤ ᠠᠵᠢᠯᠲᠠᠨ᠄ 《ᠢᠳᠡᠱᠢᠨᠦ ᠲᠠᠷᠢᠶᠠᠯᠠᠩ᠎ᠤᠨ ᠪᠦᠲᠦᠭᠡᠭ᠌ᠳᠡᠬᠦᠨ ᠨᠢ ᠦᠶ᠋ᠯᠡᠳᠪᠦᠷᠢᠯᠡᠯ᠎ᠦᠨ ᠭᠣᠭ᠍ᠴᠣᠭᠠᠨᠳᠤ ᠲᠠᠷᠢᠶᠠᠨ ᠡᠮ᠎ᠦᠨ ᠦᠯᠡᠳᠡᠭ᠌ᠳᠡᠯ᠂ ᠮᠠᠯ᠎ᠤᠨ ᠡᠮ᠎ᠦᠨ ᠦᠯᠡᠳᠡᠭ᠌ᠳᠡᠯ᠎ᠦᠨ ᠪᠠᠷᠢᠮᠵᠢᠶ᠎ᠠ᠎ᠡᠴᠡ ᠬᠡᠲᠦᠷᠡᠬᠦ᠌ ᠵᠡᠷᠭᠡ ᠠᠮᠤᠷ ᠲᠦᠪᠱᠢᠨ᠎ᠦ ᠠᠶᠤᠯ ᠲᠦᠭ᠌ᠰᠢᠭᠦᠷᠢ ᠠᠮᠠᠷᠬᠠᠨ ᠭᠠᠷᠳᠠᠭ᠂〈ᠡᠳᠦᠷ ᠪᠦᠷᠢ᠎ᠶ᠋ᠢᠨ ᠪᠠᠢᠴᠠᠭᠠᠯᠲᠠ〉 ᠪᠣᠯ ᠳᠠᠷᠤᠶ ᠡᠳᠦᠷ ᠪᠦᠷᠢ᠎ᠶ᠋ᠢᠨ ᠪᠠᠢᠩᠭᠤᠵᠢᠭ᠍ᠰᠠᠨ ᠠᠶᠤᠯ ᠲᠦᠭ᠌ᠰᠢᠭᠦᠷᠢ᠎ᠶ᠋ᠢᠨ ᠰᠢᠭᠰᠢᠨ ᠪᠠᠢᠴᠠᠭᠠᠯᠲᠠ᠎ᠪᠠᠷ ᠳᠠᠮᠵᠢᠭᠤᠯᠤᠨ᠂ ᠬᠢᠷᠢ ᠲᠡᠩᠴᠡᠭᠦ᠌ ᠥᠬᠡᠶ ᠢᠳᠡᠭᠡᠨ᠎ᠦ ᠮᠠᠲ᠋ᠧᠷᠢᠶᠠᠯ᠎ᠢ ᠵᠠᠬ᠎ᠠ ᠳᠡᠯᠭᠡᠭᠦᠷ᠎ᠦᠨ ᠭᠠᠳᠠᠨ᠎ᠠ ᠬᠠᠱᠢᠵᠤ ᠬᠤᠷᠢᠬᠯᠠᠳᠠᠭ᠂ ᠡᠨᠡ ᠪᠣᠯ ᠣᠯᠠᠨ ᠲᠦᠮᠡᠨ᠎ᠤ ᠡᠳᠦᠷ ᠲᠤᠲᠤᠮ᠎ᠤᠨ ᠢᠳᠡᠭᠡᠨ ᠤᠮᠳᠠᠭᠠᠨ᠎ᠤ ᠠᠮᠤᠷ ᠲᠦᠪᠱᠢᠨ᠎ᠢ ᠪᠠᠲᠤᠯᠠᠬᠤ ᠬᠠᠮᠤᠭ᠎ᠤᠨ ᠱᠢᠭᠤᠳ᠂ ᠬᠠᠮᠤᠭ᠎ᠤᠨ ᠪᠦᠲᠦᠮᠵᠢᠲᠡᠶ ᠠᠷᠭ᠎ᠠ ᠬᠡᠯᠪᠡᠷᠢ ᠮᠥᠨ》 ᠭᠡᠵᠦ ᠬᠦᠯᠢᠴᠡᠩᠬᠦᠢ ᠪᠠᠷ ᠲᠠᠢᠯᠤᠮᠵᠢ ᠬᠢᠳᠡᠭ᠃
ᠡᠨᠡ ᠬᠦ᠌ ᠴᠢᠩ ᠰᠡᠳᠭᠢᠯ᠎ᠦᠨ ᠰᠠᠬᠢᠨ ᠬᠠᠮᠠᠭᠠᠯᠠᠯᠲᠠ ᠨᠢ ᠪᠠᠰᠠ ᠵᠠᠬ᠎ᠠ ᠳᠡᠯᠭᠡᠭᠦᠷ᠎ᠦᠨ ᠬᠤᠳᠠᠯᠳᠤᠭᠠᠴᠢᠳ᠎ᠤᠨ ᠬᠠᠮᠵᠢᠯᠴᠠᠭ᠎ᠠ ᠲᠡᠮᠵᠢᠯᠬᠡ᠎ᠶ᠋ᠢ ᠣᠯᠤᠭ᠍ᠰᠠᠨ ᠪᠠᠢᠨ᠎ᠠ᠃ ᠬᠤᠳᠠᠯᠳᠤᠭᠠᠨ᠎ᠤ ᠡᠷᠦᠬᠡ᠎ᠨᠦᠭᠦᠳ᠂ ᠭᠠᠭ᠍ᠴᠠ ᠬᠦ᠌ ᠢᠳᠡᠭᠡᠨ᠎ᠦ ᠮᠠᠲ᠋ᠧᠷᠢᠶᠠᠯ ᠨᠢ ᠲᠣᠭ᠍ᠲᠠᠭᠠᠯ᠎ᠳᠤ ᠨᠡᠢᠴᠡᠪᠡᠯ ᠬᠡᠷᠡᠭ᠌ᠯᠡᠭ᠌ᠴᠢᠳ ᠰᠠᠶᠢ ᠰᠠᠨᠠᠭ᠎ᠠ ᠠᠮᠤᠷ ᠬᠤᠳᠠᠯᠳᠤᠨ ᠠᠪᠴᠤ᠌᠂ ᠰᠠᠨᠠᠭ᠎ᠠ ᠠᠮᠤᠷ ᠢᠳᠡᠵᠦ᠍ ᠤᠤᠭᠤᠨ᠎ᠠ᠂ ᠮᠢᠨᠦ ᠠᠷᠠᠯᠵᠢᠶᠠᠴᠤ᠌ ᠣᠷᠳᠣ ᠬᠤᠭᠤᠴᠠᠭ᠎ᠠ᠎ᠪᠠᠷ ᠲᠣᠭ᠍ᠲᠠᠭᠤᠨ ᠬᠢᠵᠦ᠍ ᠴᠢᠳᠠᠨ᠎ᠠ ᠭᠡᠵᠦ ᠢᠯᠡᠳᠭᠡᠵᠡᠭᠡᠪᠡ᠃ ᠶᠠᠭ ᠡᠢᠮᠦ ᠤᠴᠢᠷ᠎ᠡᠴᠡ ᠣᠯᠠᠨ᠎ᠢᠶᠠᠷ᠎ᠢᠶᠠᠨ ᠪᠠᠷᠠᠭ᠎ᠠ ᠣᠷᠣᠭᠤᠯᠬᠤ ᠭᠣᠭᠴᠣᠭ᠎ᠠ᠎ᠳᠤ ᠴᠥᠮ ᠭᠡᠷᠡᠴᠢ ᠪᠠᠷᠢᠮᠲᠠ ᠠᠪᠬᠤ ᠳᠦᠷᠢᠮ᠎ᠢ ᠰᠠᠨᠠᠭᠠᠴᠢᠯᠠᠭ᠎ᠠ᠎ᠡᠴᠡ᠎ᠪᠠᠨ ᠬᠡᠷᠡᠭᠵᠢᠭᠦᠯᠵᠦ᠂ ᠪᠠᠷᠠᠭ᠎ᠠ ᠣᠷᠣᠭᠤᠯᠬᠤ ᠡᠬᠢ ᠡᠭᠦᠰᠦᠯ᠎ᠡᠴᠡ ᠨᠢ ᠬᠠᠮᠵᠢᠯᠴᠠᠨ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ ᠡᠵᠡᠮᠳᠡᠯ᠎ᠢ ᠰᠠᠢᠲᠤᠷ ᠬᠢᠵᠦ᠂ ᠬᠢᠨᠠᠯᠲᠠ ᠬᠠᠮᠢᠶᠠᠷᠤᠯᠲᠠ ᠬᠢᠭᠡᠳ ᠡᠵᠡᠩᠨᠡᠯᠲᠡ ᠵᠡᠷᠭᠡ᠎ᠪᠡᠷ ᠬᠦᠴᠦᠯᠡᠵᠦ᠂ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠰᠠᠢᠨ ᠰᠠᠢᠬᠠᠨ ᠪᠠᠢᠳᠠᠯ᠎ᠢ ᠪᠣᠶ ᠪᠣᠯᠭᠠᠪᠠ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠵᠢᠯ᠎ᠦᠨ ᠡᠬᠢᠨ᠎ᠦ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠨᠡ ᠵᠢᠯ ᠪᠥᠬᠥ ᠣᠷᠣᠨ᠎ᠤ ᠲᠠᠷᠢᠶᠠᠯᠠᠩ᠎ᠤᠨ ᠪᠦᠲᠦᠭᠡᠭᠳᠡᠭᠦᠨ᠎ᠢ ᠪᠥᠭᠡᠮ᠎ᠢᠶᠡᠷ ᠬᠤᠳᠠᠯᠳᠤᠬᠤ ᠠᠷᠠᠯᠵᠢᠶᠠᠨ᠎ᠤ 180 ᠵᠠᠬ᠎ᠠ ᠳᠡᠯᠭᠡᠭᠦᠷ᠎ᠲᠦ 《ᠡᠳᠦᠷ ᠪᠦᠷᠢ ᠪᠠᠢᠴᠠᠭᠠᠬᠤ᠂ ᠡᠳᠦᠷ ᠪᠦᠷᠢ ᠰᠢᠯᠭᠠᠬᠤ》ᠠᠵᠢᠯ᠎ᠤᠨ ᠲᠣᠭᠲᠡᠴᠡ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠢᠷᠢ ᠲᠡᠩᠴᠡᠬᠦ ᠦᠭᠡᠢ ᠢᠳᠡᠭᠡᠨ ᠪᠠᠢᠬᠤ᠎ᠶᠢ ᠣᠯᠵᠤ ᠢᠯᠡᠷᠡᠬᠦᠯᠪᠠᠯ᠂ ᠳᠠᠷᠤᠢ ᠲᠦᠷᠭᠡᠨ ᠵᠠᠷᠯᠢᠭ᠍ᠳᠠᠵᠤ ᠪᠠᠢᠭᠠᠳ ᠪᠣᠷᠣᠯᠠᠭᠤᠯᠬᠤ᠎ᠶᠢ ᠨᠢ ᠵᠣᠭᠰᠣᠭᠠᠵᠤ᠂ ᠬᠠᠤᠯᠢ ᠶᠣᠰᠣᠭᠠᠷ ᠪᠢᠲᠡᠭᠦᠮᠵᠢᠯᠡᠨ ᠡᠭᠡᠭᠦᠯᠦᠨ ᠠᠪᠴᠢᠷᠠᠨ᠎ᠠ᠂ ᠣᠳᠣᠬᠠᠨ᠎ᠳᠤ ᠡᠨᠡ ᠬᠦ᠌ ᠠᠵᠢᠯᠯᠠᠭ᠎ᠠ᠎ᠶᠢ ᠨᠢᠭᠡᠨᠲᠡ ᠡᠯ᠎ᠡ ᠭᠠᠵᠠᠷ᠎ᠲᠤ ᠪᠥᠬᠥ ᠲᠠᠯ᠎ᠠ᠎ᠪᠠᠷ ᠥᠷᠨᠢᠭᠦᠯᠪᠡ᠃
ᠬᠥᠬᠡᠬᠣᠲᠠ ᠬᠠᠷᠢᠶ᠎ᠠ ᠣᠷᠣᠨ᠎ᠤ 9 ᠲᠣᠮᠣ᠌ ᠬᠡᠯᠪᠡᠷᠢ᠎ᠶᠢᠨ ᠲᠠᠷᠢᠶᠠᠯᠠᠩ᠎ᠤᠨ ᠪᠦᠲᠦᠭᠡᠭᠳᠡᠭᠦᠨ᠎ᠢ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠥᠪᠡᠰᠦᠪᠡᠨ ᠪᠠᠢᠴᠠᠭᠠᠵᠤ ᠥᠪᠡᠰᠦᠪᠡᠨ ᠰᠢᠯᠭᠠᠬᠤ᠎ᠶᠢ ᠪᠡᠶᠡᠯᠡᠭᠦᠯᠦᠭᠰᠡᠨ᠎ᠦ ᠳᠠᠷᠠᠭ᠎ᠠ᠂ ᠬᠣᠲᠠ᠎ᠶᠢᠨ ᠰᠢᠯᠭᠠᠨ ᠪᠠᠢᠴᠠᠭᠠᠵᠤ ᠪᠠᠢᠴᠠᠭᠠᠨ ᠬᠡᠮᠵᠢᠬᠦ ᠲᠥᠪ᠎ᠦᠨ ᠠᠵᠢᠯᠲᠠᠨ᠎ᠢ ᠵᠣᠬᠢᠶᠠᠨ ᠪᠠᠢᠭᠤᠯᠵᠤ᠂ ᠳᠠᠬᠢᠨᠲᠠ ᠢᠳᠡᠰᠢᠨ ᠨᠣᠭᠣᠭ᠎ᠠ᠂ ᠵᠢᠮᠢᠰ᠂ ᠮᠠᠯ ᠵᠢᠭᠦᠷᠲᠡᠨ᠎ᠦ ᠮᠢᠬ᠎ᠠ᠂ ᠤᠰᠤᠨ ᠭᠠᠷᠤᠯᠲᠠ ᠵᠡᠷᠭᠡ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠬᠡᠷᠡᠭᠯᠡᠭᠡᠨ᠎ᠦ ᠵᠦᠢᠯ᠎ᠦᠨ ᠲᠣᠭᠣᠷᠢᠨ᠎ᠳᠤ ᠬᠠᠨᠳᠤᠯᠭᠠᠲᠤ ᠴᠢᠨᠠᠷᠲᠠᠢ ᠲᠦᠷᠭᠡᠨ ᠰᠢᠯᠭᠠᠨ ᠬᠡᠮᠵᠢᠬᠦ ᠠᠵᠢᠯ ᠥᠷᠨᠢᠭᠦᠯᠪᠡ᠃ ᠲᠠᠷᠠᠭᠠᠴᠢ᠎ᠶᠢᠨ ᠠᠯᠬᠤᠮ᠎ᠳᠤ᠂ ᠬᠥᠬᠡᠬᠣᠲᠠ ᠪᠠᠰᠠ《ᠦᠪᠦᠷ ᠮᠣᠩᠭᠣᠯ᠎ᠤᠨ ᠢᠳᠡᠭᠡᠨ᠎ᠦ ᠬᠡᠯᠬᠢᠶ᠎ᠡ》ᠵᠢᠨ ᠢᠳᠡᠭᠡᠨ᠎ᠦ ᠠᠮᠤᠷ ᠲᠦᠪᠰᠢᠨ᠎ᠦ ᠮᠥᠷᠳᠡᠬᠦ ᠰᠢᠰᠲᠧᠮ᠎ᠢ ᠭᠦᠨᠵᠡᠭᠡᠢ ᠬᠡᠷᠡᠭᠯᠡᠵᠦ᠂ ᠰᠢᠰᠲᠧᠮ᠎ᠦᠨ ᠲᠦᠷᠭᠡᠨ ᠪᠠᠢᠴᠠᠭᠠᠯᠲᠠ᠎ᠳᠤ ᠬᠢᠷᠢ ᠲᠡᠩᠴᠡᠭᠰᠡᠨ ᠦᠷ᠎ᠡ ᠳ᠋ᠦᠩ᠎ᠢ ᠢᠳᠡᠭᠡᠨ᠎ᠦ ᠶᠠᠰᠤ ᠴᠢᠨᠠᠷ᠎ᠤᠨ ᠬᠢᠷᠢ ᠲᠡᠩᠴᠡᠭᠰᠡᠨ᠎ᠢ ᠮᠥᠷᠳᠡᠬᠦ ᠭᠡᠷᠡᠴᠢ ᠪᠠᠷᠢᠮᠲᠠ ᠪᠣᠯᠭᠠᠵᠤ᠂ ᠲᠠᠷᠢᠶᠠᠯᠠᠩ᠎ᠤᠨ ᠪᠦᠲᠦᠭᠡᠭᠳᠡᠭᠦᠨ᠎ᠢ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ᠂ ᠬᠡᠯᠬᠢᠶᠡᠵᠢᠭᠰᠡᠨ ᠬᠠᠮ ᠳᠡᠯᠭᠡᠭᠦᠷ᠂ ᠶᠡᠬᠡ ᠬᠡᠮᠵᠢᠶᠡᠨ᠎ᠦ ᠢᠳᠡᠭᠡᠨ᠎ᠦ ᠮᠠᠲᠧᠷᠢᠶᠠᠯ ᠬᠠᠩᠭᠠᠬᠤ ᠬᠤᠳᠠᠯᠳᠤᠭᠠᠴᠢᠨ᠂ ᠬᠠᠮᠲᠤ᠎ᠶᠢᠨ ᠬᠣᠭᠣᠯᠠ ᠢᠳᠡᠬᠦ ᠨᠢᠭᠡᠴᠢ ᠬᠢᠭᠡᠳ ᠬᠡᠷᠡᠭᠯᠡᠭᠴᠢᠳ᠎ᠦᠨ ᠬᠣᠭᠣᠷᠣᠨᠳᠣᠬᠢ ᠮᠡᠳᠡᠭᠡ ᠵᠠᠩᠭᠢ᠎ᠶᠢᠨ ᠪᠡᠬᠢᠯᠡᠯᠲᠡ᠎ᠶᠢ ᠠᠯᠬᠤᠮ ᠠᠯᠬᠤᠮ᠎ᠢᠶᠠᠷ ᠨᠠᠪᠲᠠᠷᠡᠭᠦᠯᠵᠦ᠂ ᠬᠡᠷᠡᠭᠯᠡᠭᠴᠢᠳ᠎ᠦᠨ ᠦᠢᠯᠡᠳᠬᠦᠨ᠎ᠦ ᠮᠥᠷᠳᠡᠬᠦ ᠺᠣᠳ᠋᠎ᠢ ᠰᠢᠷᠪᠢᠵᠦ ᠪᠥᠬᠥ ᠶᠠᠪᠤᠴᠠ᠎ᠶᠢᠨ ᠮᠡᠳᠡᠭᠡ ᠵᠠᠩᠭᠢ᠎ᠶᠢ ᠪᠠᠢᠴᠠᠭᠠᠨ ᠯᠠᠪᠯᠠᠬᠤ᠎ᠶᠢ ᠳᠡᠮᠵᠢᠵᠦ᠂ ᠢᠳᠡᠰᠢᠨᠦ ᠲᠠᠷᠢᠶᠠᠯᠠᠩ᠎ᠤᠨ ᠪᠦᠲᠦᠭᠡᠭᠳᠡᠬᠦᠨ᠎ᠦ ᠪᠥᠬᠥ ᠬᠡᠯᠬᠢᠶ᠎ᠠ ᠪᠡᠷ ᠮᠥᠷᠳᠡᠬᠦ ᠬᠢᠨᠠᠯᠲᠠ ᠬᠠᠮᠢᠶᠠᠷᠤᠯᠲᠠ᠎ᠶᠢ ᠪᠡᠶᠡᠯᠡᠭᠦᠯᠦᠨ᠎ᠡ᠃
ᠲᠠᠷᠢᠶᠠᠯᠠᠩ᠎ᠤᠨ ᠪᠦᠲᠦᠭᠡᠭᠳᠡᠬᠦᠨ᠎ᠢ ᠪᠥᠭᠡᠮ᠎ᠢᠶᠡᠷ ᠬᠤᠳᠠᠯᠳᠤᠬᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ 《ᠡᠳᠦᠷ ᠪᠦᠷᠢ ᠰᠢᠯᠭᠠᠬᠤ》 ᠠᠵᠢᠯ᠎ᠤᠨ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ᠂ ᠣᠷᠳᠣᠰ ᠬᠣᠲᠠ᠎ᠶᠢᠨ ᠵᠡᠭᠦᠨᠭᠠᠷ ᠬᠣᠰᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠠᠵᠢᠯᠲᠠᠨ ᠬᠢᠭᠡᠳ ᠪᠠᠢᠴᠠᠭᠠᠠ ᠬᠡᠮᠵᠢᠬᠦ ᠶᠠᠪᠤᠴᠠᠵᠢᠨᠬᠣᠶᠠᠷ ᠪᠣᠭᠣᠮᠲᠠ᠎ᠶᠢ ᠴᠢᠩᠭ᠎ᠠ ᠠᠳᠬᠤᠵᠤ᠂ ᠨᠢᠭᠡ ᠲᠠᠯ᠎ᠠ᠎ᠪᠠᠷ ᠲᠦᠷᠭᠡᠨ ᠪᠠᠢᠴᠠᠭᠠᠬᠤ ᠠᠵᠢᠯᠲᠠᠨ ᠡᠷᠬᠡᠪᠰᠢ ᠲᠤᠰᠬᠠᠢ ᠮᠡᠷᠭᠡᠵᠢᠯ᠎ᠦᠨ ᠪᠣᠯᠪᠠᠰᠤᠷᠠᠯ᠎ᠳᠤ ᠬᠢᠷᠢ ᠲᠡᠩᠴᠡᠭᠰᠡᠨ᠎ᠦ ᠳᠠᠷᠠᠭ᠎ᠠ ᠦᠨᠡᠮᠯᠡᠯ ᠠᠪᠴᠤ ᠠᠵᠢᠯ᠎ᠤᠨ ᠪᠠᠢᠷᠢ᠎ᠳᠤ ᠭᠠᠷᠴᠤ᠂ ᠪᠠᠷᠢᠮᠵᠢᠶᠠᠵᠢᠭᠤᠯᠤᠭᠰᠠᠨ ᠠᠵᠢᠯᠯᠠᠬᠤ ᠳᠦᠷᠢᠮ᠎ᠢ ᠴᠢᠩᠭ᠎ᠠ ᠵᠢᠷᠤᠮᠯᠠᠨ ᠪᠠᠢᠴᠠᠭᠠᠨ ᠰᠢᠯᠭᠠᠬᠤ ᠠᠵᠢᠯ᠎ᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ; ᠨᠥᠭᠥᠭᠡ ᠲᠠᠯ᠎ᠠ᠎ᠪᠠᠷ ᠡᠬᠡ ᠲᠠᠩᠰᠠ᠎ᠶᠢᠨ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠪᠠᠢᠴᠠᠭᠠᠨ ᠬᠡᠮᠵᠢᠭᠰᠡᠨ ᠡᠭᠦᠯᠳᠡᠷ᠂ ᠪᠠᠢᠴᠠᠭᠠᠨ ᠬᠡᠮᠵᠢᠬᠰᠡᠨ ᠲᠥᠷᠥᠯ ᠵᠦᠢᠯ᠂ ᠪᠠᠢᠴᠠᠭᠠᠨ ᠬᠡᠮᠵᠢᠭᠰᠡᠨ ᠦᠷ᠎ᠡ ᠳ᠋ᠦᠩ᠂ ᠪᠠᠢᠴᠠᠭᠠᠨ ᠬᠡᠮᠵᠢᠭᠰᠡᠨ ᠠᠵᠢᠯᠲᠠᠨ ᠵᠢᠴᠢ ᠬᠢᠷᠢ ᠲᠡᠩᠴᠡᠬᠦ ᠦᠭᠡᠢ ᠦᠢᠯᠡᠳᠬᠦᠨ᠎ᠢ ᠰᠢᠢᠳᠪᠦᠷᠢᠯᠡᠬᠦ ᠵᠡᠷᠭᠡ ᠪᠥᠬᠥ ᠶᠠᠪᠤᠴᠠ᠎ᠶᠢᠨ ᠮᠡᠳᠡᠭᠡ ᠵᠠᠩᠭᠢ᠎ᠶᠢ ᠨᠠᠷᠢᠨ ᠲᠡᠮᠳᠡᠭᠯᠡᠵᠦ᠂ ᠪᠠᠢᠴᠠᠭᠠᠨ ᠬᠡᠮᠵᠢᠬᠦ ᠶᠠᠪᠤᠴᠠ᠎ᠶᠢ ᠨᠡᠬᠡᠮᠵᠢᠯᠡᠵᠦ ᠪᠣᠯᠬᠤ᠂ ᠪᠠᠢᠴᠠᠭᠠᠨ ᠬᠡᠮᠵᠢᠭᠰᠡᠨ ᠦᠷ᠎ᠡ ᠳ᠋ᠦᠩ᠎ᠢ ᠪᠠᠢᠴᠠᠭᠠᠨ ᠯᠠᠪᠯᠠᠵᠤ ᠪᠣᠯᠬᠤ᠎ᠶᠢ ᠦᠨᠡᠨ ᠬᠦ᠌ ᠪᠡᠶᠡᠯᠡᠭᠦᠯᠪᠡ᠃
ᠪᠠᠶᠠᠨᠨᠠᠭᠤᠷ ᠬᠣᠲᠠ ᠪᠥᠬᠥ ᠬᠣᠲᠠ᠎ᠶᠢᠨ ᠲᠠᠷᠢᠶᠠᠯᠠᠩ᠎ᠤᠨ ᠪᠦᠲᠦᠭᠡᠭᠳᠡᠬᠦᠨ᠎ᠢ ᠪᠥᠭᠡᠮ᠎ᠢᠶᠡᠷ ᠬᠤᠳᠠᠯᠳᠤᠬᠤ ᠠᠷᠠᠯᠵᠢᠶᠠᠨ᠎ᠤ 10 ᠵᠠᠬ᠎ᠠ ᠳᠡᠯᠭᠡᠭᠦᠷ᠎ᠢ ᠪᠦᠬᠦᠨ᠎ᠢ 《ᠡᠳᠦᠷ ᠪᠦᠷᠢ ᠰᠢᠯᠭᠠᠬᠤ》 ᠠᠵᠢᠯ᠎ᠤᠨ ᠨᠠᠷᠢᠨ ᠳᠠᠨᠭᠰᠠ᠎ᠳᠤ ᠣᠷᠣᠭᠤᠯᠵᠤ᠂ ᠪᠦᠬᠦᠯᠢ ᠡᠳᠦᠷ᠎ᠦᠨ᠂ ᠪᠦᠬᠦᠨ᠎ᠢ ᠬᠠᠮᠤᠷᠤᠭᠰᠠᠨ᠂ ᠪᠥᠬᠥ ᠶᠠᠪᠤᠴᠠ᠎ᠶᠢᠨ ᠢᠳᠡᠰᠢᠨᠦ ᠲᠠᠷᠢᠶᠠᠯᠠᠩ᠎ᠤᠨ ᠪᠦᠲᠦᠭᠡᠭᠳᠡᠬᠦᠨ᠎ᠢ ᠰᠢᠯᠭᠠᠨ ᠪᠠᠢᠴᠠᠭᠠᠬᠤ ᠰᠢᠰᠲᠧᠮ᠎ᠢ ᠪᠠᠶ᠋ᠢᠭᠤᠯᠬᠤ᠎ᠶᠢᠨ ᠬᠠᠮᠲᠤ᠂ ᠢᠲᠡᠭᠡᠮᠵᠢ᠎ᠶᠢᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠎ᠶᠢ ᠴᠢᠩᠭᠠᠷᠠᠭᠤᠯᠵᠤ᠂ ᠬᠢᠷᠢ ᠲᠡᠩᠴᠡᠬᠦ ᠦᠭᠡᠢ ᠦᠢᠯᠡᠳᠬᠦᠨ᠎ᠦ ᠡᠵᠡᠩᠨᠡᠯᠲᠡ᠎ᠶᠢᠨ ᠡᠷᠦᠬᠡ᠎ᠶᠢ ᠢᠲᠡᠭᠡᠮᠵᠢ᠎ᠶᠢᠨ ᠲᠠᠩᠰᠠ ᠡᠪᠬᠡᠮᠡᠯ᠎ᠳᠦ ᠣᠷᠣᠭᠤᠯᠵᠤ᠂ ᠣᠯᠠᠨ ᠤᠳᠠᠭ᠎ᠠ ᠲᠣᠭᠲᠠᠭᠠᠯ᠎ᠡᠴᠡ ᠵᠥᠷᠢᠴᠡᠨ ᠡᠵᠡᠩᠨᠡᠭᠰᠡᠨ ᠬᠤᠳᠠᠯᠳᠤᠭᠠᠴᠢᠨ ᠡᠷᠦᠬᠡ᠎ᠶᠢ ᠬᠠᠤᠯᠢ ᠶᠣᠰᠣᠭᠠᠷ ᠴᠢᠩᠭ᠎ᠠ ᠰᠢᠢᠳᠬᠡᠨ ᠲᠣᠷᠭᠠᠬᠤ᠎ᠶᠢᠨ ᠬᠠᠮᠲᠤ ᠢᠯᠡ ᠪᠣᠯᠭᠠᠵᠤ᠂ ᠬᠠᠲᠠᠭᠤ ᠬᠢᠵᠠᠭᠠᠷᠯᠠᠯ᠎ᠢᠶᠠᠷ ᠡᠵᠡᠩᠨᠡᠯᠲᠡ᠎ᠶᠢᠨ ᠭᠣᠣᠯ ᠴᠣᠭᠴᠠ᠎ᠶᠢ ᠭᠡᠳᠡᠷᠭᠦ ᠰᠢᠬᠠᠮᠳᠠᠭᠤᠯᠤᠨ ᠢᠳᠡᠭᠡᠨ᠎ᠦ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠭᠤᠯᠪᠠ᠃
ᠬᠡᠷᠡᠭᠯᠡᠭᠴᠢᠳ᠎ᠦᠨ ᠰᠣᠨᠢᠭᠤᠴᠢᠯᠠᠯᠡᠴᠡ ᠪᠠᠢᠴᠠᠭᠠᠨ ᠬᠡᠮᠵᠢᠬᠦ ᠬᠡᠮᠵᠢᠭᠦᠷᠯᠢᠭ᠎ᠦᠨ ᠨᠠᠷᠢᠯᠢᠭ᠋ ᠣᠨᠣᠪᠴᠢᠲᠠᠶ ᠲᠤᠭ᠎ᠠ ᠪᠠᠷᠢᠮᠳᠠ ᠬᠦᠷᠲᠡᠯ᠎ᠡ᠂ ᠵᠠᠷᠯᠠᠨ ᠨᠡᠢᠲᠡᠯᠡᠬᠦ ᠳᠡᠯᠭᠡᠴᠡ ᠳᠡᠭᠡᠷᠡᠬᠢ ᠬᠢᠷᠢ ᠲᠡᠩᠴᠡᠭᠰᠡᠨ ᠥᠰᠥᠭ ᠪᠠᠷᠢᠮᠳᠠ᠎ᠡᠴᠡ ᠵᠠᠬ᠎ᠠ ᠳᠡᠯᠭᠡᠭᠦᠷ᠎ᠦᠨ ᠪᠠᠷᠠᠭᠠᠨ᠎ᠤ ᠲᠠᠯᠪᠢᠭᠤᠷ ᠳᠡᠭᠡᠷ᠎ᠡ ᠲᠡᠷᠢ ᠲᠡᠭᠰᠢ ᠪᠠᠢᠷᠢᠯᠠᠭᠤᠯᠤᠭᠰᠠᠨ ᠪᠤᠬᠢᠷᠳᠤᠯ ᠦᠬᠡᠢ ᠢᠳᠡᠰᠢᠨ ᠨᠣᠭᠣᠭ᠎ᠠ ᠠᠮᠳᠠᠳᠤ ᠵᠢᠮᠢᠰ ᠬᠦᠷᠲᠡᠯ᠎ᠡ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠢᠳᠡᠭᠡᠨ᠎ᠦ ᠠᠮᠤᠷ ᠲᠦᠪᠰᠢᠨ᠎ᠦ ᠲᠦᠷᠭᠡᠨ ᠪᠠᠢᠴᠠᠭᠠᠯᠲᠠ᠎ᠶᠢᠨ ᠠᠵᠢᠯ᠎ᠢ ᠪᠥᠬᠥ ᠲᠠᠯ᠎ᠠ᠎ᠪᠠᠷ ᠠᠬᠢᠭᠤᠯᠵᠤ᠂ ᠨᠠᠩ ᠣᠯᠠᠨ 《ᠬᠡᠷᠡᠭ᠎ᠦᠨ ᠳᠠᠷᠠᠭ᠎ᠠ ᠬᠠᠷᠢᠭᠤᠴᠠᠯᠭ᠎ᠠ ᠨᠡᠬᠡᠮᠵᠢᠯᠡᠬᠦ》ᠵᠢ 《ᠬᠡᠷᠡᠭ᠎ᠦᠨ ᠡᠮᠦᠨ᠎ᠡ ᠬᠣᠷᠢᠭ᠍ᠯᠠᠬᠤ》 ᠪᠣᠯᠭᠠᠨ ᠬᠤᠪᠢᠷᠠᠭᠤᠯᠵᠤ ᠪᠠᠢᠨ᠎ᠠ᠃
[ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]
ᠵᠢᠵᠢᠭᠬᠡᠨ《 ᠨᠤᠭᠤᠭ᠎ᠠ ᠵᠢᠨ ᠰᠠᠭᠰᠤ》 ᠠᠷᠠᠳ᠎ᠤᠨ ᠠᠮᠢᠳᠤᠷᠠᠯ ᠲᠡᠢ ᠨᠢᠭᠳᠠ ᠬᠣᠯᠪᠣᠭᠳᠠᠨ᠎ᠠ᠃ ᠠᠷᠠᠳ ᠤᠯᠠᠨ᠎ᠤ ᠢᠳᠡᠭᠡᠨ ᠤᠮᠳᠠᠭᠠᠨ᠎ᠤ ᠠᠮᠤᠷ ᠲᠦᠪᠰᠢᠨ᠎ᠢ ᠬᠠᠮᠠᠭᠠᠯᠠᠬᠤ᠎ᠶᠢᠨ ᠭᠣᠣᠯᠳᠠᠯᠭ᠎ᠠ ᠨᠢ ᠡᠬᠢ ᠡᠭᠦᠰᠦᠯᠳᠦ ᠪᠤᠢ᠂ ᠡᠷᠬᠢᠮ ᠨᠢ ᠪᠠᠷᠢᠮᠲᠠᠯᠠᠬᠤ᠎ᠳᠤ ᠪᠤᠢ᠃
ᠲᠠᠷᠢᠶᠠᠯᠠᠩ᠎ᠤᠨ ᠪᠦᠲᠦᠭᠡᠭᠳᠡᠬᠦᠨ᠎ᠦ ᠲᠠᠷᠢᠶᠠᠨ ᠡᠮ᠎ᠤᠨ ᠦᠯᠡᠳᠡᠭᠳᠡᠯ᠂ ᠮᠠᠯᠤᠨᠡᠮᠤᠨ ᠦᠯᠡᠳᠡᠭᠳᠡᠯ ᠵᠡᠷᠭᠡ᠎ᠶᠢᠨ ᠠᠶᠤᠯ ᠲᠦᠭᠰᠢᠭᠦᠷᠢ ᠨᠢ ᠤᠯᠠᠨ ᠲᠦᠮᠡᠨ᠎ᠦ ᠲᠤᠰ ᠪᠡᠶ᠎ᠡ᠎ᠶᠢᠨ ᠡᠷᠡᠭᠦᠯ ᠮᠡᠨᠳᠤ᠎ᠲᠠᠢ ᠰᠢᠭᠤᠳ ᠬᠣᠯᠪᠣᠭᠳᠠᠵᠤ ᠪᠠᠢᠳᠠᠭ᠃ ᠥᠪᠥᠷ ᠮᠣᠩᠭᠣᠯ ᠲᠠᠷᠢᠶᠠᠯᠠᠩ᠎ᠤᠨ ᠪᠦᠲᠦᠭᠡᠭᠳᠡᠬᠦᠨ᠎ᠢ ᠪᠥᠭᠡᠮ᠎ᠢᠶᠡᠷ ᠬᠤᠳᠠᠯᠳᠤᠬᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ 《 ᠡᠳᠦᠷ ᠪᠦᠷᠢ ᠰᠢᠯᠭᠠᠬᠤ》ᠲᠣᠭᠲᠡᠴᠡ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ ᠪᠠᠢᠭ᠎ᠠ ᠨᠢ ᠳᠠᠯᠳᠠ ᠬᠡᠮ᠎ᠢ ᠵᠠᠬ᠎ᠠ ᠳᠡᠯᠭᠡᠭᠦᠷ᠎ᠲᠦ ᠣᠷᠣᠭᠤᠯᠬᠤ᠎ᠶᠢ ᠬᠣᠷᠢᠭ᠍ᠯᠠᠬᠤ᠎ᠶᠢᠨ ᠲᠥᠯᠥᠭᠡ ᠶᠤᠮ᠃ ᠡᠨᠡ ᠬᠦ᠌ ᠠᠷᠭ᠎ᠠ ᠬᠡᠮᠵᠢᠶ᠎ᠡ ᠨᠢ ᠬᠢᠨᠠᠯᠲᠠ ᠬᠠᠮᠢᠶᠠᠷᠤᠯᠲᠠ᠎ᠶᠢᠨ ᠪᠣᠭᠣᠮᠲᠠ᠎ᠶᠢ ᠤᠷᠤᠭᠰᠢ ᠰᠢᠯᠵᠢᠬᠦᠯᠦᠭᠰᠡᠡ ᠮᠥᠷᠲᠡᠭᠡᠨ ᠪᠠᠰᠠ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠠᠢ᠃ ᠡᠯ᠎ᠡ ᠭᠠᠵᠠᠷ᠎ᠤᠨ ᠬᠢᠨ ᠬᠢᠨᠠᠯᠲᠠ ᠬᠠᠮᠢᠶᠠᠷᠤᠯᠲᠠ᠎ᠶᠢᠨ ᠰᠢᠰᠲᠧᠮ᠎ᠢᠶᠡᠨ ᠲᠠᠰᠤᠷᠠᠯᠲᠠ ᠦᠭᠡᠢ ᠪᠦᠷᠢᠨᠰᠢᠭᠦᠯᠵᠦ᠂ ᠶᠠᠪᠤᠴᠠ ᠵᠢᠨ ᠵᠢᠷᠤᠮᠵᠢᠯ᠎ᠢ ᠴᠢᠩᠭᠠᠳᠬᠠᠨ᠂ ᠡᠬᠢ ᠡᠭᠦᠰᠦᠯ᠎ᠡᠴᠡ ᠨᠢ ᠮᠦᠷᠳᠡᠬᠦ ᠬᠠᠮᠢᠶᠠᠷᠤᠯᠲᠠ᠎ᠶᠢ ᠲᠡᠭᠦᠯᠳᠡᠷᠵᠢᠭᠦᠯᠵᠦ᠂ ᠢᠲᠡᠭᠡᠮᠵᠢ᠎ᠶᠢᠨ ᠬᠢᠵᠠᠭᠠᠷᠯᠠᠯ᠎ᠢ ᠴᠢᠩᠭᠠᠳᠬᠠᠨ᠂ ᠣᠯᠠᠨ ᠲᠠᠯ᠎ᠠ ᠬᠠᠮᠲᠤ᠎ᠪᠠᠷ ᠵᠠᠰᠠᠬᠤ᠎ᠪᠠᠷ ᠳᠠᠮᠵᠢᠭᠤᠯᠤᠨ᠂ ᠲᠠᠷᠢᠶᠠᠯᠠᠩ᠎ᠤᠨ ᠪᠦᠲᠦᠭᠡᠭᠳᠡᠬᠦᠨ᠎ᠦ ᠠᠮᠤᠷ ᠲᠦᠪᠰᠢᠨ᠎ᠦ ᠬᠠᠮᠠᠭᠠᠯᠠᠯᠲᠠ᠎ᠶᠢᠨ ᠬᠣᠷᠢᠭ᠎ᠠ ᠱᠤᠭᠤᠮ᠎ᠢ ᠬᠠᠮᠲᠤ᠎ᠪᠠᠷ ᠰᠠᠬᠢᠪᠠ᠃
ᠬᠡᠷᠡᠭᠯᠡᠭᠴᠢᠳ ᠪᠠᠢᠴᠠᠭᠠᠨ ᠰᠢᠯᠭᠠᠬᠤ ᠬᠡᠮᠵᠢᠭᠦᠷᠯᠢᠭ ᠳᠣᠲᠣᠷᠠᠬᠢ ᠬᠢᠮᠢ᠎ᠶᠢᠨ ᠤᠷᠪᠠᠯ᠎ᠢ ᠰᠢᠭᠤᠳ ᠣᠯᠵᠤ ᠬᠠᠷᠠᠬᠤ ᠦᠭᠡᠢ ᠮᠠᠭᠠᠳ᠂ ᠤᠳᠠᠭ᠎ᠠ ᠪᠦᠷᠢ᠎ᠵᠢᠨ ᠥᠯᠢᠭᠡᠷ ᠠᠪᠬᠤ᠂ ᠪᠠᠢᠴᠠᠭᠠᠨ ᠰᠢᠯᠭᠠᠬᠤ ᠨᠠᠷᠢᠨ ᠵᠦᠢᠯᠡᠰ᠎ᠢ ᠪᠡᠶ᠎ᠡ᠎ᠪᠡᠷ᠎ᠢᠶᠡᠨ ᠥᠩᠭᠡᠷᠡᠭᠦᠯᠬᠦ᠎ᠶᠢᠨ ᠠᠷᠭ᠎ᠠ ᠦᠭᠡᠢ ᠴᠦ᠍ ᠮᠠᠭᠠᠳ᠂ ᠭᠡᠪᠡᠴᠦ ᠲᠣᠭᠠᠴᠢᠯᠠᠭᠰᠠᠨ ᠮᠥᠷᠳᠡᠬᠦ ᠰᠢᠰᠲᠧᠮ ᠶᠠᠭ ᠮᠡᠳᠡᠭᠡ ᠵᠠᠩᠭᠢ᠎ᠶᠢᠨ ᠪᠡᠬᠢᠯᠡᠯᠲᠡ᠎ᠶᠢ ᠡᠪᠳᠡᠵᠦ ᠪᠠᠢᠨ᠎ᠠ᠃ ᠢᠳᠡᠭᠡᠨ᠎ᠦ ᠠᠮᠤᠷ ᠲᠦᠪᠰᠢᠨ᠎ᠳᠦ ᠲᠡᠭᠦᠰᠬᠡᠯ ᠭᠡᠵᠦ ᠪᠠᠢᠬᠤ ᠦᠭᠡᠢ᠂ ᠨᠠᠩ ᠣᠯᠠᠨ 《ᠬᠡᠷᠡᠭ᠎ᠦᠨ ᠳᠠᠷᠠᠭ᠎ᠠ ᠬᠠᠷᠢᠭᠤᠴᠠᠯᠭ᠎ᠠ ᠨᠡᠬᠡᠮᠵᠢᠯᠡᠬᠦ》ᠵᠢ 《ᠬᠡᠷᠡᠭ᠎ᠦᠨ ᠡᠮᠦᠨ᠎ᠡ ᠬᠤᠷᠢᠭᠯᠠᠬᠤ》 ᠪᠣᠯᠭᠠᠨ ᠪᠦᠲᠦᠮᠵᠢᠲᠡᠶ ᠬᠤᠪᠢᠷᠠᠭᠤᠯᠬᠤ᠎ᠳᠤ ᠡᠳᠦᠷ ᠪᠦᠷᠢ ᠪᠠᠷᠢᠮᠲᠠᠯᠠᠬᠤ᠎ᠵᠢ ᠱᠠᠭᠠᠷᠳᠠᠨ᠎ᠠ᠃ ᠡᠨᠡ ᠨᠢ ᠠᠷᠠᠳ᠎ᠤᠨ ᠠᠮᠢᠳᠤᠷᠠᠯ᠎ᠳᠤ ᠬᠣᠯᠪᠣᠭᠳᠠᠬᠤ《ᠰᠠᠨᠠᠭ᠎ᠠ ᠠᠮᠤᠷ》 ᠭᠡᠬᠦ ᠬᠣᠶᠠᠷ ᠦᠰᠦᠭ᠎ᠢ ᠨᠢᠳᠦᠨ᠎ᠳᠤ ᠦᠵᠡᠭᠳᠡᠮ᠎ᠡ ᠭᠠᠷ᠎ᠲᠦ ᠪᠠᠷᠢᠭᠳᠠᠮ᠎ᠠ ᠪᠣᠯᠭᠠᠵᠤ᠂ ᠣᠯᠠᠨ ᠲᠦᠮᠡᠨ᠎ᠦ ᠢᠳᠡᠬᠡᠨ ᠢ᠋ ᠨᠡᠩ ᠠᠮᠤᠷ ᠲᠦᠪᠰᠢᠨ᠂ ᠨᠡᠩ ᠰᠠᠨᠠᠭ᠎ᠠ ᠠᠮᠤᠷ ᠪᠣᠯᠭᠠᠨ᠎ᠠ᠃