2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠤ᠋ ᠰᠢᠷᠢᠰ ᠶᠠᠷᠢᠶᠠᠨ ᠤ᠋ ᠲᠠᠪᠴᠠᠩ ᠤ᠋ᠨ ᠬᠤᠷᠠᠯ ᠶᠠᠪᠤᠭᠳᠠᠪᠠ
2026-04-24 09:44:15
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠡᠬᠢᠯᠡᠭᠰᠡᠨ ᠡᠴᠡ ᠨᠠᠭᠠᠰᠢ 23 ᠤ᠋ ᠦᠳᠡ ᠵᠢᠨ ᠬᠤᠢᠨ᠎ᠠ ᠪᠤᠯᠳᠠᠯ᠎ᠠ ᠶᠠᠷᠢᠶᠠᠨ ᠤ᠋ ᠲᠠᠪᠴᠠᠩ ᠤ᠋ᠨ ᠬᠤᠷᠠᠯ ᠢ᠋ ᠵᠠᠯᠭᠠᠭ᠎ᠠ ᠪᠡᠷ ᠶᠠᠪᠤᠭᠳᠠᠭᠤᠯᠤᠭᠰᠠᠨ ᠪᠦᠬᠡᠳ ᠠᠩᠬᠠᠳᠠᠭᠴᠢ ᠤᠳᠠᠭ᠎ᠠ ᠵᠢᠨ ᠳᠠᠢᠰᠠᠨ ᠤ᠋ ᠬᠡᠷᠡᠯᠳᠦᠬᠦᠯᠬᠡ ᠪᠠ ᠳᠠᠭᠤ᠎ᠲᠤᠮᠤᠷᠠᠭᠤᠯᠤᠭᠴᠢ ᠶ᠋ᠢᠨ ᠤᠷ᠎ᠠ ᠮᠡᠷᠭᠡᠵᠢᠯ ᠤ᠋ᠨ ᠤᠷᠤᠯᠳᠤᠭᠠᠨ ᠢ᠋ ᠡᠷᠬᠢᠯᠡᠨ ᠶᠠᠪᠤᠭᠳᠠᠭᠤᠯᠵᠤ᠂ ᠲᠣᠭ᠍ᠯᠠᠯᠲᠠ ᠶ᠋ᠢᠨ ᠠᠵᠤ ᠠᠬᠤᠢ ᠶ᠋ᠢᠨ ᠥᠷᠨᠢᠭᠦᠨ ᠪᠠᠳᠠᠷᠠᠩᠭᠤᠢ ᠠᠬᠤᠢ ᠪᠠᠢᠳᠠᠯ ᠢ᠋ ᠲᠠᠯᠬᠡᠭᠰᠡᠨ ᠨᠢ ᠲᠤᠰ ᠴᠤᠭᠯᠠᠭᠠᠨ ᠤ᠋ ᠪᠠᠰᠠ ᠨᠢᠭᠡᠨ ᠬᠢᠯᠡᠰ ᠴᠡᠭ ᠪᠤᠯᠵᠠᠢ᠃

ᠡᠨᠡ ᠬᠦ᠌ ᠬᠤᠭᠤᠴᠠᠭᠠᠨ ᠳ᠋ᠤ 2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠤ᠋ ᠭᠤᠤᠯ ᠶᠠᠷᠢᠶᠠᠨ ᠤ᠋ ᠲᠠᠪᠴᠠᠩ᠂ ᠶᠢᠰᠦᠳᠦᠭᠡᠷ ᠬᠤᠭᠤᠴᠠᠭᠠᠨ ᠤ᠋ ᠪᠥᠬᠥ᠌ ᠤᠯᠤᠰ ᠤ᠋ᠨ ᠲᠢᠶᠠᠲ᠋ᠷ ᠤ᠋ᠨ ᠶᠡᠬᠡ ᠬᠤᠷᠠᠯ᠂ ᠲᠠᠢᠰᠠᠨ ᠤ᠋ ᠤᠷᠠᠯᠢᠭ ᠤ᠋ᠨ ᠵᠣᠬᠢᠶᠠᠨ ᠪᠦᠲᠦᠭᠡᠯᠭᠡ ᠬᠢᠭᠡᠳ ᠵᠠᠬ᠎ᠠ ᠳᠡᠯᠭᠡᠭᠦᠷ ᠤ᠋ᠨ ᠲᠤᠰᠭᠠᠶ ᠰᠡᠳᠦᠪᠲᠦ ᠶᠠᠷᠢᠶᠠᠨ ᠤ᠋ ᠲᠠᠪᠴᠠᠩ᠂ ᠲᠤᠬᠠᠶ ᠶ᠋ᠢᠨ ᠲᠠᠯᠠᠪᠠᠶ ᠶ᠋ᠢᠨ ᠳᠠᠭᠤᠤ ᠬᠥᠭ᠌ᠵᠢᠮ ᠤ᠋ᠨ ᠵᠠᠬ᠎ᠠ ᠳᠡᠯᠭᠡᠭᠦᠷ ᠤ᠋ᠨ ᠲᠤᠰᠭᠠᠶ ᠰᠡᠳᠦᠪᠲᠦ ᠶᠠᠷᠢᠶᠠᠨ ᠤ᠋ ᠲᠠᠪᠴᠠᠩ᠂ ᠭᠤᠷᠪᠠᠳᠤᠭᠠᠷ ᠬᠤᠭᠤᠴᠠᠭᠠᠨ ᠤ᠋ ᠲᠠᠢᠰᠠᠨ ᠤ᠋ ᠵᠠᠰᠠᠯ ᠴᠢᠮᠡᠭᠯᠡᠯ ᠤ᠋ᠨ ᠠᠵᠤ ᠠᠬᠤᠢᠯᠠᠯ ᠤ᠋ᠨ ᠶᠡᠬᠡ ᠬᠤᠷᠠᠯ ᠵᠡᠷᠭᠡ ᠠᠯᠢ ᠣᠯᠠᠨ ᠶᠠᠷᠢᠶᠠᠨ ᠤ᠋ ᠲᠠᠪᠴᠠᠩ ᠤ᠋ᠨ ᠬᠤᠷᠠᠯ ᠢ᠋ ᠡᠷᠬᠢᠯᠡᠨ ᠶᠠᠪᠤᠭᠳᠠᠭᠤᠯᠵᠤ᠂ ᠠᠵᠢᠯ ᠲᠦᠷᠦᠯ ᠤ᠋ᠨ ᠡᠷᠬᠡ ᠰᠦᠷᠳᠦ ᠮᠡᠳᠡᠬᠦᠯᠦᠯᠳᠡ ᠪᠠ ᠲᠤᠭ᠎ᠠ ᠪᠠᠷᠢᠮᠳᠠ ᠵᠢ ᠨᠡᠢᠳᠡᠯᠡᠨ᠂ ᠲᠤᠭᠯᠠᠯᠳᠠ ᠶ᠋ᠢᠨ ᠠᠵᠢᠯ ᠲᠦᠷᠦᠯ ᠤ᠋ᠨ ᠬᠦᠭᠵᠢᠯᠳᠡ ᠳ᠋ᠦ ᠴᠢᠬᠤᠯᠠ ᠪᠠᠷᠢᠮᠳᠠ ᠴᠢᠭᠯᠡᠯ ᠬᠠᠩᠭᠠᠪᠠ᠃ ᠡᠬᠦᠨ ᠳ᠋ᠤ 2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠤ᠋ ᠡᠬᠢ ᠪᠠᠶᠠᠯᠢᠭ ᠢ᠋ ᠵᠣᠯᠭᠠᠭᠤᠯᠬᠤ ᠪᠠ ᠨᠡᠢᠲᠡᠯᠡᠬᠦ᠌ ᠬᠤᠷᠠᠯ ᠳ᠋ᠦ ᠪᠥᠬᠥ᠌ ᠤᠯᠤᠰ ᠤ᠋ᠨ ᠰᠣᠶᠣᠯ ᠵᠢᠭᠤᠯᠴᠢᠯᠠᠯ ᠤ᠋ᠨ ᠱᠢᠯᠢᠳᠡᠭ ᠲᠣᠭ᠍ᠯᠠᠯᠲᠠ ᠶ᠋ᠢᠨ ᠡᠬᠢ ᠪᠠᠶᠠᠯᠢᠭ ᠢ᠋ ᠨᠢᠭ᠍ᠲᠠᠷᠠᠭᠤᠯᠤᠨ᠂ 20 ᠭᠠᠷᠤᠶ ᠪᠠᠢᠭᠤᠯᠤᠮᠵᠢ ᠭᠦᠨᠵᠡᠭᠡᠶ ᠬᠠᠮᠲᠤᠷᠠᠯᠴᠠᠬᠤ ᠰᠠᠨᠠᠮᠵᠢ ᠲᠣᠭ᠍ᠲᠠᠵᠤ᠂ ᠦᠪᠦᠷ ᠮᠤᠨᠭᠭᠤᠯ ᠲᠤᠭᠯᠠᠯᠳᠠ ᠤᠷᠠᠯᠢᠭ ᠤ᠋ᠨ ᠲᠦᠷᠦᠯ ᠤ᠋ᠨ ᠠᠵᠢᠯᠯᠠᠭ᠎ᠠ ᠶ᠋ᠢᠨ ᠬᠠᠮᠳᠤᠷᠠᠯᠴᠠᠭᠠᠨ ᠤ᠋ 7 ᠵᠦᠶ᠋ᠯ ᠤ᠋ᠨ ᠭᠡᠷ᠎ᠡ ᠲᠣᠭ᠍ᠲᠠᠨ᠂ ᠰᠣᠶᠣᠯ ᠵᠢᠭᠤᠯᠴᠢᠯᠠᠯ ᠤ᠋ᠨ ᠠᠭᠤᠰᠤᠯᠴᠠᠨ ᠬᠥᠭ᠌ᠵᠢᠬᠦ᠌᠎ᠶ᠋ᠢ ᠬᠠᠮᠲᠤ ᠪᠠᠷ ᠠᠬᠢᠭᠤᠯᠤᠭᠰᠠᠨ ᠪᠠᠢᠨ᠎ᠠ᠃

ᠲᠣᠰ ᠠᠷᠠᠯᠵᠢᠶᠠᠨ ᠤ᠋ ᠴᠤᠭ᠍ᠯᠠᠭᠠᠨ ᠳ᠋ᠦ ᠪᠠᠰᠠ ᠠᠩᠬᠠᠳᠠᠭᠴᠢ ᠤᠳᠠᠭ᠎ᠠ ᠵᠢᠨ ᠳᠠᠢᠰᠠᠨ ᠤ᠋ ᠬᠡᠷᠡᠯᠳᠦᠬᠦᠯᠬᠡ ᠪᠠ ᠳᠠᠭᠤ᠎ᠲᠤᠮᠤᠷᠠᠭᠤᠯᠤᠭᠴᠢ ᠶ᠋ᠢᠨ ᠤᠷ᠎ᠠ ᠮᠡᠷᠭᠡᠵᠢᠯ ᠤ᠋ᠨ ᠤᠷᠤᠯᠳᠤᠭᠠᠨ ᠢ᠋ ᠡᠷᠬᠢᠯᠡᠨ ᠶᠠᠪᠤᠭᠳᠠᠭᠤᠯᠵᠦ᠂ ᠳᠠᠢᠰᠠᠨ ᠤ᠋ ᠵᠠᠰᠠᠯ ᠴᠢᠮᠡᠭᠯᠡᠯ ᠤ᠋ᠨ ᠴᠢᠳᠠᠪᠤᠷᠢᠳᠠᠨ ᠢ᠋ ᠰᠢᠯᠭᠠᠷᠠᠭᠤᠯᠤᠨ᠂ ᠤᠷᠠᠨ ᠳᠠᠷᠬᠠᠨ ᠤ᠋ ᠵᠤᠷᠢᠭ ᠰᠠᠨᠠᠭ᠎ᠠ ᠵᠢ ᠲᠦᠭᠡᠮᠡᠯᠵᠢᠬᠦᠯᠵᠤ᠂ ᠳᠠᠢᠰᠠᠨ ᠤ᠋ ᠵᠠᠰᠠᠯ ᠴᠢᠮᠡᠭᠯᠡᠯ ᠤ᠋ᠨ ᠠᠵᠢᠯ ᠲᠦᠷᠦᠯ ᠤ᠋ᠨ ᠪᠠᠷᠢᠮᠵᠢᠶᠠᠵᠢᠯᠳᠠ᠂ ᠲᠦᠷᠢᠮᠵᠢᠯᠳᠡ ᠪᠠ ᠬᠤᠰᠢᠭᠤᠴᠢᠯᠠᠯᠳᠠ᠎ᠵᠢ ᠠᠬᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号