ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠣᠢᠷ᠎ᠠ᠎ᠵᠢᠨ ᠡᠳᠤᠷ ᠴᠢᠬᠤᠯᠠ ᠵᠢᠭᠠᠪᠤᠷᠢ ᠥᠭ᠌ᠴᠦ᠂ ᠢ ᠦ᠋᠎ᠶ᠋ᠢᠨ ᠵᠢᠵᠢᠭ ᠲᠠᠸᠠᠷ᠎ᠨᠢ ᠲᠣᠮᠣ ᠵᠠᠬ᠎ᠠ ᠳᠡᠯᠭᠡᠭᠦᠷ᠎ᠢ ᠨᠡᠭᠡᠭᠡᠵᠦ᠍᠂ ᠲᠣᠮᠣ ᠠᠵᠤ ᠦᠶ᠋ᠯᠡᠰ ᠪᠦᠲᠦᠭᠡᠵᠦ᠍᠂ 《ᠢ ᠦ᠋᠎ᠶ᠋ᠢᠨ ᠬᠥᠭ᠌ᠵᠢᠯᠲᠡ᠎ᠶ᠋ᠢᠨ ᠲᠤᠷᠱᠢᠯᠭ᠎ᠠ》 ᠶ᠋ᠢ ᠪᠦᠷᠢᠯᠳᠦᠭᠦᠯᠵᠠᠢ᠂ ᠡᠨᠡ ᠪᠣᠯ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢ ᠬᠥᠭ᠌ᠵᠢᠭᠦᠯᠦᠭ᠌ᠰᠡᠨ ᠠᠮᠵᠢᠯᠲᠠ᠎ᠲᠠᠶ ᠦᠶ᠋ᠯᠡᠳᠦᠯᠭᠡ ᠪᠣᠯᠤᠨ᠎ᠠ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠵᠠᠰᠠᠭ ᠤ᠋ᠨ ᠠᠵᠢᠯ ᠤ᠋ᠨ ᠪᠦᠳᠤᠮᠵᠢ ᠵᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ᠯᠤᠭᠡ ᠤᠶᠠᠯᠳᠤᠭᠤᠯᠵᠤ᠂ 《ᠢ ᠡᠣᠶ᠋ᠢᠨ ᠬᠥᠭ᠌ᠵᠢᠯᠲᠡ᠎ᠶ᠋ᠢᠨ ᠲᠤᠷᠱᠢᠯᠭ᠎ᠠ》 ᠶ᠋ᠢ ᠤᠯᠠᠮ ᠨᠢᠭᠡ ᠠᠯᠬᠤᠮ ᠰᠠᠢᠲᠤᠷ ᠳ᠋ᠦᠩᠨᠡᠨ᠂ ᠰᠠᠢᠲᠤᠷ ᠬᠡᠷᠡᠭ᠌ᠯᠡᠵᠦ᠍᠂ ᠡᠯ᠎ᠡ ᠭᠠᠵᠠᠷ ᠣᠷᠣᠨ᠎ᠤ ᠲᠤᠰ ᠪᠡᠶ᠎ᠡ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠦᠨᠳᠦᠰᠦᠨ ᠱᠠᠳᠤ ᠪᠣᠯᠤᠨ ᠤᠯᠠᠨ ᠲᠦᠮᠡᠨ᠎ᠦ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠤᠳᠠᠭᠠᠨ ᠲᠠᠭᠠᠭᠠᠮᠠᠭᠠᠢ ᠵᠢᠳᠬᠦᠨ ᠴᠢᠷᠮᠠᠢᠵᠤ᠂ ᠲᠤᠰ ᠲᠤᠰ᠎ᠤᠨ ᠪᠣᠳᠠᠲᠤ ᠪᠠᠢᠳᠠᠯ᠎ᠲᠠᠶ᠎ᠪᠠᠨ ᠨᠡᠢᠴᠡᠭ᠌ᠰᠡᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢ ᠰᠦᠪᠡᠭ᠌ᠴᠢᠯᠡᠨ ᠨᠡᠭᠡᠭᠡᠵᠦ᠍᠂ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠡᠩ ᠰᠠᠢ᠌ᠳᠤᠷ ᠦᠢᠯᠡᠴᠢᠯᠡᠬᠦ᠌ ᠪᠠ ᠠᠭᠤᠰᠤᠯᠴᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠰᠢ ᠵᠢᠨ ᠫᠢᠩ ᠵᠧᠵᠢᠶᠠᠩ᠎ᠳᠤ ᠠᠵᠢᠯᠯᠠᠵᠤ ᠪᠠᠢᠬᠰᠠᠨ ᠬᠤᠭᠤᠴᠠᠭᠠᠨ᠎ᠳᠠᠭᠠᠨ ᠤᠯᠠᠨ ᠤᠳᠠᠭ᠎ᠠ ᠢ ᠦ᠋ᠳᠦ ᠪᠠᠢᠴᠠᠭᠠᠨ ᠰᠤᠳᠤᠯᠵᠤ᠂ 《ᠢ ᠦ᠋᠎ᠶ᠋ᠢᠨ ᠬᠥᠭ᠌ᠵᠢᠯᠲᠡ᠎ᠶ᠋ᠢᠨ ᠲᠤᠷᠱᠢᠯᠭ᠎ᠠ》ᠵᠢ ᠳ᠋ᠦᠩᠨᠡᠨ ᠳᠡᠯᠭᠡᠷᠡᠭᠦᠯᠪᠡ᠃ ᠤᠢᠷ᠎ᠠ ᠵᠢᠨ ᠵᠢᠯ᠎ᠦᠳ᠎ᠲᠦ᠂ ᠢ ᠦ᠋ ᠲᠠᠰᠤᠷᠠᠯᠳᠠ ᠦᠭᠡᠢ 《ᠵᠢᠵᠢᠭ ᠲᠠᠸᠠᠷ᠂ ᠲᠤᠮᠤ ᠵᠠᠬ᠎ᠠ ᠳᠡᠯᠭᠡᠭᠦᠷ》᠎ᠤ᠋ᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠣᠳᠣᠬᠠᠨ᠎ᠳᠤ ᠵᠢᠵᠢᠭ ᠲᠠᠸᠠᠷ᠎ᠤᠨ ᠵᠠᠬ᠎ᠠ ᠳᠡᠯᠭᠡᠭᠦᠷ᠎ᠦᠨ ᠡᠵᠡᠩᠨᠡᠯᠲᠡ᠎ᠶ᠋ᠢᠨ ᠭᠣᠣᠯ ᠴᠣᠭ᠍ᠴᠠ 126 ᠲᠦᠮᠡᠨ ᠡᠷᠦᠬᠡ᠎ᠶ᠋ᠢ ᠳᠠᠪᠠᠵᠤ᠂ 230 ᠭᠠᠷᠤᠢ ᠤᠯᠤᠰ ᠪᠠ ᠭᠠᠵᠠᠷ ᠣᠷᠣᠨ᠎ᠲᠠᠶ ᠠᠷᠠᠯᠵᠢᠶᠠᠨ᠎ᠤ ᠶᠠᠪᠤᠯᠴᠠᠭ᠎ᠠ᠎ᠲᠠᠶ ᠪᠤᠯᠵᠤ᠂ 2025 ᠣᠨ᠎ᠤ ᠭᠠᠳᠠᠭᠠᠳᠤ ᠠᠷᠠᠯᠵᠢᠶᠠᠨ᠎ᠤ ᠭᠠᠳᠠᠭᠠᠳᠤ ᠳ᠋ᠤ ᠭᠠᠷᠭᠠᠬᠰᠠᠨ ᠬᠡᠮᠵᠢᠶ᠎ᠡ ᠪᠦᠬᠦ᠌ ᠤᠯᠤᠰ᠎ᠤᠨ ᠱᠢᠶᠠᠨ (ᠬᠤᠳᠠ᠂ ᠲᠣᠭᠣᠷᠢᠭ) ᠤ᠋ ᠲᠤᠳᠤᠷ᠎ᠠ ᠲᠦᠷᠦᠬᠦᠯᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 23 ᠤ᠋ ᠴᠠᠬᠢᠯᠭᠠᠨ ᠮᠡᠳᠡᠭᠡ)