— ᠲᠦᠷᠦᠭᠦᠦ ᠤᠯᠠᠷᠢᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠠᠵᠤ ᠦᠢᠯᠡᠰ᠎ᠤᠨ ᠬᠥᠭᠵᠢᠯᠲᠡ᠎ᠶᠢᠨ ᠦᠷ᠎ᠡ ᠪᠦᠲᠦᠮᠵᠢ᠎ᠶᠢ ᠬᠠᠷᠠᠬᠤᠢ
《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ᠎ᠳᠦ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠬᠦᠷᠢᠶᠡᠨ᠎ᠳᠡᠬᠢ ᠲᠦᠷᠦᠭᠦᠦ ᠤᠯᠠᠷᠢᠯ᠎ᠤᠨ 《ᠬᠢᠷᠢ ᠪᠦᠲᠦᠮᠵᠢ᠎ᠶᠢᠨ ᠬᠠᠭᠤᠳᠠᠰᠤ》 ᠶ᠋ᠢᠨ ᠶᠠᠰᠤ ᠴᠢᠨᠠᠷ ᠬᠢᠷᠢ ᠵᠡᠷᠭᠡ ᠪᠤᠢ? ᠠᠵᠤ ᠦᠢᠯᠡᠰ᠎ᠲᠦ ᠶᠠᠮᠠᠷ ᠶᠠᠮᠠᠷ ᠰᠢᠨ᠎ᠡ ᠣᠨᠴᠠᠯᠢᠭ᠋ ᠢᠯᠡᠷᠡᠭᠰᠡᠨ ᠪᠤᠢ? 21᠎ᠤ᠋ ᠡᠳᠦᠷ ᠶᠠᠪᠤᠭᠳᠠᠭᠰᠠᠨ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠰᠣᠨᠢᠨ ᠮᠡᠳᠡᠭᠡᠨ᠎ᠦ ᠠᠯᠪᠠᠨ ᠭᠡᠷ᠎ᠦᠨ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 2026 ᠣᠨ᠎ᠤ ᠲᠦᠷᠤᠭᠦᠦ ᠤᠯᠠᠷᠢᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠠᠵᠤ ᠦᠢᠯᠡᠰ᠎ᠤᠨ ᠬᠥᠭᠵᠢᠯᠲᠡ᠎ᠶᠢᠨ ᠦᠷ᠎ᠡ ᠪᠦᠲᠦᠮᠵᠢᠳ᠋ᠦ ᠨᠠᠷᠢᠨ ᠲᠠᠢᠯᠤᠮᠵᠢ ᠬᠢᠪᠡ᠃
ᠠᠵᠤ ᠦᠢᠯᠡᠰ᠎ᠦᠨ ᠬᠥᠭᠵᠢᠯᠲᠡ ᠲᠣᠭᠲᠠᠭᠤᠨ ᠵᠢᠡᠷ ᠰᠠᠢᠵᠢᠷᠠᠪᠠ
《ᠡᠨᠡ ᠵᠢᠯ᠎ᠡᠴᠡ ᠨᠠᠭᠠᠰᠢ ᠪᠢᠳᠡ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠲᠠᠢ ᠢᠳᠡᠪᠬᠢᠲᠡᠢ ᠬᠠᠮᠲᠤᠷᠠᠨ ᠴᠠᠭ᠎ᠢ ᠵᠠᠪᠳᠤᠨ ᠬᠦᠴᠦᠯᠡᠵᠤ᠂ ᠰᠠᠨᠠᠭᠠᠴᠢᠯᠠᠭ᠎ᠠ ᠡᠴᠡ ᠪᠠᠨ ᠴᠢᠷᠮᠠᠢᠨ ᠠᠵᠢᠯᠯᠠᠪᠠ᠃ ᠲᠦᠷᠦᠭᠦᠦ ᠤᠯᠠᠷᠢᠯ᠎ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠠᠵᠤ ᠦᠢᠯᠡᠰ᠎ᠤᠨ ᠬᠥᠭᠵᠢᠯᠲᠡ ᠶᠡᠷᠦᠩᠬᠡᠢ᠎ᠳᠡᠭᠡᠨ ᠰᠠᠢᠨ ᠡᠬᠢᠯᠡᠯᠲᠡ᠎ᠲᠠᠢ ᠪᠣᠯᠵᠠᠢ》 ᠭᠡᠵᠦ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠤ ᠳᠡᠳ᠋ ᠰᠠᠢᠳ ᠵᠠᠩ ᠶᠦᠨ ᠮᠢᠩ ᠬᠡᠯᠡᠪᠡ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠲᠦᠷᠦᠭᠦᠦ ᠤᠯᠠᠷᠢᠯ᠎ᠳᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 6.1% ᠪᠡᠷ ᠨᠡᠮᠡᠭᠳᠡᠵᠦ᠂ 31 ᠮᠤᠵᠢ ᠣᠷᠣᠨ ᠪᠦᠬᠦᠨ᠎ᠢᠶᠡᠷ᠎ᠢᠶᠡᠨ ᠡᠶᠡᠷᠭᠦ ᠨᠡᠮᠡᠭᠳᠡᠯ᠎ᠢ ᠪᠡᠶᠡᠯᠡᠭᠦᠯᠵᠦ᠂ ᠠᠵᠢᠯ ᠲᠥᠷᠥᠯ᠎ᠦᠨ ᠨᠡᠮᠡᠭᠳᠡᠯ᠎ᠦᠨ ᠬᠡᠪᠴᠢᠶ᠎ᠡ ᠨᠢ ᠠᠷᠪᠠᠨ᠎ᠤ ᠨᠠᠢ᠍ᠮᠠᠨ ᠬᠤᠪᠢ᠎ᠶᠢ ᠳᠠᠪᠠᠵᠤ᠂ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠨᠡᠮᠡᠭᠳᠡᠯ᠎ᠳᠦ ᠦᠵᠡᠭᠦᠯᠦᠭᠰᠡᠨ ᠬᠤᠪᠢ ᠨᠡᠮᠡᠷᠢ᠎ᠶᠢᠨ ᠨᠣᠷᠮ᠎ᠠ ᠨᠢ ᠠᠷᠪᠠᠨ᠎ᠤ ᠳᠥᠷᠪᠡᠨ ᠬᠤᠪᠢ ᠰᠢᠬᠠᠮ᠎ᠳᠤ ᠬᠦᠷᠪᠡ᠃ ᠴᠠᠬᠢᠯᠭᠠᠨ ᠬᠣᠯᠪᠣᠭᠠᠨ᠎ᠤ ᠲᠤᠬᠠᠢᠯᠠᠭᠰᠠᠨ ᠠᠵᠢᠯ᠎ᠤᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 8.3% ᠪᠡᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠠᠯ ᠵᠢᠡᠷ 0.6 ᠬᠤᠪᠢ ᠳᠡᠭᠡᠭᠰᠢᠯᠡᠪᠡ᠃
《ᠲᠣᠭᠲᠠᠭᠤᠨ》 ᠪᠠᠢᠳᠠᠯ ᠲᠠᠰᠤᠷᠠᠯᠳᠠ ᠦᠭᠡᠢ ᠪᠡᠬᠢᠵᠢᠵᠦ᠂ 《ᠤᠷᠤᠭᠰᠢᠯᠠᠬᠤ》 ᠠᠯᠬᠤᠴᠠ ᠤᠯᠠᠮ᠎ᠡᠴᠡ ᠤᠯᠠᠮ ᠲᠦᠷᠭᠡᠳᠪᠡ᠃
ᠠᠵᠤ ᠦᠢᠯᠡᠰ᠎ᠦᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠲᠦᠷᠦᠭᠦᠦ ᠤᠯᠠᠷᠢᠯ᠎ᠳᠤ᠂ ᠬᠡᠪᠴᠢᠶᠡᠵᠢᠯ᠎ᠡᠴᠡ ᠳᠡᠭᠡᠭᠰᠢᠬᠢ ᠲᠣᠨᠣᠭᠯᠠᠯ ᠦᠢᠯᠡᠳᠬᠦ ᠦᠢᠯᠡᠰ᠎ᠦᠨ ᠨᠡᠮᠡᠭᠳᠡᠯ ᠦᠷᠳᠡᠭ ᠠᠳᠠᠯᠢ ᠬᠤᠭᠤᠴᠠᠭᠠᠨ᠎ᠤ ᠬᠢ᠎ᠡᠴᠡ 8.9% ᠪᠡᠷ ᠨᠡᠮᠡᠭᠳᠡᠵᠦ᠂ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠦᠷᠳᠡᠭ᠎ᠦᠨ ᠨᠡᠮᠡᠭᠳᠡᠯ᠎ᠳᠦ ᠦᠵᠡᠭᠦᠯᠦᠭᠰᠡᠨ ᠬᠤᠪᠢ ᠨᠡᠮᠡᠷᠢ᠎ᠶᠢᠨ ᠨᠤᠷᠮ᠎ᠠ 50% ᠰᠢᠬᠠᠮ᠎ᠳᠤ ᠬᠦᠷᠪᠡ᠃ ᠨᠡᠯᠢᠶᠡᠳ ᠥᠨᠳᠥᠷ ᠮᠡᠷᠭᠡᠵᠢᠯ᠎ᠦᠨ ᠠᠭᠤᠯᠤᠭᠳᠡᠴᠡᠲᠠᠢ ᠪᠠ ᠨᠡᠯᠢᠶᠡᠳ ᠥᠨᠳᠥᠷ ᠨᠡᠮᠡᠯᠲᠡ ᠥᠷᠲᠡᠭ᠎ᠲᠠᠢ ᠮᠠᠰᠢᠨ ᠬᠥᠮᠥᠨ᠎ᠦ ᠤᠳᠠᠭᠠᠰᠢᠷᠠᠭᠤᠯᠤᠭ᠍ᠴᠢ᠂ ᠬᠠᠳᠠᠭᠠᠯᠠᠬᠤ ᠴᠠᠬᠢᠮ ᠢᠯᠳᠠᠰᠦ ᠵᠡᠷᠭᠡ ᠦᠢᠯᠡᠳᠬᠦᠨ᠎ᠦ ᠭᠠᠷᠤᠯᠲᠠ᠎ᠶᠢᠨ ᠬᠡᠮᠵᠢᠶ᠎ᠡ 40%᠎ᠶᠢ ᠳᠠᠪᠠᠭᠰᠠᠨ ᠳᠡᠭᠡᠳᠦ ᠬᠤᠷᠳᠤᠴᠠ᠎ᠪᠠᠷ ᠨᠡᠮᠡᠭᠳᠡᠪᠡ᠃
ᠰᠠᠢᠵᠢᠷᠠᠬᠤ ᠬᠠᠨᠳᠤᠰᠢ ᠦᠷᠭᠦᠯᠵᠢᠯᠡᠨ ᠪᠡᠬᠢᠵᠢᠪᠡ᠃ ᠦᠢᠯᠡᠳᠬᠦ ᠦᠢᠯᠡᠰ᠎ᠦᠨ ᠪᠡᠯᠡ ᠣᠷᠣᠭᠤᠯᠤᠯᠲᠠ ᠲᠣᠭᠲᠠᠭᠤᠨ᠎ᠢᠶᠠᠷ ᠳᠡᠭᠡᠭᠰᠢᠯᠡᠵᠦ᠂ ᠲᠦᠷᠦᠭᠦᠦ ᠤᠯᠠᠷᠢᠯ᠎ᠳᠤ ᠠᠳᠠᠯᠢ ᠬᠤᠭᠤᠴᠠᠭᠠᠨ᠎ᠤ ᠬᠢ᠎ᠡᠴᠡ 4.1% ᠪᠡᠷ ᠨᠡᠮᠡᠭᠳᠡᠵᠤ᠂ ᠨᠡᠮᠡᠭᠳᠡᠯ᠎ᠦᠨ ᠬᠤᠷᠳᠤᠴᠠ ᠨᠢ ᠨᠢᠳᠤᠨᠤᠨ᠎ᠤ ᠬᠢ᠎ᠡᠴᠡ ᠵᠠᠭᠤᠨ᠎ᠤ ᠬᠠᠷᠢᠴᠠᠯ ᠵᠢᠡᠷ 3.5 ᠬᠤᠪᠢ ᠲᠦᠷᠭᠡᠨ ᠪᠤᠯᠪᠠ᠃ ᠺᠣᠮᠫᠢᠦ᠋ᠲᠧᠷ ᠵᠢᠴᠢ ᠠᠯᠪᠠᠨ ᠠᠵᠢᠯ᠎ᠤᠨ ᠲᠥᠬᠦᠭᠡᠷᠦᠮᠵᠢ ᠦᠢᠯᠡᠳᠬᠦ᠂ ᠠᠭᠠᠷ᠎ᠤᠨ ᠠᠶᠠᠯᠠᠯ ᠰᠠᠨᠰᠠᠷ᠎ᠤᠨ ᠨᠢᠰᠦᠭᠦᠷ ᠵᠢᠴᠢ ᠲᠥᠬᠦᠭᠡᠷᠦᠮᠵᠢ ᠦᠢᠯᠡᠳᠬᠦ ᠵᠡᠷᠭᠡ ᠠᠵᠢᠯ ᠲᠦᠷᠦᠯ᠎ᠦᠨ ᠪᠡᠯᠡ ᠣᠷᠣᠭᠤᠯᠤᠯᠲᠠ ᠬᠣᠶᠠᠷ ᠣᠷᠣᠨᠲᠤ ᠲᠣᠭ᠎ᠠ᠎ᠶᠢᠨ ᠨᠡᠮᠡᠭᠳᠡᠯ᠎ᠢ ᠪᠡᠶᠡᠯᠡᠭᠦᠯᠪᠡ᠃ 3 ᠰᠠᠷ᠎ᠠ᠎ᠳᠤ᠂ ᠦᠢᠯᠡᠳᠬᠦ ᠦᠢᠯᠡᠰ᠎ᠦᠨ ᠬᠤᠳᠠᠯᠳᠤᠨ ᠠᠪᠬᠤ ᠳᠠᠭᠠᠭᠠᠮᠠᠯ᠎ᠤᠨ ᠵᠢᠭᠠᠯᠲᠠ ᠲᠣᠭ᠎ᠠ (PMI) ᠨᠢ ᠳᠡᠭᠡᠷ᠎ᠡ ᠰᠠᠷ᠎ᠠ᠎ᠶᠢᠨ ᠬᠢ᠎ᠡᠴᠡ ᠵᠠᠭᠤᠨ᠎ᠤ ᠬᠠᠷᠢᠴᠠᠯ ᠵᠢᠡᠷ 1.4 ᠬᠤᠪᠢ ᠳᠡᠭᠡᠭᠰᠢᠯᠡᠵᠦ᠂ ᠦᠷᠨᠢᠭᠦᠨ ᠬᠦᠭᠵᠢᠯ᠎ᠤᠨ ᠬᠡᠪᠴᠢᠶᠡᠨ᠎ᠳᠦ ᠣᠷᠣᠭᠰᠠᠨ ᠪᠠᠢᠨ᠎ᠠ᠃
ᠵᠠᠩ ᠶᠦᠨ ᠮᠢᠩ᠂ ᠣᠳᠣᠬᠠᠨ᠎ᠳᠤ ᠭᠠᠳᠠᠭᠠᠳᠤ ᠣᠷᠴᠢᠨ ᠨᠥᠬᠥᠴᠡᠯ᠎ᠦᠨ ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ ᠪᠠᠢᠨ᠎ᠠ᠂ ᠭᠡᠪᠡᠴᠦ ᠮᠠᠨ᠎ᠤ ᠤᠯᠤᠰ᠎ᠤᠨ ᠠᠵᠤ ᠦᠢᠯᠡᠰ᠎ᠦᠨ ᠰᠢᠰᠲᠧᠮ ᠪᠦᠷᠢᠨ᠂ ᠠᠵᠤ ᠦᠢᠯᠡᠰ᠎ᠦᠨ ᠤᠶᠠᠨ ᠬᠠᠲᠠᠨ ᠴᠢᠨᠠᠷ ᠴᠢᠩᠭ᠎ᠠ᠂ ᠵᠠᠬ᠎ᠠ ᠳᠡᠯᠭᠡᠭᠦᠷ᠎ᠦᠨ ᠬᠡᠪᠴᠢᠶ᠎ᠡ ᠶᠡᠬᠡ᠂ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠲᠣᠭᠲᠠᠭᠤᠨ᠎ᠢᠶᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠠᠬᠤ ᠦᠭᠡᠢ ᠶᠤᠮ᠃ ᠳᠠᠷᠠᠭᠠᠴᠢ᠎ᠶᠢᠨ ᠠᠯᠬᠤᠮ᠎ᠳᠤ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠰᠢᠨ᠎ᠡ᠎ᠶᠢ ᠡᠭᠦᠳᠬᠦ᠎ᠶᠢ ᠴᠢᠩᠭᠠᠳᠬᠠᠬᠤ᠂ ᠠᠭᠤᠰᠤᠯᠴᠠᠯ᠎ᠢ ᠠᠬᠢᠭᠤᠯᠬᠤ᠂ ᠵᠠᠰᠠᠯᠲᠠ᠎ᠶᠢ ᠰᠢᠯᠢᠳᠡᠭᠵᠢᠭᠦᠯᠬᠦ᠂ ᠠᠶᠤᠯ ᠲᠦᠭᠰᠢᠭᠦᠷᠢ᠎ᠶᠢ ᠰᠡᠷᠭᠡᠢᠯᠡᠬᠦ᠎ᠳᠦ ᠬᠦᠴᠦ ᠲᠠᠯᠪᠢᠵᠤ᠂ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠡᠷᠭᠢᠯᠳᠡ ᠵᠢᠨ ᠶᠠᠰᠤ ᠴᠢᠨᠠᠷ ᠦᠷ᠎ᠡ ᠠᠰᠢᠭ᠋᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠤ ᠢᠯᠡᠳᠭᠡᠪᠡ᠃
ᠰᠢᠨ᠎ᠡ ᠬᠥᠳᠡᠯᠭᠡᠭᠴᠢ ᠡᠨᠧᠷᠭᠢ ᠲᠦᠷᠭᠡᠰᠦᠨ ᠪᠤᠢᠵᠢᠪᠠ
ᠲᠦᠷᠦᠭᠦᠸ᠋ ᠪᠦᠯᠦᠭ᠎ᠦᠨ ᠤᠯᠤᠰ᠎ᠤᠨ ᠲᠠᠰ᠎ᠤᠨ ᠦᠢᠯᠡᠳᠬᠦ ᠦᠢᠯᠡᠰ᠎ᠦᠨ ᠳᠤᠮᠳᠠ ᠵᠡᠷᠭᠡ᠎ᠶᠢᠨ ᠲᠤᠷᠰᠢᠯᠲᠠ᠎ᠶᠢᠨ ᠲᠠᠪᠴᠠᠩ 21᠂ ᠰᠢᠯᠭᠠᠷᠠᠭᠰᠠᠨ ᠲᠠᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ᠎ᠤᠨ ᠨᠡᠪᠴᠢᠭᠦᠯᠦᠭᠴᠢ 14 ᠶ᠋ᠢ ᠨᠢᠭᠡᠨᠲᠡ ᠰᠢᠯᠢᠨ ᠰᠣᠩᠭᠣᠪᠠ; ᠤᠯᠤᠰ᠎ᠲᠠᠭᠠᠨ ᠦᠢᠯᠡᠳᠪᠦᠷᠢᠯᠡᠭᠰᠡᠨ ᠬᠣᠶᠠᠳᠤᠭᠠᠷ ᠲᠣᠮᠣ᠌ ᠬᠡᠯᠪᠡᠷᠢ᠎ᠶᠢᠨ ᠠᠶᠠᠯᠠᠯ᠎ᠤᠨ ᠬᠥᠯᠭᠡ ᠣᠩᠭᠣᠴᠠ 《ᠠᠢ ᠳᠠ·ᠬᠤᠸᠠ ᠴᠸᠩ ᠨᠤᠮᠸᠷᠲᠦ》 ᠠᠮᠵᠢᠯᠲᠠ᠎ᠲᠠᠢ᠎ᠪᠠᠷ ᠳᠠᠯᠠᠢ᠎ᠳᠦ ᠭᠠᠷᠪᠠ; ᠲᠦᠷᠦᠭᠦᠸ᠋ ᠬᠣᠶᠠᠷ ᠰᠠᠷ᠎ᠠ᠎ᠳᠤ᠂ L2 ᠲᠠᠰ᠎ᠤᠨ ᠬᠠᠮ ᠵᠢᠯᠣᠭᠣᠴᠢ᠎ᠶᠢᠨ ᠲᠤᠰᠠᠯᠠᠬᠤ ᠴᠢᠳᠠᠮᠵᠢ᠎ᠲᠠᠢ ᠰᠠᠭᠤᠳᠠᠯ᠎ᠤᠨ ᠮᠠᠰᠢᠨ ᠲᠡᠷᠭᠡᠨ᠎ᠤ ᠰᠢᠨ᠎ᠡ ᠲᠡᠷᠭᠡ᠎ᠶᠢᠨ ᠨᠡᠪᠴᠢᠯᠲᠡ᠎ᠶᠢᠨ ᠨᠣᠷᠮ᠎ᠠ 69%᠎ᠳᠤ ᠬᠦᠷᠪᠡ ᠁ ᠣᠳᠣᠬᠠᠨ᠎ᠳᠤ᠂ ᠠᠵᠤ ᠦᠢᠯᠡᠰ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠢᠯ ᠭᠦᠨᠵᠡᠭᠡᠢᠷᠡᠨ ᠪᠣᠳᠠᠲᠠᠢᠵᠢᠵᠤ᠂ ᠨᠡᠮᠡᠭᠳᠡᠯ᠎ᠦᠨ ᠳᠠᠯᠳᠠ ᠬᠦᠴᠦᠨ ᠴᠢᠨᠠᠭᠰᠢᠳᠠ ᠪᠠᠳᠠᠷᠠᠪᠠ᠃
ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ ᠪᠣᠯ ᠠᠵᠤ ᠦᠢᠯᠡᠰ᠎ᠦᠨ ᠬᠡᠯᠪᠡᠷᠢ ᠪᠡᠨ ᠬᠤᠪᠢᠷᠠᠭᠤᠯᠤᠨ ᠲᠡᠰ ᠳᠡᠪᠰᠢᠭᠦᠯᠬᠦ᠎ᠶᠢᠨ ᠴᠢᠬᠤᠯᠠ ᠬᠥᠳᠡᠯᠭᠡᠬᠦ ᠬᠦᠴᠦᠨ ᠮᠥᠨ᠃
《ᠡᠨᠡ ᠵᠢᠯ᠎ᠡᠴᠡ ᠨᠠᠭᠠᠰᠢ᠂ ᠪᠢᠳᠡ ᠮᠡᠳᠡᠭᠡ ᠵᠠᠩᠭᠢ ᠴᠢᠮᠡᠭᠡ ᠬᠣᠯᠪᠣᠭ᠎ᠠ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠵᠤ᠂ ᠠᠵᠤ ᠠᠬᠤᠢ ᠨᠡᠢᠭᠡᠮ᠎ᠦᠨ ᠲᠤᠭᠠᠴᠢᠯᠠᠯᠳᠠ ᠤᠶᠤᠨᠴᠢᠯᠠᠯᠳᠠᠲᠡᠢᠰᠢ ᠬᠡᠯᠪᠡᠷᠢ ᠪᠡᠨ ᠬᠤᠪᠢᠷᠠᠭᠤᠯᠬᠤ ᠵᠢᠨ ᠰᠠᠭᠤᠷᠢ᠎ᠶᠢ ᠬᠦᠴᠦᠯᠡᠨ ᠪᠡᠬᠢᠵᠢᠭᠦᠯᠪᠡ》᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠤ ᠮᠡᠳᠡᠭᠡ ᠵᠠᠩᠭᠢ ᠴᠢᠮᠡᠭᠡ ᠬᠣᠯᠪᠣᠭ᠎ᠠ᠎ᠶᠢᠨ ᠬᠥᠭᠵᠢᠯᠲᠡ᠎ᠶᠢᠨ ᠵᠤᠷᠭᠠᠨ᠎ᠤ ᠳᠠᠷᠤᠭ᠎ᠠ ᠰᠢᠶᠸ ᠼᠦᠨ᠂ 5G᠂ ᠮᠢᠩᠭᠠᠨ ᠮᠸᠭ᠎ᠠ ᠬᠡᠷᠡᠯᠴᠢ ᠰᠦᠯᠵᠢᠶ᠎ᠡ ᠨᠢᠭᠡᠨᠲᠡ 97 ᠤᠯᠤᠰ ᠠᠷᠠᠳ᠎ᠤᠨ ᠠᠵᠤ ᠠᠬᠤᠢ᠎ᠶᠢᠨ ᠶᠡᠬᠡ ᠲᠥᠷᠥᠯ᠎ᠦᠨ 91ᠳ᠋ᠤᠨᠢ ᠠᠭᠤᠰᠴᠤ ᠣᠷᠣᠭᠰᠠᠨ ᠪᠠᠢᠨ᠎ᠠ ᠭᠡᠵᠤ ᠲᠠᠨᠢᠯᠴᠠᠭᠤᠯᠪᠠ᠃
ᠡᠭᠦᠨ᠎ᠡᠴᠡ ᠭᠠᠳᠠᠨ᠎ᠠ᠂ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ 《5G + ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ》 ᠶ᠋ᠢᠨ ᠬᠡᠪᠴᠢᠶᠡᠵᠢᠭ᠌ᠰᠡᠨ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠨᠡᠢᠲᠡ 2.5 ᠲᠦᠮᠡ ᠭᠠᠷᠤᠶ 《5G + ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ》 ᠶ᠋ᠢᠨ ᠲᠥᠷᠥᠯ ᠵᠦᠶ᠋ᠯ᠎ᠢ ᠪᠠᠢᠭᠤᠯᠵᠤ᠂ ᠲᠥᠷᠥᠯ ᠲᠠᠰ ᠬᠤᠪᠢᠶᠠᠭ᠍ᠰᠠᠨ᠂ ᠣᠨᠴᠠᠯᠢᠭ᠎ᠢᠶᠠᠷ ᠢᠯᠡ ᠲᠣᠳᠣ 5G ᠦᠶ᠋ᠯᠡᠳᠪᠦᠷᠢ ᠵᠢ 1260 ᠪᠠᠢᠭᠤᠯᠵᠤ᠂ ᠲᠡᠷᠢᠭᠦᠨ᠎ᠦ ᠮᠡᠷᠭᠡᠵᠢᠯ᠎ᠲᠡᠶ᠂ ᠬᠡᠪ ᠳᠠᠭᠤᠷᠢᠶᠠᠯ ᠦᠵᠡᠬᠦᠯᠵᠦ ᠬᠥᠲᠥᠯᠦᠨ ᠳᠠᠭᠠᠭᠤᠯᠬᠤ 5G ᠦᠶ᠋ᠯᠡᠳᠪᠦᠷᠢ ᠵᠢ 100 ᠪᠠᠢᠭᠤᠯᠵᠤ᠂ ᠦᠶ᠋ᠯᠡᠳᠬᠦᠨ᠎ᠦ ᠳᠤᠮᠳᠠᠴᠢ ᠶᠠᠰᠤ ᠴᠢᠨᠠᠷ᠎ᠢ 20.5% ᠪᠡᠷ ᠳᠡᠭᠡᠭ᠌ᠰᠢᠯᠡᠭᠦᠯᠵᠦ᠍᠂ ᠡᠵᠡᠩᠨᠡᠯᠲᠡ᠎ᠶ᠋ᠢᠨ ᠥᠪᠡᠷ᠎ᠦᠨ ᠥᠷᠲᠡᠭ᠎ᠢ 18.4% ᠪᠡᠷ ᠪᠠᠭᠤᠷᠠᠭᠤᠯᠵᠤ᠂ ᠳᠤᠮᠳᠠᠴᠢ ᠦᠶ᠋ᠯᠡᠳᠪᠦᠷᠢᠯᠡᠬᠦ᠌ ᠴᠢᠳᠠᠪᠤᠷᠢ᠎ᠶ᠋ᠢ 24.7% ᠪᠡᠷ ᠨᠡᠮᠡᠭ᠌ᠳᠡᠭᠦᠯᠪᠡ᠃
ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠬᠥᠭ᠌ᠵᠢᠭᠦᠯᠬᠦ᠌ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠦᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠬᠦ᠌᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃
ᠣᠳᠣᠬᠠᠨ᠎ᠳᠤ᠂ ᠮᠠᠨ᠎ᠤ ᠤᠯᠤᠰ ᠺᠸᠠᠨ᠋ᠲ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ ᠤᠰᠤᠲᠥ᠋ᠷᠥᠭ᠌ᠴᠢ ᠵᠡᠷᠭᠡ ᠭᠣᠣᠯᠳᠠᠯᠭ᠎ᠠ᠎ᠲᠠᠶ ᠤᠷᠤᠯᠳᠤᠭᠠᠨ᠎ᠤ ᠵᠠᠮ᠎ᠤᠨ ᠲᠣᠭᠣᠷᠢᠨ᠎ᠳᠤ᠂ ᠢᠷᠡᠭᠡᠳᠦᠢ᠎ᠶ᠋ᠢᠨ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ 100 ᠭᠠᠷᠤᠢ ᠵᠦᠢᠯ᠎ᠦᠨ ᠪᠤᠭᠤᠮᠳᠠ ᠰᠢᠪᠳᠤᠯᠬᠤ ᠡᠭᠦᠷᠭᠡ ᠵᠢ 《ᠠᠵᠢᠯ ᠳᠠᠭᠠᠭᠠᠴᠢᠯᠠᠨ ᠡᠭᠦᠷᠭᠡ ᠬᠦᠯᠢᠶᠡᠨ》 ᠪᠠᠢᠷᠢᠯᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ ᠭᠣᠣᠯᠳᠠᠯᠭ᠎ᠠ᠎ᠲᠠᠶ ᠬᠦᠷᠢᠶᠡᠨ᠎ᠦ ᠦᠢᠯᠡᠳᠬᠦ᠌ ᠦᠢᠯᠡᠰ᠎ᠦᠨ ᠱᠢᠨ᠎ᠡ᠎ᠶ᠋ᠢ ᠡᠭᠦᠳᠬᠦ᠌ ᠲᠥᠪ᠂ ᠵᠠᠪᠰᠠᠷ᠎ᠤᠨ ᠲᠤᠷᠱᠢᠯᠲᠠ᠎ᠶ᠋ᠢᠨ ᠲᠠᠪᠴᠠᠩ ᠵᠡᠷᠭᠡ᠎ᠶ᠋ᠢ ᠱᠢᠰᠲᠸᠮ ᠲᠠᠢ ᠪᠠᠢᠷᠢᠯᠠᠭᠤᠯᠪᠠ;ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢ 50.9 ᠲᠦᠮᠡ ᠪᠤᠢᠵᠢᠭᠤᠯᠵᠤ᠂ 193 ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠦᠢᠯᠡᠰ᠎ᠤᠨ ᠪᠦᠯᠦᠭ᠌ᠵᠢᠯ᠎ᠳᠦ ᠡᠯ᠎ᠡ ᠲᠦᠷᠦᠯ᠎ᠦᠨ ᠱᠢᠨ᠎ᠡ᠎ᠶ᠋ᠢ ᠡᠭᠦᠳᠬᠦ᠌ ᠠᠵᠤ ᠠᠬᠤᠢᠯᠠᠯ᠎ᠢ 5.4 ᠲᠦᠮᠡ ᠵᠢ ᠲᠥᠪᠯᠡᠷᠡᠭᠦᠯᠪᠡ᠃
ᠢᠷᠡᠭᠡᠳᠦᠶ᠎ᠶ᠋ᠢᠨ ᠠᠵᠤ ᠦᠶ᠋ᠯᠡᠰ᠎ᠦᠨ 《ᠲᠤᠷᠱᠢᠯᠲᠠ᠎ᠶ᠋ᠢᠨ ᠲᠠᠰᠤᠭ》 ᠡᠴᠡ 《ᠲᠣᠮᠣ ᠵᠠᠬ᠎ᠠ ᠳᠡᠯᠭᠡᠭᠦᠷ》 ᠳᠡᠢᠰᠢ ᠬᠥᠭ᠌ᠵᠢᠬᠦ᠌᠎ᠶ᠋ᠢ ᠬᠡᠷᠬᠢᠨ ᠤᠯᠠᠮ ᠨᠢᠭᠡ ᠠᠯᠬᠤᠮ ᠠᠬᠢᠭᠤᠯᠬᠤ ᠪᠣᠶ? ᠵᠠᠩ ᠶᠦᠨ ᠮᠢᠩ᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠣᠳᠠᠲᠠᠶ ᠬᠡᠷᠡᠭ᠌ᠴᠡᠭᠡ᠎ᠶ᠋ᠢ ᠪᠠᠳᠤ ᠡᠵᠡᠮᠳᠡᠨ ᠪᠣᠭᠣᠮᠲᠠ ᠱᠢᠪᠲᠤᠯᠬᠤ ᠡᠭᠦᠷᠭᠡ᠎ᠶ᠋ᠢ ᠪᠠᠢᠷᠢᠯᠠᠭᠤᠯᠵᠤ᠂ ᠰᠠᠭᠤᠷᠢ ᠰᠤᠳᠤᠯᠭᠠᠨ ᠬᠢᠭᠡᠳ ᠬᠡᠷᠡᠭ᠌ᠯᠡᠭᠡᠨ᠎ᠦ ᠰᠤᠳᠤᠯᠭᠠᠨ᠎ᠢ ᠬᠠᠮᠵᠢᠯᠴᠠᠭᠤᠯᠤᠨ ᠠᠬᠢᠭᠤᠯᠬᠤ᠎ᠶ᠋ᠢ ᠴᠢᠩᠭᠠᠳᠭᠠᠨ᠎ᠠ; ᠦᠢᠯᠡᠳᠬᠦ᠌ ᠦᠢᠯᠡᠰ᠎ᠦᠨ ᠱᠢᠨ᠎ᠡ᠎ᠶ᠋ᠢ ᠡᠭᠦᠳᠬᠦ᠌ ᠲᠥᠪ᠂ ᠵᠠᠪᠰᠠᠷ᠎ᠤᠨ ᠲᠤᠷᠱᠢᠯᠲᠠ᠎ᠶ᠋ᠢᠨ ᠲᠠᠪᠴᠠᠩ ᠵᠡᠷᠭᠡ ᠠᠴᠢᠶᠠᠯᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ; ᠨᠡᠢᠳᠡᠮ ᠬᠡᠷᠡᠭ᠌ᠯᠡᠬᠦ᠌ ᠴᠢᠨᠠᠷᠲᠠᠶ ᠲᠥᠷᠥ᠎ᠶ᠋ᠢᠨ ᠪᠣᠳᠣᠯᠭ᠎ᠠ ᠬᠢᠭᠡᠳ ᠤᠷᠤᠯᠳᠤᠭᠠᠨ᠎ᠤ ᠵᠠᠮ᠎ᠢ ᠨᠠᠷᠢᠨ ᠬᠤᠪᠢᠶᠠᠭᠰᠠᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠬᠤ᠎ᠶ᠋ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠤᠨ᠎ᠠ ᠭᠡᠵᠦ ᠳᠠᠨᠢᠯᠴᠠᠭᠤᠯᠪᠠ᠃
ᠠᠵᠤ ᠠᠬᠤᠢᠯᠠᠯ᠎ᠳᠤ ᠠᠱᠢᠭ ᠬᠦᠷᠲᠡᠭᠡᠬᠦ᠌ ᠦᠶ᠋ᠯᠡᠴᠢᠯᠡᠭᠡᠨ᠎ᠦ ᠶᠠᠰᠤ ᠴᠢᠨᠠᠷ ᠳᠡᠭᠡᠭ᠌ᠰᠢᠯᠡᠨ ᠦᠷ᠎ᠡ ᠠᠱᠢᠭ ᠨᠡᠮᠡᠭ᠌ᠳᠡᠪᠡ
ᠳᠤᠮᠳᠠ ᠪᠠᠭ᠎ᠠ ᠠᠵᠤ ᠠᠬᠤᠢᠯᠠᠯ᠎ᠤᠨ ᠴᠢᠳᠠᠪᠤᠷᠢᠲᠠᠨ᠎ᠳᠤ ᠦᠢᠯᠡᠴᠢᠯᠡᠬᠦ᠌ ᠲᠤᠰᠭᠠᠶ ᠵᠦᠢᠯ᠎ᠦᠨ ᠠᠵᠢᠯᠯᠠᠭ᠎ᠠ ᠥᠷᠨᠢᠭᠦᠯᠪᠡ; ᠠᠵᠤ ᠠᠬᠤᠢᠯᠠᠯ᠎ᠤᠨ ᠥᠷᠢ ᠱᠢᠷᠢ᠎ᠶ᠋ᠢ ᠴᠡᠪᠡᠷᠯᠡᠬᠦ᠌ ᠠᠵᠢᠯ᠎ᠢ ᠬᠦᠴᠦᠯᠡᠨ ᠲᠦᠷᠭᠡᠳᠭᠡᠪᠡ; ᠮᠠᠱᠢᠨ ᠲᠡᠷᠭᠡᠨ᠎ᠦ ᠠᠵᠢᠯ ᠲᠥᠷᠥᠯ᠎ᠦᠨ ᠰᠦᠯᠵᠢᠶᠡᠨ᠎ᠦ ᠰᠠᠮᠠᠭᠤᠨ ᠦᠵᠡᠭ᠌ᠳᠡᠯ᠎ᠢ ᠭᠦᠨᠵᠡᠭᠡᠶ ᠴᠡᠭ᠌ᠴᠡᠯᠡᠨ ᠵᠠᠰᠠᠪᠠ; ᠦᠢᠯᠡᠳᠪᠦᠷᠢᠯᠡᠯ᠎ᠤᠨ ᠴᠢᠳᠠᠪᠤᠷᠢ᠎ᠶ᠋ᠢ ᠤᠷᠢᠳᠴᠢᠯᠠᠨ ᠰᠡᠷᠡᠮᠵᠢᠯᠡᠭᠦᠯᠵᠦ᠍ ᠲᠤᠬᠢᠷᠠᠭᠤᠯᠤᠨ ᠡᠵᠡᠮᠳᠡᠬᠦ᠌᠂ ᠦᠨ᠎ᠡ ᠬᠠᠩᠰᠢ᠎ᠶ᠋ᠢᠨ ᠥᠷᠢᠰᠥᠯᠳᠦᠭᠡᠨ᠎ᠢ ᠵᠢᠷᠤᠮᠵᠢᠭᠤᠯᠬᠤ ᠵᠡᠷᠭᠡ ᠠᠵᠢᠯ᠎ᠢ ᠦᠷᠭᠦᠯᠵᠢᠯᠡᠨ ᠠᠬᠢᠭᠤᠯᠪᠠ; ᠲᠦᠭᠡᠮᠡᠯ ᠬᠠᠷᠠᠭᠠᠯᠵᠠᠯᠲᠤ ᠪᠤᠳᠤᠯᠳᠠ᠎ᠶᠢᠨ ᠬᠦᠴᠦᠨ᠎ᠢᠶᠡᠷ ᠳᠤᠮᠳᠠ ᠪᠠᠭ᠎ᠠ ᠠᠵᠤ ᠠᠬᠤᠢᠯᠠᠯ᠎ᠤᠨ ᠬᠥᠭ᠌ᠵᠢᠯᠲᠡ᠎ᠳᠦ ᠡᠨ᠋ᠸᠷᠬᠢ ᠤᠯᠭᠤᠬᠤ ᠲᠤᠰᠭᠠᠶ ᠠᠵᠢᠯᠯᠠᠭ᠎ᠠ᠎ᠶ᠋ᠢ ᠥᠷᠨᠢᠭᠦᠯᠪᠡ ᠁ ᠣᠢᠷ᠎ᠠ᠎ᠳᠤ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠱᠢᠰᠲ᠋ᠧᠮ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭ᠌ᠰᠢᠯᠡᠭᠦᠯᠪᠡ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠲᠦᠷᠦᠭᠦᠦ ᠬᠣᠶᠠᠷ ᠰᠠᠷ᠎ᠠ᠎ᠳᠤ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ ᠠᠵᠤ ᠠᠬᠤᠢᠯᠠᠯ᠎ᠤᠨ ᠠᠱᠢᠭ ᠬᠣᠨᠵᠢᠪᠣᠷᠢ ᠠᠳᠠᠯᠢ ᠬᠤᠭᠤᠴᠠᠭᠠᠨ᠎ᠤ᠎ᠬᠢ᠎ᠡᠴᠡ 15.2%ᠢ᠋ᠶ᠋ᠠᠷ ᠨᠡᠮᠡᠭ᠌ᠳᠡᠵᠦ᠍᠂ ᠨᠡᠮᠡᠭ᠌ᠳᠡᠯ᠎ᠦᠨ ᠬᠤᠷᠳᠤᠴᠠ᠎ᠨᠢ ᠨᠢᠳᠤᠨᠤᠨ᠎ᠤ᠎ᠬᠢ᠎ᠡᠴᠡ ᠵᠠᠭᠤᠨ᠎ᠤ ᠬᠠᠷᠢᠴᠠᠯ᠎ᠢᠶᠡᠷ 14.6 ᠬᠤᠪᠢ ᠲᠦᠷᠭᠡᠳᠪᠡ; ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠬᠡᠷᠡᠯᠴᠢ ᠴᠡᠨᠡᠭ ᠵᠡᠷᠭᠡ ᠠᠵᠢᠯ ᠲᠥᠷᠥᠯ᠎ᠦᠨ ᠥᠷᠢᠰᠥᠯᠳᠦᠭᠡᠨ᠎ᠦ ᠡᠮᠬᠢ ᠳᠢᠭ᠌ᠯᠢᠮ ᠦᠷᠭᠦᠯᠵᠢᠯᠡᠨ ᠰᠠᠢᠵᠢᠷᠠᠪᠠ; ᠬᠡᠷᠡᠯᠴᠢ ᠴᠡᠨᠡᠭ᠎ᠦᠨ ᠲᠣᠨᠣᠭ᠍ᠯᠠᠯ᠂ ᠨᠡᠭᠦᠷᠡᠰᠦ ᠬᠦ᠋ᠴᠢᠯ᠎ᠦᠨ ᠯᠢᠲ᠋ᠢ᠂ ᠬᠥᠳᠡᠯᠭᠡᠬᠦ᠌ ᠬᠦᠴᠦᠨ᠎ᠦ ᠬᠡᠯᠪᠡᠷᠢ᠎ᠶ᠋ᠢᠨ ᠹᠣᠰᠹᠣᠷ ᠬᠦᠴᠢᠯ᠎ᠦᠨ ᠲᠡᠮᠦᠷ ᠯᠢᠲ᠋ᠢ ᠵᠡᠷᠭᠡ ᠦᠶ᠋ᠯᠡᠳᠬᠦᠨ᠎ᠦ ᠦᠨ᠎ᠡ ᠶᠡᠷᠦᠩᠬᠡᠶ᠎ᠳᠡᠭᠡᠨ ᠳᠡᠭᠡᠭ᠌ᠰᠢᠯᠡᠪᠡ᠃
ᠳᠤᠮᠳᠠ ᠪᠠᠭ᠎ᠠ ᠠᠵᠤ ᠠᠬᠤᠢᠯᠠᠯ ᠪᠣᠯ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠂ ᠠᠵᠢᠯ ᠣᠯᠭᠣᠯᠲᠠ᠎ᠶ᠋ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠴᠢᠬᠤᠯᠠ ᠬᠦᠴᠦᠨ ᠮᠥᠨ᠃
《ᠳᠤᠮᠳᠠ ᠪᠠᠭ᠎ᠠ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠂ ᠲᠤᠰᠭᠠᠢ ᠨᠠᠷᠢᠯᠢᠭ ᠣᠨᠴᠠ ᠱᠢᠨ᠎ᠡ ᠪᠠᠢᠬᠤ ᠪᠣᠯ ᠵᠠᠪᠠᠯ ᠶᠠᠪᠤᠬᠤ ᠵᠠᠮ ᠮᠥᠨ᠃ ᠪᠢᠳᠡ ᠪᠠᠷᠢᠮᠵᠢᠶ᠎ᠠ᠎ᠨᠢ ᠨᠢᠭᠡᠳᠦᠯᠲᠡᠶ᠂ ᠵᠣᠯᠭᠠᠭᠤᠯᠤᠯᠲᠠ᠎ᠨᠢ ᠡᠮᠬᠢ ᠵᠢᠷᠤᠮ᠎ᠲᠠᠶ᠂ ᠦᠶ᠋ᠯᠡᠴᠢᠯᠡᠭᠡ᠎ᠨᠢ ᠨᠠᠷᠢᠯᠢᠭ ᠣᠨᠣᠪᠴᠢᠲᠠᠶ ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ᠎ᠤᠨ ᠱᠠᠲᠤᠯᠢᠭ ᠪᠣᠢᠵᠢᠭᠤᠯᠤᠯᠲᠠ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠬᠤ᠎ᠶ᠋ᠢᠨ ᠬᠠᠮᠲᠤ ᠡᠨᠡ ᠵᠢᠯ᠎ᠦᠨ 4 ᠰᠠᠷ᠎ᠠ᠎ᠶ᠋ᠢᠨ 1 ᠤ᠋ ᠡᠳᠦᠷ ᠡᠴᠡ 〈ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ᠎ᠤᠨ ᠱᠠᠲᠤᠯᠢᠭ ᠪᠣᠢᠵᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠠᠷᠭ᠎ᠠ〉 ᠶ᠋ᠢ ᠡᠬᠢᠯᠡᠨ ᠬᠡᠷᠡᠭ᠌ᠵᠢᠭᠦᠯᠵᠡᠢ》 ᠭᠡᠵᠦ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠠᠵᠢᠯᠯᠠᠭ᠎ᠠ᠎ᠨᠢ ᠬᠢᠨᠠᠨ ᠬᠡᠮᠵᠢᠵᠦ᠍ ᠵᠣᠬᠢᠴᠠᠭᠤᠯᠬᠤ ᠲᠣᠪᠴᠢᠶᠠᠨ᠎ᠤ ᠳᠠᠷᠤᠭ᠎ᠠ ᠲᠤᠤ ᠴᠢᠩ ᠬᠡᠯᠡᠪᠡ᠃
ᠡᠨᠡ ᠵᠢᠯ᠎ᠡᠴᠡ᠂ ᠳᠤᠮᠳᠠ ᠪᠠᠭ᠎ᠠ ᠠᠵᠤ ᠠᠬᠤᠢᠯᠠᠯ᠎ᠤᠨ ᠠᠵᠤ ᠠᠬᠤᠢ᠎ᠶ᠋ᠢᠨ ᠡᠷᠭᠢᠯᠲᠡ ᠲᠣᠭ᠍ᠲᠠᠭᠤᠨ᠎ᠤ ᠳᠤᠮᠳᠠ ᠠᠬᠢᠵᠥ᠍᠂ ᠦᠢᠯᠡᠳᠪᠦᠷᠢᠯᠡᠯ ᠲᠦᠷᠭᠡᠳᠴᠦ᠍᠂ ᠦᠷ᠎ᠡ ᠠᠱᠢᠭ ᠰᠠᠢᠵᠢᠷᠠᠪᠠ᠃ ᠨᠢᠭᠡᠳᠦᠭᠡᠷ ᠤᠯᠠᠷᠢᠯ᠎ᠳᠤ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠲᠤᠰᠭᠠᠢ ᠨᠠᠷᠢᠯᠢᠭ ᠣᠨᠴᠠ ᠱᠢᠨ᠎ᠡ 《ᠪᠠᠭ᠎ᠠ ᠠᠪᠤᠷᠭᠤ》 ᠠᠵᠤ ᠠᠬᠤᠢᠯᠠᠯ᠎ᠤᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 10.2% ᠢ᠋ᠶ᠋ᠠᠷ ᠨᠡᠮᠡᠭ᠌ᠳᠡᠪᠡ᠃
ᠲᠤᠤ ᠴᠢᠩ᠂ ᠢᠷᠡᠭᠡᠳᠦᠶ᠎ᠳᠦ ᠱᠢᠯᠢᠳᠡᠭ ᠠᠵᠤ ᠠᠬᠤᠢᠯᠠᠯ᠎ᠤᠨ ᠱᠠᠲᠤᠯᠢᠭ ᠪᠣᠢᠵᠢᠭᠤᠯᠤᠯᠲᠠ᠎ᠶᠢᠨ ᠭᠤᠷᠪᠠᠨ ᠵᠢᠯ᠎ᠦᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠥᠬᠥᠴᠡᠯ᠎ᠲᠡᠶ ᠭᠠᠵᠠᠷ ᠣᠷᠣᠨ᠎ᠤ ᠲᠤᠰᠭᠠᠢ ᠨᠠᠷᠢᠯᠢᠭ ᠣᠨᠴᠠ ᠱᠢᠨ᠎ᠡ ᠠᠵᠤ ᠠᠬᠤᠢᠯᠠᠯ᠎ᠳᠦ ᠡᠨᠧᠷᠭᠢ ᠤᠯᠭᠤᠬᠤ ᠲᠥᠪ᠎ᠢ ᠰᠦᠪᠡᠭ᠌ᠴᠢᠯᠡᠨ ᠪᠠᠢᠭᠤᠯᠬᠤ᠎ᠶ᠋ᠢ ᠳᠡᠮᠵᠢᠨ᠎ᠡ; 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠳᠤᠮᠳᠠ ᠪᠠᠭ᠎ᠠ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠠᠬᠢᠭᠤᠯᠬᠤ ᠲᠥᠯᠥᠪᠵᠢᠭᠦᠯᠭᠡ᠎ᠶ᠋ᠢ ᠨᠡᠢᠲᠡᠯᠡᠵᠦ᠍᠂ ᠤᠯᠤᠰ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠬᠤᠶᠠᠳᠤᠭᠠᠷ ᠬᠤᠭᠤᠴᠠᠭᠠᠨ ᠤ᠋ ᠰᠠᠭᠤᠷᠢ ᠮᠥᠩᠭᠥ᠎ᠶ᠋ᠢ ᠭᠠᠷᠭᠠᠨ᠎ᠠ; ᠤᠯᠤᠰ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠵᠢᠱ᠌ᠢᠶ᠎ᠡ ᠦᠵᠡᠭᠦᠯᠬᠦ᠌ ᠲᠠᠪᠴᠠᠩ (ᠰᠠᠭᠤᠷᠢᠨ) ᠵᠡᠷᠭᠡ᠎ᠶ᠋ᠢ ᠡᠭᠦᠳᠦᠨ ᠪᠠᠢᠭᠤᠯᠤᠨ᠎ᠠ ᠭᠡᠵᠦ ᠢᠯᠡᠳᠬᠡᠵᠡᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶᠢᠨ 21᠎ᠤ᠋ ᠴᠠᠬᠢᠯᠭᠠᠨ ᠮᠡᠳᠡᠭᠡ)