ᠦᠪᠦᠷ ᠮᠤᠡᠭᠭᠤᠯ ᠪᠠᠷᠢᠯᠭ᠎ᠠ᠎ᠶ᠋ᠢᠨ ᠢᠯᠴᠢ ᠬᠠᠳᠠᠭᠠᠯᠠᠬᠤ ᠮᠠᠲ᠋ᠧᠷᠢᠶᠠᠯ᠎ᠤᠨ ᠠᠮᠤᠷ ᠲᠦᠪᠱᠢᠨ᠎ᠦ ᠳᠠᠯᠳᠠ ᠬᠡᠮ᠎ᠦᠨ ᠪᠥᠬᠥ᠌ ᠬᠡᠯᠬᠢᠶ᠎ᠡ ᠎ᠶ᠋ᠢ ᠴᠡᠭ᠌ᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ
2026-04-24 10:35:56
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ ᠎ᠦᠨ ᠬᠢᠨ ᠤᠢᠷ᠎ᠡ᠎ᠳᠦ ᠪᠠᠷᠢᠯᠭ᠎ᠠ᠎ᠶ᠋ᠢᠨ ᠢᠯᠴᠢ ᠬᠠᠳᠠᠭᠠᠯᠠᠬᠤ ᠮᠠᠲ᠋ᠧᠷᠢᠶᠠᠯ᠎ᠤᠨ ᠠᠮᠤᠷ ᠲᠦᠪᠱᠢᠨ᠎ᠦ ᠳᠠᠯᠳᠡ ᠬᠡᠮ᠎ᠤᠨ ᠪᠥᠬᠥ᠌ ᠬᠡᠯᠬᠢᠶ᠎ᠡ᠎ᠶ᠋ᠢ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠍᠂ ᠪᠥᠬᠥ᠌ ᠬᠡᠯᠬᠢᠶ᠎ᠡ᠎ᠶ᠋ᠢ ᠴᠡᠭ᠌ᠴᠡᠯᠡᠨ ᠵᠠᠰᠠᠬᠤ ᠠᠵᠢᠯ᠎ᠢ ᠦᠨᠡᠨ ᠬᠦ᠌ ᠰᠠᠢᠲᠤᠷ ᠬᠢᠵᠦ ᠪᠤᠢ ᠃

《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶ᠋ᠢᠨ ᠢᠯᠴᠢ ᠬᠠᠳᠠᠭᠠᠯᠠᠬᠤ ᠮᠠᠲ᠋ᠧᠷᠢᠶᠠᠯ᠎ᠤᠨ ᠠᠮᠤᠷ ᠲᠦᠪᠱᠢᠨ᠎ᠦ ᠳᠠᠯᠳᠠ ᠬᠡᠮ᠎ᠦᠨ ᠪᠥᠬᠥ᠌ ᠬᠡᠯᠬᠢᠶ᠎ᠡ᠎ᠶ᠋ᠢ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ〉 ᠢ᠋ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠦᠯᠬᠦᠢ ᠦᠶ᠋ᠯᠡᠳᠪᠦᠷᠢᠯᠡᠯ᠎ᠦᠨ ᠵᠥᠪᠯᠡᠯ᠎ᠦᠨ ᠮᠡᠳᠡᠭ᠌ᠳᠡᠯ》 (ᠥᠪᠡᠷᠲᠡᠭᠡᠨ ᠵᠠᠰᠠᠬᠤ ᠣᠷᠣᠨ᠎ᠤ ᠠᠶᠦᠯᠬᠦᠢ ᠦᠶ᠋ᠯᠡᠳᠪᠦᠷᠢᠯᠡᠯ᠎ᠦᠨ ᠵᠥᠪᠯᠡᠯ᠎ᠤᠨ [2025]6 ᠳ᠋ᠤᠭᠠᠷ ᠲᠣᠭᠠᠲᠤ ᠪᠢᠴᠢᠭ ᠮᠠᠲᠧᠷᠢᠶᠠᠯ) ᠤ᠋ᠨ ᠱᠠᠭᠠᠷᠳᠠᠯᠭ᠎ᠠ ᠶᠣᠰᠣᠭᠠᠷ᠂ ᠨᠢᠭᠡᠨᠲᠡ  ᠵᠢᠭ᠍ᠰᠠᠭᠠᠨ ᠪᠠᠢᠴᠠᠭᠠᠭ᠍ᠰᠠᠨ ᠬᠠᠷᠢᠶ᠎ᠠ ᠣᠷᠣᠨ᠎ᠤ ᠪᠠᠷᠢᠯᠭ᠎ᠠ᠎ᠶ᠋ᠢᠨ ᠢᠯᠴᠢ ᠬᠠᠳᠠᠭᠠᠯᠠᠬᠤ ᠮᠠᠲ᠋ᠧᠷᠢᠶᠠᠯ ᠦᠶ᠋ᠯᠡᠳᠪᠦᠷᠢᠯᠡᠬᠦ᠌ ᠠᠵᠤ ᠠᠬᠤᠢᠯᠠᠯ᠎ᠤᠨ ᠬᠡᠪᠴᠢᠶ᠎ᠡ᠂ ᠦᠶ᠋ᠯᠡᠳᠬᠦᠨ᠎ᠦ ᠲᠥᠷᠥᠯ ᠬᠡᠯᠪᠡᠷᠢ ᠵᠡᠷᠭᠡ ᠮᠡᠳᠡᠭᠡ ᠵᠠᠩᠭᠢ᠎ᠶ᠋ᠢ ᠬᠥᠳᠡᠯᠦᠩᠭᠦᠶ᠎ᠪᠡᠷ ᠱᠢᠨᠡᠳᠭᠡᠨ᠎ᠠ᠃ ᠡᠭᠦᠨ᠎ᠦ ᠬᠠᠮᠲᠤ᠂ ᠱᠠᠭᠠᠷᠳᠠᠯᠭ᠎ᠠ᠎ᠳᠤ ᠨᠡᠢᠴᠡᠭ᠌ᠰᠡᠨ 5 ᠠᠵᠤ ᠠᠬᠤᠢᠯᠠᠯ᠎ᠢ ᠵᠣᠬᠢᠶᠠᠨ ᠪᠠᠢᠭᠤᠯᠤᠨ ᠪᠠᠷᠢᠯᠭ᠎ᠠ᠎ᠶ᠋ᠢᠨ ᠢᠯᠴᠢ ᠬᠠᠳᠠᠭᠠᠯᠠᠬᠤ ᠮᠠᠲ᠋ᠧᠷᠢᠶᠠᠯ᠎ᠤᠨ ᠠᠵᠢᠯ ᠲᠥᠷᠥᠯ᠎ᠦᠨ ᠲᠦᠷᠢᠮᠵᠢᠭᠰᠡᠨ ᠠᠵᠤ ᠠᠬᠤᠢᠯᠠᠯ᠎ᠢ ᠭᠤᠶᠤᠴᠢᠯᠠᠨ ᠮᠡᠳᠡᠭᠦᠯᠦᠨ᠎ᠡ᠃

 ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠡᠴᠡ ᠠᠢᠮᠠᠭ ᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠣᠪᠴᠢᠶ᠎ᠠ᠎ᠶ᠋ᠢ ᠦᠷᠭᠦᠯᠵᠢᠯᠡᠨ ᠱᠠᠯᠠᠪᠳᠠᠭᠤᠯᠵᠤ᠂ ᠠᠵᠤ ᠠᠬᠤᠢᠯᠠᠯ᠎ᠢ  ᠵᠢᠯᠣᠭᠣᠳᠤᠨ ᠦᠶ᠋ᠯᠡᠳᠪᠦᠷᠢᠯᠡᠯ᠎ᠦᠨ ᠶᠠᠰᠤ ᠴᠢᠨᠠᠷ᠎ᠤᠨ ᠬᠠᠮᠢᠶᠠᠷᠤᠨ ᠡᠵᠡᠮᠳᠡᠬᠦ᠌ ᠠᠵᠢᠯ᠎ᠢ ᠴᠢᠩᠭᠠᠳᠭᠠᠨ ᠨᠠᠢᠳᠠᠪᠤᠷᠢᠵᠢᠭᠤᠯᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ ᠠᠵᠤ ᠠᠬᠤᠢᠯᠠᠯ᠎ᠢ ᠬᠢᠨᠠᠨ ᠲᠣᠭ᠍ᠲᠠᠭᠠᠬᠤ᠎ᠶ᠋ᠢᠨ ᠬᠠᠮᠲᠤ᠂ ᠦᠷᠭᠦᠯᠵᠢᠯᠡᠨ ᠠᠬᠢᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠦ ᠪᠤᠢ ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号