ᠡᠷᠢᠶᠡᠨ ᠬᠣᠲᠠ᠎ᠶ᠋ᠢᠨ ᠨᠢᠬᠡᠳᠦᠬᠡᠷ ᠤᠯᠠᠷᠢᠯ᠎ᠤᠨ ᠬᠢᠯᠢ᠎ᠪᠡᠷ ᠣᠷᠣᠭᠤᠯᠵᠤ ᠭᠠᠷᠭᠠᠭᠰᠠᠨ ᠪᠠᠷᠠᠭ᠎ᠠ᠎ᠶ᠋ᠢᠨ ᠲᠡᠭᠡᠭᠡᠪᠦᠷᠢ᠎ᠶ᠋ᠢᠨ ᠲᠡᠷᠭᠡ ᠬᠦᠰᠭᠡ 5.5 ᠲᠦᠮᠡ ᠤᠳᠠᠭ᠎ᠠ ᠶ᠋ᠢ ᠳᠠᠪᠠᠪᠠ
2026-04-24 10:50:41
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠡᠨᠡ ᠵᠢᠯ᠎ᠦᠨ ᠨᠢᠬᠡᠳᠦᠬᠡᠷ ᠤᠯᠠᠷᠢᠯ᠎ᠳᠤ᠂ ᠡᠷᠢᠶᠡᠨ ᠬᠣᠲᠠ᠎ᠶ᠋ᠢᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠶ᠋ᠢᠨ ᠬᠢᠯᠢ᠎ᠪᠡᠷ ᠣᠷᠣᠭᠤᠯᠵᠤ ᠭᠠᠷᠭᠠᠭ᠍ᠰᠠᠨ ᠪᠠᠷᠠᠭᠠᠨ ᠎ᠤ  ᠲᠡᠭᠡᠭᠡᠪᠦᠷᠢ ᠎ᠶ᠋ᠢᠨ  ᠲᠡᠷᠭᠡ ᠬᠦᠰᠭᠡ ᠵᠢᠨ ᠲᠤᠭ᠎ᠠ ᠨᠡᠢᠲᠡ 5.5 ᠲᠦᠮᠡ ᠤᠳᠠᠭ᠎ᠠ᠎ᠶ᠋ᠢ ᠳᠠᠪᠠᠵᠤ᠂ ᠡᠨᠡ ᠨᠢ ᠨᠢᠳᠤᠨᠤᠨ ᠎ᠤ  ᠠᠳᠠᠯᠢ ᠬᠤᠭᠤᠴᠠᠭᠠᠨ᠎ᠤ᠎ᠬᠢ᠎ᠡᠴᠡ 10% ᠪᠠᠷ ᠨᠡᠮᠡᠭ᠌ᠳᠡᠪᠡ᠃ ᠲᠤᠰ ᠬᠢᠯᠢ ᠵᠢᠨ ᠪᠣᠭᠣᠮᠲᠠ᠎ᠪᠠᠷ ᠣᠷᠣᠵᠤ ᠭᠠᠷᠬᠤ ᠲᠡᠷᠭᠡᠨ᠎ᠦ ᠲᠥᠷᠥᠯ ᠵᠦᠢᠯ ᠨᠢ ᠣᠯᠠᠨ ᠶᠠᠩᠵᠤ᠎ᠶ᠋ᠢᠨ ᠪᠠᠢᠵᠤ᠂ ᠵᠢᠮᠢᠰ ᠨᠣᠭᠣᠭ᠎ᠠ᠂ ᠶᠡᠬᠡ ᠬᠡᠮᠵᠢᠶᠡᠨ ᠎ᠦ ᠠᠭᠤᠷᠬᠠᠶ ᠎ᠶ᠋ᠢᠨ ᠦᠢᠯᠡᠳᠬᠦᠨ᠂ ᠠᠮᠢᠳᠤᠷᠠᠯ᠎ᠤᠨ ᠡᠳᠦᠷ  ᠲᠤᠲᠤᠮ ᠎ᠤᠨ ᠬᠡᠷᠡᠭ᠌ᠰᠡᠯ ᠪᠠ ᠪᠠᠷᠢᠯᠭ᠎ᠠ᠎ᠶ᠋ᠢᠨ ᠮᠠᠲ᠋ᠧᠷᠢᠶᠠᠯ᠎ᠢ ᠠᠴᠢᠶᠠᠯᠠᠬ᠍ᠰᠠᠨ ᠠᠴᠢᠶᠠᠨ ᠎ᠤ ᠲᠡᠷᠭᠡ᠎ᠡᠴᠡ ᠭᠠᠳᠠᠨ᠎ᠠ ᠪᠠᠰᠠ ᠪᠠᠷᠢᠯᠭ᠎ᠠ᠎ᠶ᠋ᠢᠨ ᠠᠦ᠋ᠲ᠋ᠦ᠌ ᠪᠠᠭᠤᠯᠭᠠᠬᠤ ᠮᠠᠰᠢᠨ᠂ ᠵᠢᠵᠢᠭ ᠰᠠᠭᠤᠳᠠᠯ ᠎ᠤᠨ ᠮᠠᠱᠢᠨ ᠪᠠ ᠨᠡᠢᠲᠡ᠎ᠶ᠋ᠢᠨ ᠮᠠᠱᠢᠨ ᠲᠡᠷᠭᠡ ᠵᠡᠷᠭᠡ ᠪᠠᠭ᠍ᠲᠠᠨ᠎ᠠ᠃

ᠡᠷᠢᠶᠡᠨ ᠬᠣᠲᠠ᠎ᠶ᠋ᠢᠨ ᠬᠢᠯᠢ ᠵᠢᠨ ᠪᠣᠭᠣᠮᠲᠠ ᠨᠢ ᠡᠬᠡ ᠤᠯᠤᠰ᠎ᠤᠨ ᠤᠮᠠᠷᠠᠲᠤ ᠬᠡᠰᠡᠭ᠎ᠲᠦ ᠪᠠᠢᠷᠢᠯᠠᠵᠤ᠂ ᠳᠤᠮᠳᠠᠳᠤ ᠮᠣᠩᠭᠣᠯ᠎ᠤᠨ ᠬᠠᠮᠤᠭ᠎ᠤᠨ ᠡᠬᠡ ᠬᠠᠭᠤᠷᠠᠶ᠎ᠶ᠋ᠢᠨ ᠬᠢᠯᠢ ᠵᠢᠨ ᠪᠣᠭᠣᠮᠲᠠ ᠪᠣᠯᠤᠨ᠎ᠠ᠃ ᠤᠮᠠᠷᠠᠰᠢ ᠣᠷᠣᠰ ᠮᠣᠩᠭᠣᠯ᠎ᠯᠤᠭ᠎ᠠ ᠵᠠᠯᠭᠠᠯᠳᠤᠵᠤ᠂ ᠳᠣᠲᠣᠭᠠᠳᠤ᠎ᠳᠠᠭᠠᠨ《ᠬᠥᠬᠡᠬᠣᠲᠠ ᠪᠤᠭᠤᠲᠤ ᠢᠷᠭᠠᠶ ᠲᠡᠮᠡᠭᠡᠲᠦ》 ᠵᠢᠨ ᠠᠵᠤ ᠠᠬᠤᠶ᠎ᠶ᠋ᠢᠨ ᠪᠦᠰᠡ᠎ᠯᠤᠬᠡ ᠬᠤᠯᠪᠤᠯᠳᠤᠨ᠂ ᠧᠦ᠋ᠷᠣᠫᠠ ᠠᠽᠢᠶ᠎ᠠ ᠎ᠶ᠋ᠢᠨ ᠡᠬᠡ ᠬᠠᠭᠤᠷᠠᠶ᠎ᠶ᠋ᠢᠨ ᠬᠥᠭᠥᠷᠭᠡ ᠳᠡᠭᠡᠷᠡᠬᠢ ᠶᠡᠷᠦᠩᠬᠡᠢᠯᠡᠭ᠌ᠰᠡᠨ ᠴᠢᠨᠠᠷᠲᠠᠶ ᠬᠦᠶ᠋ᠰᠦ ᠪᠣᠭᠣᠮᠲᠠ ᠪᠤᠯᠬᠤ ᠪᠦᠭᠡᠳ ᠮᠦᠨ ᠎ᠴᠦ ᠮᠠᠨ᠎ᠤ ᠤᠯᠤᠰ᠎ᠤᠨ ᠴᠢᠬᠤᠯᠠ ᠲᠠᠸᠠᠷ᠎ᠤᠨ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠤᠨ᠎ᠠ᠃

ᠡᠨᠡ ᠵᠢᠯ᠎ᠡᠴᠡ ᠨᠠᠭᠠᠰᠢ᠂ ᠡᠷᠢᠶᠡᠨ ᠪᠣᠭᠣᠮᠲᠠ ᠨᠢ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠪᠠᠷᠠᠭᠠᠨ ᠎ᠤ ᠥᠨᠳᠥᠷ ᠪᠦᠲᠦᠮᠵᠢᠲᠡᠶ᠎ᠪᠡᠷ ᠪᠣᠭᠣᠮᠲᠠ ᠥᠩᠭᠡᠷᠡᠬᠦ᠌᠎ᠳᠦ ᠬᠦᠴᠦᠨ ᠨᠡᠮᠡᠷᠢᠯᠡᠵᠦ᠂ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠠᠯᠠᠪᠤᠷ ᠭᠠᠵᠠᠷ᠎ᠤᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠴᠢᠳᠠᠮᠵᠢᠳᠤ ᠣᠷᠣᠨ ᠪᠦᠰᠡ᠎ᠶ᠋ᠢ ᠵᠦᠶ ᠵᠣᠬᠢᠰᠲᠠᠶ ᠲᠥᠯᠥᠪᠵᠢᠭᠦᠯᠵᠦ᠍᠂ ᠪᠣᠭᠣᠮᠲᠠ᠎ᠪᠠᠷ ᠥᠩᠭᠡᠷᠡᠬᠦ᠌ ᠲᠤᠰᠭᠠᠶ ᠵᠠᠮ ᠪᠠ ᠪᠠᠢᠴᠠᠭᠠᠨ ᠱᠢᠯᠭᠠᠬᠤ ᠲᠠᠯᠠᠪᠤᠷ ᠭᠠᠷᠭᠠᠵᠤ᠂ ᠲᠡᠷᠭᠡ ᠬᠥᠰᠭᠡ᠎ᠶ᠋ᠢᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠪᠠ᠃ H986 ᠥᠯᠥ᠍ ᠰᠢᠭᠤᠳ ᠨᠡᠪᠳᠡᠷᠡᠨ ᠤᠷᠤᠬᠤ ᠬᠡᠯᠪᠡᠷᠢ᠎ᠶ᠋ᠢᠨ ᠪᠠᠢᠴᠠᠭᠠᠨ ᠱᠢᠯᠭᠠᠬᠤ ᠲᠥᠬᠥᠭᠡᠷᠦᠮᠵᠢ᠎ᠶ᠋ᠢ ᠬᠡᠷᠡᠭ᠌ᠯᠡᠬᠦ᠌᠎ᠶ᠋ᠢ ᠴᠢᠩᠭᠠᠷᠠᠭᠤᠯᠵᠤ᠂ ᠣᠶᠤᠨᠴᠢ᠎ᠪᠠᠷ ᠵᠢᠷᠤᠭ ᠬᠢᠨᠠᠬᠤ ᠱᠢᠰᠲ᠋ᠧᠮ᠎ᠢ ᠬᠡᠷᠡᠭ᠌ᠯᠡᠬᠦ᠌ ᠡᠷᠴᠢᠮ᠎ᠢ ᠴᠢᠩᠭᠠᠷᠠᠭᠤᠯᠤᠨ᠂ ᠲᠦᠭ᠌ᠰᠢᠭᠦᠷᠢ ᠎ᠶ᠋ᠢ ᠲᠤᠢᠯ ᠎ᠤᠨ ᠣᠨᠣᠪᠴᠢᠲᠠᠶ ᠎ᠪᠠᠷ  ᠢᠯᠭᠠᠨ ᠲᠠᠨᠢᠵᠤ᠂ ᠪᠠᠢᠴᠠᠭᠠᠨ ᠱᠢᠯᠭᠠᠬᠤ ᠦᠷ᠎ᠡ ᠪᠦᠲᠦᠮᠵᠢ ᠎ᠶ᠋ᠢ ᠳᠡᠭᠡᠭ᠌ᠰᠢᠯᠡᠭᠦᠯᠪᠠ᠃ 《ᠠᠵᠤ ᠠᠬᠤᠢᠯᠠᠯ ᠪᠦᠷᠢ᠎ᠳᠤ ᠬᠠᠷᠠᠭᠠᠯᠵᠠᠭᠰᠠᠨ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌ 》 ᠲᠤᠢᠯ᠎ᠤᠨ ᠣᠨᠣᠪᠴᠢᠲᠠᠶ ᠦᠶ᠋ᠯᠡᠴᠢᠯᠡᠭᠡ ᠬᠠᠩᠭᠠᠵᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠠ ᠲᠤᠬᠠᠢᠯᠠᠭ᠍ᠰᠠᠨ ᠠᠵᠢᠯ᠎ᠤᠨ ᠵᠢᠯᠣᠭᠣᠳᠣᠯᠭ᠎ᠠ ᠥᠷᠨᠢᠭᠦᠯᠬᠦ᠌᠎ᠪᠡᠷ ᠳᠠᠮᠵᠢᠭᠤᠯᠤᠨ᠂ ᠪᠣᠭᠣᠮᠲᠠ᠎ᠶ᠋ᠢᠨ ᠬᠢᠨᠠᠨ ᠬᠠᠷᠭᠤᠭᠤᠯᠬᠤ ᠪᠥᠬᠥ᠌ ᠶᠠᠪᠤᠴᠠ᠎ᠶ᠋ᠢ ᠰᠦᠯᠵᠢᠶ᠎ᠡ᠎ᠪᠡᠷ ᠭᠦᠶ᠋ᠴᠡᠳᠭᠡᠬᠦ᠌᠎ᠶ᠋ᠢ ᠠᠬᠢᠭᠤᠯᠵᠤ᠂ ᠪᠣᠭᠣᠮᠲᠠ᠎ᠪᠠᠷ ᠥᠩᠭᠡᠷᠡᠬᠦ᠌᠎ᠶ᠋ᠢ ᠳᠥᠭᠥᠮᠴᠢᠯᠡᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠵᠠᠢ᠃ 《ᠴᠠᠭ ᠬᠣᠢᠱᠢᠯᠠᠭᠤᠯᠬᠤ ᠥᠬᠡᠶ 》 ᠪᠠᠢᠴᠠᠭᠠᠨ ᠱᠢᠯᠭᠠᠬᠤ᠎ᠶ᠋ᠢ ᠬᠡᠷᠡᠭ᠌ᠵᠢᠭᠦᠯᠵᠦ᠍᠂ ᠡᠳ᠋ ᠪᠠᠷᠠᠭᠠᠨ᠎ᠤ 《ᠬᠦᠷᠴᠦ ᠢᠷᠡᠮᠡᠭᠴᠡ ᠳᠠᠷᠤᠶ  ᠪᠠᠢᠴᠠᠭᠠᠬᠤ᠂ ᠳᠠᠷᠤᠶ  ᠲᠦᠷᠭᠡᠨ ᠪᠤᠭᠤᠮᠳᠠ ᠦᠡᠭᠭᠡᠷᠡᠭᠦᠯᠬᠦ》 ᠵᠢ ᠪᠠᠳᠤᠯᠠᠨ ᠪᠤᠭᠤᠮᠳᠠ ᠵᠢᠨ ᠪᠠᠷᠠᠭᠠᠨ᠎ᠤ ᠭᠦᠢᠯᠭᠡᠭᠡ ᠵᠢ ᠲᠦᠷᠭᠡᠳᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号