ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤᠢᠷ᠎ᠡ ᠶ᠋ᠢᠨ ᠡᠳᠦᠷ ᠪᠦᠬᠦ ᠤᠷᠤᠨ ᠤ᠋ ᠦᠷ᠎ᠡ ᠶ᠋ᠢᠨ ᠦᠢᠯᠡᠰ ᠤ᠋ᠨ ᠠᠵᠢᠯ ᠤ᠋ᠨ ᠪᠤᠯᠪᠠᠰᠤᠷᠠᠯ ᠤ᠋ᠨ ᠠᠡᠭᠬᠢ᠂ ᠡᠭᠦᠯᠳᠡᠷ ᠪᠤᠢᠵᠢᠭᠤᠯᠬᠤ ᠬᠠᠮᠲᠤᠷᠠᠨ ᠪᠤᠭᠤᠮᠳᠠ ᠰᠢᠪᠲᠤᠯᠬᠤ ᠰᠤᠯᠢᠯᠴᠠᠭᠠᠨ ᠤ᠋ ᠬᠤᠷᠠᠯ ᠵᠡᠷᠭᠡ ᠵᠢ ᠵᠠᠯᠭᠠᠭ᠎ᠠ ᠪᠡᠷ ᠡᠷᠬᠢᠯᠡᠨ ᠶᠠᠪᠤᠭᠳᠠᠭᠤᠯᠵᠤ᠂ ᠮᠠᠨ ᠤ᠋ ᠤᠷᠤᠨ ᠤ᠋ ᠦᠷ᠎ᠡ ᠶ᠋ᠢᠨ ᠦᠢᠯᠡᠰ ᠤ᠋ᠨ ᠪᠤᠭᠤᠮᠢ ᠶ᠋ᠢᠨ ᠠᠰᠠᠭᠤᠳᠠᠯ ᠢ᠋ ᠬᠦᠴᠦᠯᠡᠨ ᠰᠢᠢᠳᠪᠦᠷᠢᠯᠡᠵᠦ᠂ ᠮᠠᠯ ᠠᠵᠤ ᠠᠬᠤᠢ ᠲᠠᠷᠢᠶᠠᠯᠠᠡᠭ ᠤ᠋ᠨ ᠰᠢᠨ᠎ᠡ ᠡᠭᠦᠯᠳᠡᠷ ᠪᠤᠢᠵᠢᠭᠤᠯᠬᠤ ᠠᠬᠢᠴᠠ ᠵᠢ ᠲᠦᠷᠭᠡᠳᠭᠡᠬᠦ ᠳ᠋ᠦ ᠬᠦᠴᠦᠨ ᠨᠡᠮᠡᠷᠢᠯᠡᠪᠡ᠃
ᠪᠦᠬᠦ ᠤᠷᠤᠨ ᠤ᠋ ᠦᠷ᠎ᠡ ᠶ᠋ᠢᠨ ᠦᠢᠯᠡᠰ ᠤ᠋ᠨ ᠠᠵᠢᠯ ᠤ᠋ᠨ ᠪᠤᠯᠪᠠᠰᠤᠷᠠᠯ ᠤ᠋ᠨ ᠠᠡᠭᠬᠢ ᠳ᠋ᠤ ᠤᠯᠤᠰ ᠤ᠋ᠨ ᠳᠣᠲᠣᠭᠠᠳᠤ ᠶ᠋ᠢᠨ ᠦᠷ᠎ᠡ ᠶ᠋ᠢᠨ ᠦᠶ᠋ᠯᠡᠰ ᠤ᠋ᠨ ᠡᠷᠬᠡ ᠰᠦᠷᠲᠦ ᠲᠤᠰᠭᠠᠶ ᠮᠡᠷᠭᠡᠵᠢᠯᠲᠡᠨ ᠵᠢᠴᠢ ᠥᠪᠡᠷᠲᠡᠭᠡᠨ ᠵᠠᠰᠠᠬᠤ ᠣᠷᠣᠨ ᠤ᠋ ᠬᠠᠮᠢᠶ᠎ᠠ ᠪᠦᠬᠦᠢ ᠬᠦᠷᠢᠶᠡᠨᠦ ᠠᠵᠢᠯᠲᠠᠨ ᠢ᠋ ᠤᠷᠢᠵᠤ᠂ ᠦᠷ᠎ᠡ ᠶ᠋ᠢᠨ ᠦᠢᠯᠡᠰ ᠤ᠋ᠨ ᠶᠠᠰᠤ ᠴᠢᠨᠠᠷ ᠤ᠋ᠨ ᠬᠢᠨᠠᠯᠲᠠ ᠬᠠᠮᠢᠶᠠᠷᠤᠯᠲᠠ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠦᠷ᠎ᠡ ᠶ᠋ᠢᠨ ᠦᠶ᠋ᠯᠡᠰ ᠤ᠋ᠨ ᠬᠥᠭ᠌ᠵᠢᠯᠲᠡ᠂ ᠦᠷ᠎ᠡ ᠶ᠋ᠢᠨ ᠦᠶ᠋ᠯᠡᠰ ᠤ᠋ᠨ ᠲᠥᠷᠥᠯ ᠵᠦᠶ᠋ᠯ ᠤ᠋ᠨ ᠬᠠᠮᠢᠶᠠᠷᠤᠯᠲᠠ᠂ ᠮᠢᠬᠠᠨ ᠤ᠋ ᠦᠬᠡᠷ ᠤ᠋ᠨ ᠡᠭᠦᠯᠳᠡᠷ ᠪᠣᠢᠵᠢᠭᠤᠯᠬᠤ᠂ 《ᠦᠷ᠎ᠡ ᠶ᠋ᠢᠨ ᠦᠢᠯᠡᠰ ᠢ᠋ ᠬᠦᠭᠵᠢᠭᠦᠯᠦᠨ ᠮᠠᠨᠳᠤᠭᠤᠯᠬᠤ ᠢᠨᠵᠧᠨᠧᠷᠢᠩ》 ᠤ᠋ᠨ ᠲᠤᠰᠭᠠᠶ ᠲᠥᠷᠥᠯ ᠵᠦᠶ᠋ᠯ ᠵᠡᠷᠭᠡ ᠶ᠋ᠢᠨ ᠲᠣᠭᠣᠷᠢᠨ ᠳ᠋ᠤ ᠲᠤᠰᠭᠠᠶ ᠰᠡᠳᠦᠪᠲᠦ ᠲᠠᠢᠯᠤᠮᠵᠢ ᠬᠢᠯᠭᠡᠵᠠᠢ᠃ ᠪᠤᠯᠪᠠᠰᠤᠷᠠᠯ ᠤ᠋ᠨ ᠠᠡᠭᠬᠢ ᠡᠴᠡ᠂ 2026 ᠣᠨ ᠳ᠋ᠤ ᠮᠠᠨ ᠤ᠋ ᠤᠷᠤᠨ ᠦᠷ᠎ᠡ ᠡᠳ᠋ ᠤ᠋ᠨ ᠡᠬᠢ ᠪᠠᠶᠠᠯᠢᠭ ᠢ᠋ ᠬᠠᠮᠠᠭᠠᠯᠠᠬᠤ᠂ ᠠᠷᠠᠯᠵᠢᠶᠠᠨ ᠤ᠋ ᠬᠡᠯᠪᠡᠷᠢ ᠶ᠋ᠢᠨ ᠦᠷ᠎ᠡ ᠪᠣᠢᠵᠢᠭᠤᠯᠬᠤ ᠱᠢᠰᠲ᠋ᠧᠮ ᠢ᠋ ᠪᠠᠢᠭᠤᠯᠬᠤ ᠵᠡᠷᠭᠡ ᠭᠤᠤᠯᠳᠠᠯᠭ᠎ᠠ ᠲᠠᠶ ᠡᠭᠦᠷᠭᠡ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠶ᠋ᠢ ᠴᠢᠩᠭᠠᠷᠠᠭᠤᠯᠤᠨ᠂ ᠦᠷ᠎ᠡ ᠶ᠋ᠢᠨ ᠦᠶ᠋ᠯᠡᠰ ᠤ᠋ᠨ ᠭᠤᠤᠯᠯᠠᠬᠤ ᠥᠷᠢᠰᠦᠯᠳᠦᠬᠦ᠌ ᠬᠦᠴᠦᠨ ᠢ᠋ ᠪᠥᠬᠥ᠌ ᠲᠠᠯ᠎ᠠ ᠪᠠᠷ ᠳᠡᠭᠡᠭᠰᠢᠯᠡᠭᠦᠯᠦᠨ᠎ᠠ ᠭᠡᠵᠦ ᠵᠢᠭᠠᠵᠤ ᠭᠠᠷᠭᠠᠪᠠ᠃
ᠪᠦᠬᠦ ᠤᠷᠤᠨ ᠤ᠋ ᠡᠭᠦᠯᠳᠡᠷ ᠪᠤᠢᠵᠢᠭᠤᠯᠬᠤ ᠬᠠᠮᠲᠤᠷᠠᠨ ᠪᠤᠭᠤᠮᠳᠠ ᠰᠢᠪᠲᠤᠯᠬᠤ ᠰᠤᠯᠢᠯᠴᠠᠭᠠᠨ ᠤ᠋ ᠬᠤᠷᠠᠯ ᠳ᠋ᠦ ᠮᠢᠬᠠᠨ ᠤ᠋ ᠦᠬᠡᠷ᠂ ᠮᠢᠬᠠᠨ ᠤ᠋ ᠬᠤᠨᠢ᠂ ᠨᠠᠷᠠᠨ ᠬᠤᠸᠠᠷ᠂ ᠨᠠᠷᠢᠮᠤ ᠵᠡᠷᠭᠡ 12 ᠡᠭᠦᠯᠳᠡᠷ ᠪᠤᠢᠵᠢᠭᠤᠯᠬᠤ ᠬᠠᠮᠲᠤᠷᠠᠨ ᠪᠤᠭᠤᠮᠳᠠ ᠰᠢᠪᠲᠤᠯᠬᠤ ᠪᠦᠯᠬᠦᠮ ᠤ᠋ᠨ ᠬᠢᠨ ᠴᠤᠭᠯᠠᠷᠠᠵᠤ᠂ ᠤᠳᠤᠬᠠᠨ ᠤ᠋ ᠠᠵᠢᠯ ᠤ᠋ᠨ ᠠᠬᠢᠴᠠ᠂ ᠪᠡᠯᠭᠡ ᠲᠠᠮᠲᠡᠭ ᠤ᠋ᠨ ᠴᠢᠨᠠᠷᠲᠠᠢ ᠦᠷ᠎ᠡ ᠪᠦᠲᠦᠮᠵᠢ᠂ ᠤᠷᠤᠰᠢᠵᠤ ᠪᠠᠢᠭ᠎ᠠ ᠬᠦᠴᠢᠷ ᠠᠰᠠᠭᠤᠳᠠᠯ ᠤ᠋ᠨ ᠲᠤᠬᠠᠢ ᠭᠦᠨᠵᠡᠭᠡᠢ ᠰᠤᠯᠢᠯᠴᠠᠭ᠎ᠠ ᠦᠷᠨᠢᠭᠦᠯᠪᠡ᠃ ᠬᠤᠷᠠᠯ ᠡᠴᠡ ᠮᠠᠨ ᠤ᠋ ᠣᠷᠣᠨ ᠤ᠋ ᠡᠭᠦᠯᠳᠡᠷ ᠪᠣᠢᠵᠢᠭᠤᠯᠬᠤ ᠪᠣᠭᠣᠮᠲᠠ ᠱᠢᠪᠲᠤᠯᠬᠤ ᠠᠵᠢᠯ ᠨᠢᠭᠡᠨᠲᠡ ᠪᠡᠯᠭᠡ ᠲᠡᠮᠳᠡᠭ ᠤ᠋ᠨ ᠴᠢᠨᠠᠷᠲᠠᠶ ᠦᠷ᠎ᠡ ᠪᠦᠲᠦᠭᠡᠯ ᠤᠯᠵᠠᠢ᠂ ᠳᠠᠷᠠᠭᠠᠴᠢ ᠪᠡᠷ 《ᠲᠠᠪᠤᠨ ᠨᠢᠭᠡ ᠶ᠋ᠢᠨ ᠠᠵᠢᠯᠯᠠᠬᠤ ᠠᠷᠭ᠎ᠠ》 ᠵᠢ ᠬᠡᠷᠡᠭ᠌ᠵᠢᠭᠦᠯᠵᠦ᠍᠂ ᠡᠯ᠎ᠡ ᠵᠦᠢᠯ ᠤ᠋ᠨ ᠡᠬᠢ ᠪᠠᠶᠠᠯᠢᠭ ᠢ᠋ ᠡᠮᠬᠢᠯᠡᠨ ᠨᠡᠢᠯᠡᠭᠦᠯᠵᠦ᠍ ᠦᠷᠬᠦᠯᠵᠢᠯᠡᠨ ᠦᠷ᠎ᠡ ᠶ᠋ᠢᠨ ᠦᠢᠯᠡᠰ ᠤ᠋ᠨ ᠪᠣᠭᠣᠮᠢ ᠶ᠋ᠢᠨᠠᠰᠠᠭᠤᠳᠠᠯ ᠢ᠋ ᠰᠢᠢᠳᠪᠦᠷᠢᠯᠡᠬᠦ ᠶ᠋ᠢᠨ ᠬᠠᠮᠲᠤ ᠵᠠᠬ᠎ᠠ ᠳᠡᠯᠭᠡᠭᠦᠷ ᠶ᠋ᠢᠡᠷ ᠤᠳᠤᠷᠢᠳᠤᠮᠵᠢ ᠪᠣᠯᠭᠠᠨ ᠦᠷ᠎ᠡ ᠪᠦᠲᠦᠭᠡᠯ ᠤ᠋ᠨ ᠤᠨᠳᠤᠤᠰᠢᠭᠤᠯᠤᠯᠲᠠ ᠵᠢ ᠲᠦᠷᠭᠡᠳᠭᠡᠵᠦ᠍᠂ ᠪᠣᠭᠣᠮᠲᠠ ᠱᠢᠪᠲᠤᠯᠬᠤ ᠬᠠᠮᠲᠤᠷᠠᠯ ᠬᠦᠴᠦᠨ ᠢ᠋ ᠨᠢᠭ᠍ᠲᠠᠷᠠᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃