ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ ᠪᠣᠯ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠴᠢᠬᠤᠯᠠ ᠠᠭᠤᠯᠭ᠎ᠠ ᠮᠥᠨ
2026-04-24 10:17:46
ᠵᠣᠬᠢᠶᠠᠭ᠍ᠴᠢ᠄
ᠵᠣ᠌ ᠰᠢ ᠴᠢᠶᠦ᠋ᠨ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ᠄《ᠴᠢᠨᠠᠷ ᠰᠠᠢᠲᠠᠢ ᠬᠥᠭᠵᠢᠯᠲᠡ ᠪᠣᠯ ᠨᠡᠢᠭᠡᠮ ᠵᠢᠷᠤᠮᠲᠦ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠶᠢᠨ ᠲᠡᠷᠢᠭᠦᠨ ᠴᠢᠬᠤᠯᠠ ᠡᠭᠦᠷᠭᠡ ᠮᠥᠨ᠂ ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ᠎ᠵᠢ ᠤᠳᠤᠷᠢᠳᠬᠤ ᠺᠠᠳ᠋ᠷ᠎ᠤᠨ ᠵᠠᠰᠠᠭ ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ》 ᠭᠡᠵᠦ ᠵᠢᠭᠠᠵᠤ ᠭᠠᠷᠭᠠᠪᠠ᠃ ᠡᠨᠡ ᠬᠦ᠌ ᠴᠢᠬᠤᠯᠠ ᠥᠭᠦᠯᠡᠯᠲᠡ ᠨᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠪᠦᠬᠦ ᠲᠠᠯ᠎ᠠ᠎ᠶᠢᠨ ᠥᠨᠳᠥᠷᠴᠡ ᠡᠴᠡ ᠰᠢᠨ᠎ᠡ ᠴᠠᠭ ᠦᠶ᠎ᠡ᠎ᠳᠦ ᠶᠠᠮᠠᠷ ᠵᠠᠰᠠᠭ᠎ᠤᠨ ᠠᠵᠢᠯ᠎ᠤᠨ ᠪᠦᠲᠦᠮᠵᠢ ᠱᠠᠭᠠᠷᠳᠠᠭᠳᠠᠬᠤ᠂ ᠵᠠᠰᠠᠭ᠎ᠤᠨ ᠠᠵᠢᠯ᠎ᠤᠨ ᠪᠦᠲᠦᠮᠵᠢ᠎ᠶᠢ ᠬᠡᠷᠬᠢᠨ ᠡᠭᠦᠳᠬᠦ ᠵᠡᠷᠭᠡ ᠴᠢᠬᠤᠯᠠ ᠶᠡᠬᠡ ᠠᠰᠠᠭᠤᠳᠠᠯ᠎ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠳᠦ ᠴᠢᠭᠯᠡᠯ᠎ᠢ ᠵᠢᠭᠠᠭᠰᠠᠨ ᠪᠠ ᠵᠢᠷᠤᠮᠯᠠᠯ ᠬᠠᠩᠭᠠᠵᠠᠢ᠃ ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ ᠨᠢ ᠰᠢᠨ᠎ᠡ ᠴᠠᠭ ᠦᠶ᠎ᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠰᠡᠳᠦᠪ ᠪᠣᠯᠬᠤ᠎ᠪᠠᠷ ᠪᠠᠷᠠᠬᠤ ᠦᠭᠡᠢ ᠪᠠᠰᠠ ᠴᠤ᠌ ᠤᠳᠤᠷᠢᠳᠬᠤ ᠺᠠᠳ᠋ᠷ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠪ ᠡᠰᠡᠬᠦ᠎ᠶᠢ ᠬᠡᠮᠵᠢᠬᠦ ᠴᠢᠬᠤᠯᠠ ᠪᠠᠷᠢᠮᠵᠢᠶ᠎ᠠ ᠪᠣᠯᠬᠤ ᠶᠤᠮ᠃ ᠭᠠᠭᠴᠠ ᠬᠦ᠌ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠪᠣᠳᠠᠲᠠᠢ ᠠᠵᠢᠯᠯᠠᠬᠤ᠎ᠪᠠᠷ ᠪᠠᠭᠠᠳᠤᠷᠴᠤᠳ᠎ᠢ ᠦᠨᠡᠯᠡᠪᠡᠯ ᠰᠠᠶᠢ ᠦᠢᠯᠡᠳᠦᠯᠭᠡ᠂ ᠠᠷᠠᠳ ᠲᠦᠮᠡᠨ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠲᠡᠢᠯᠬᠦ ᠪᠣᠳᠠᠲᠤ ᠠᠮᠵᠢᠯᠲᠠ᠎ᠶᠢ ᠡᠭᠦᠳᠴᠦ ᠴᠢᠳᠠᠨ᠎ᠠ᠃

ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ᠎ᠶᠢ ᠰᠢᠨ᠎ᠡ ᠴᠠᠭ ᠦᠶ᠎ᠡ᠎ᠶᠢᠨ ᠵᠠᠰᠠᠭ ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠴᠢᠬᠤᠯᠠ ᠠᠭᠤᠯᠭ᠎ᠠ ᠪᠣᠯᠭᠠᠬᠤ ᠪᠣᠯ ᠲᠡᠦᠬᠡ᠎ᠶᠢᠨ ᠯᠣᠭᠢᠭ᠋᠂ ᠤᠨᠤᠯ᠎ᠤᠨ ᠯᠣᠭᠢᠭ᠋ ᠪᠣᠯᠣᠨ ᠦᠢᠯᠡᠳᠦᠯᠭᠡ᠎ᠶᠢᠨ ᠯᠣᠭᠢᠭ᠋᠎ᠲᠤ ᠰᠠᠭᠤᠷᠢᠯᠠᠵᠤ ᠪᠠᠢᠭᠠᠳ ᠣᠯᠣᠭᠰᠠᠨ ᠰᠢᠨᠵᠢᠯᠡᠬᠦ ᠤᠬᠠᠭᠠᠨᠴᠢ ᠨᠤᠲᠠᠯᠠᠯᠲᠠ ᠪᠠᠢᠵᠦ᠂ ᠮᠠᠨ᠎ᠤ ᠨᠠᠮ᠎ᠤᠨ ᠲᠦᠷᠦ ᠪᠠᠷᠢᠬᠤ ᠵᠢᠮ᠎ᠡ ᠶᠣᠰᠣ᠌᠂ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶᠢᠨ ᠵᠢᠮ᠎ᠡ ᠶᠣᠰᠣ᠌᠂ ᠬᠥᠮᠥᠨ ᠲᠥᠷᠥᠯᠬᠢᠲᠡᠨ᠎ᠦ ᠨᠡᠢᠭᠡᠮ᠎ᠦᠨ ᠬᠥᠭᠵᠢᠯᠲᠡ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠶᠢᠨ ᠭᠦᠨᠵᠡᠭᠡᠢᠷᠡᠯ᠎ᠢ ᠢᠯᠡᠷᠡᠭᠦᠯᠵᠡᠢ᠃

ᠨᠡᠢᠭᠡᠮ᠎ᠦᠨ ᠭᠣᠣᠯ ᠵᠥᠷᠢᠴᠡᠯ᠎ᠦᠨ ᠬᠤᠪᠢᠷᠠᠯᠲᠠ᠎ᠶᠢᠨ ᠲᠤᠯᠭᠠᠮ ᠬᠡᠷᠡᠭᠴᠡᠭᠡ᠎ᠳᠦ ᠵᠣᠬᠢᠴᠠᠭᠤᠯᠬᠤ ᠬᠡᠷᠡᠭᠲᠡᠢ᠃ ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ ᠨᠢᠭᠡᠨᠲᠡ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ ᠪᠣᠯᠣᠨ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ᠎ᠶᠢᠨ ᠬᠣᠭᠣᠷᠣᠨᠳᠣᠬᠢ ᠵᠥᠷᠢᠴᠡᠯ ᠪᠣᠯᠵᠤ ᠬᠤᠪᠢᠷᠠᠪᠠ᠃ ᠥᠩᠭᠡᠷᠡᠭᠰᠡᠨ᠎ᠦ ᠪᠦᠳᠦᠭᠦᠯᠢᠭ ᠮᠠᠶᠢᠭ᠋᠎ᠤᠨ ᠬᠥᠭᠵᠢᠯᠲᠡ ᠨᠢ ᠭᠣᠣᠯᠳᠠᠭᠤ 《ᠪᠠᠢᠬᠤ ᠡᠰᠡᠬᠦ》 ᠠᠰᠠᠭᠤᠳᠠᠯ᠎ᠢ ᠰᠢᠢᠳᠪᠦᠷᠢᠯᠡᠵᠦ᠂ ᠠᠷᠠᠳ ᠲᠦᠮᠡᠨ᠎ᠦ ᠠᠷᠠᠳᠴᠢᠯᠠᠯ᠂ ᠬᠠᠤᠯᠢ ᠪᠡᠷ ᠵᠠᠰᠠᠬᠤ᠂ ᠡᠷᠬᠡ ᠲᠡᠭᠰᠢ᠂ ᠰᠢᠳᠤᠷᠭᠤ ᠶᠣᠰᠣ᠌᠂ ᠠᠮᠤᠷ ᠲᠦᠪᠰᠢᠨ᠂ ᠣᠷᠴᠢᠨ ᠲᠣᠭᠣᠷᠢᠨ ᠵᠡᠷᠭᠡ ᠲᠠᠯ᠎ᠠ᠎ᠪᠠᠷ ᠬᠢ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠤᠯᠠᠨ ᠶᠠᠩᠵᠤᠴᠢᠯᠠᠭᠰᠠᠨ᠂ ᠤᠯᠠᠨ ᠲᠡᠰ ᠳᠠᠪᠬᠤᠷᠭ᠎ᠠ᠎ᠶᠢᠨ ᠬᠡᠷᠡᠭᠴᠡᠭᠡ᠎ᠶᠢ ᠬᠠᠩᠭᠠᠬᠤ᠎ᠳᠤ ᠬᠦᠴᠢᠷ ᠪᠠᠢᠵᠤ᠂ ᠬᠤᠳᠠ ᠬᠥᠳᠡᠭᠡ ᠣᠷᠣᠨ ᠪᠦᠰᠡ᠎ᠶᠢᠨ ᠬᠥᠭᠵᠢᠯᠲᠡ ᠲᠡᠩᠴᠡᠭᠦᠷᠢ ᠦᠭᠡᠢ ᠪᠠᠢᠬᠤ ᠵᠢᠴᠢ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠵᠥᠷᠢᠶ᠎ᠡ ᠨᠡᠯᠢᠶᠡᠳ ᠶᠡᠬᠡ ᠪᠠᠢᠬᠤ ᠵᠡᠷᠭᠡ ᠠᠰᠠᠭᠤᠳᠠᠯ᠎ᠢ ᠨᠡᠩ ᠴᠤ᠌ ᠰᠢᠢᠳᠪᠦᠷᠢᠯᠡᠬᠦ᠎ᠶᠢᠨ ᠠᠷᠭ᠎ᠠ ᠦᠭᠡᠢ ᠪᠠᠢᠪᠠ᠃ ᠤᠳᠤᠷᠢᠳᠬᠤ ᠺᠠᠳ᠋ᠷ ᠳᠥᠭᠥᠮᠬᠡᠨ᠎ᠢᠶᠡᠷ ᠦᠢᠯᠡᠳᠪᠦᠷᠢᠯᠡᠯ᠎ᠦᠨ ᠶᠡᠷᠦᠩᠬᠡᠢ ᠦᠷᠳᠡᠭ᠎ᠦᠨ ᠨᠡᠮᠡᠭᠳᠡᠯ᠎ᠦᠨ ᠨᠤᠷᠮ᠎ᠠ᠎ᠪᠠᠷ ᠪᠠᠭᠠᠳᠤᠷᠴᠤᠳ᠎ᠢ ᠦᠨᠡᠯᠡᠵᠦ᠂ ᠪᠣᠳᠠᠲᠠᠢ᠎ᠠᠴᠠ ᠰᠠᠯᠤᠩᠬᠢᠷᠠᠭᠰᠠᠨ ᠥᠨᠳᠥᠷ ᠭᠦᠢᠴᠡᠳᠬᠡᠯ ᠲᠣᠭ᠎ᠠ᠂ ᠳᠡᠭᠡᠳᠦ ᠬᠤᠷᠳᠤᠴᠠ᠎ᠶᠢ ᠬᠥᠭᠡᠭᠡᠴᠡᠯᠳᠦᠵᠦ ᠪᠣᠯᠬᠤ ᠦᠭᠡᠢ᠂ ᠬᠠᠷᠢᠨ ᠵᠥᠪ ᠬᠥᠭᠵᠢᠯᠲᠡ᠎ᠶᠢᠨ ᠰᠡᠳᠬᠢᠴᠡ᠎ᠶᠢ ᠪᠤᠢ ᠪᠣᠯᠭᠠᠵᠤ᠂ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠪᠡᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ᠎ᠤᠨ ᠬᠤᠪᠢᠰᠤᠯᠲᠠ᠂ ᠦᠷ᠎ᠡ ᠠᠰᠢᠭ᠋᠎ᠤᠨ ᠬᠤᠪᠢᠰᠤᠯᠲᠠ᠂ ᠬᠥᠳᠡᠯᠭᠡᠬᠦ ᠬᠦᠴᠦᠨ᠎ᠦ ᠬᠤᠪᠢᠰᠤᠯᠲᠠ᠎ᠶᠢ ᠠᠬᠢᠭᠤᠯᠵᠤ᠂ ᠠᠵᠤ ᠠᠬᠤᠢ᠎ᠶᠢᠨ ᠰᠢᠨ᠎ᠡ᠎ᠶᠢ ᠡᠭᠦᠳᠬᠦ ᠬᠦᠴᠦᠨ ᠪᠣᠯᠣᠨ ᠥᠷᠢᠰᠦᠯᠳᠦᠬᠦ ᠬᠦᠴᠦᠨ᠎ᠢ ᠴᠢᠩᠭᠠᠳᠬᠠᠬᠤ ᠬᠡᠷᠡᠭᠲᠡᠢ᠃ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠪᠠᠷ ᠳᠠᠮᠵᠢᠭᠤᠯᠤᠨ ᠬᠥᠭᠵᠢᠯᠲᠡ᠎ᠶᠢᠨ ᠲᠡᠩᠴᠡᠭᠦᠷᠢ ᠦᠭᠡᠢ ᠠᠰᠠᠭᠤᠳᠠᠯ᠎ᠢ ᠰᠢᠢᠳᠪᠦᠷᠢᠯᠡᠵᠦ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠪᠠ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠪᠠᠷ ᠳᠠᠮᠵᠢᠭᠤᠯᠤᠨ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠯ᠎ᠲᠠᠢ ᠬᠠᠮᠲᠤ ᠣᠷᠣᠰᠢᠬᠤ᠎ᠶᠢ ᠪᠡᠶᠡᠯᠡᠭᠦᠯᠵᠦ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠨᠠᠩ ᠰᠠᠢᠲᠤᠷ ᠬᠠᠩᠭᠠᠬᠤ ᠬᠡᠷᠡᠭᠳᠡᠢ᠃

ᠠᠵᠤ ᠠᠬᠤᠢ᠎ᠶᠢᠨ ᠬᠥᠭᠵᠢᠯᠲᠡ᠎ᠶᠢᠨ ᠵᠢᠮ᠎ᠡ ᠶᠣᠰᠣᠨ᠎ᠤ ᠵᠠᠢᠯᠠᠰᠢ ᠦᠭᠡᠢ ᠰᠣᠩᠭᠣᠯᠲᠠ᠎ᠵᠢ ᠵᠢᠷᠤᠮᠯᠠᠬᠤ ᠬᠡᠷᠡᠭᠲᠠᠢ᠃ ᠠᠵᠤ ᠠᠬᠤᠢ᠎ᠶᠢᠨ ᠬᠥᠭᠵᠢᠯᠲᠡ ᠪᠣᠯ ᠡᠷᠭᠢᠭᠦᠯᠭᠡᠨ ᠬᠡᠯᠪᠡᠷᠢ᠎ᠪᠡᠷ ᠳᠡᠭᠡᠭᠰᠢᠯᠡᠬᠦ ᠶᠠᠪᠤᠴᠠ ᠮᠥᠨ᠂ ᠭᠡᠮᠵᠢᠶ᠎ᠡ ᠨᠢ ᠬᠤᠷᠠᠮᠳᠤᠭᠠᠳ ᠵᠣᠬᠢᠬᠤ ᠱᠠᠲᠤᠨ᠎ᠳᠤ ᠬᠦᠷᠪᠡᠯ᠂ ᠴᠢᠨᠠᠷ᠎ᠤᠨ ᠳᠡᠭᠡᠭᠰᠢᠯᠡᠯᠲᠡ ᠲᠡᠢᠰᠢ ᠡᠷᠬᠡᠪᠰᠢ ᠰᠢᠯᠵᠢᠬᠦ ᠪᠤᠯᠤᠨ᠎ᠠ᠃ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ ᠶᠠᠭ ᠬᠥᠭᠵᠢᠯᠲᠡ᠎ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ᠎ᠶᠢᠨ ᠪᠦᠲᠦᠴᠡ᠎ᠶᠢ ᠰᠢᠯᠢᠳᠡᠭᠵᠢᠭᠦᠯᠬᠦ᠂ ᠨᠡᠮᠡᠭᠳᠡᠯ᠎ᠦᠨ ᠬᠥᠳᠡᠯᠭᠡᠭᠴᠢ ᠬᠦᠴᠦᠨ᠎ᠢ ᠬᠤᠪᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ ᠬᠤᠭᠤᠴᠠᠭᠠᠨ᠎ᠳᠤ ᠣᠷᠣᠰᠢᠵᠤ ᠪᠠᠢᠨ᠎ᠠ᠃ ᠤᠳᠤᠷᠢᠳᠬᠤ ᠺᠠᠳ᠋ᠷᠴᠤᠳ ᠡᠷᠬᠡᠪᠰᠢ ᠡᠨᠡ ᠬᠦ᠌ ᠪᠤᠰᠤᠳᠴᠢ ᠵᠢᠮ᠎ᠡ ᠶᠣᠰᠣ᠌᠎ᠶᠢ ᠬᠦᠨᠳᠦᠳᠬᠡᠵᠦ᠂ ᠠᠵᠤ ᠠᠬᠤᠢ᠎ᠶᠢᠨ ᠬᠥᠭᠵᠢᠯᠲᠡ᠎ᠶᠢᠨ ᠠᠷᠭ᠎ᠠ ᠬᠡᠯᠪᠡᠷᠢ ᠵᠢ ᠲᠦᠷᠭᠡᠪᠴᠢᠯᠡᠨ ᠬᠤᠪᠢᠷᠠᠭᠤᠯᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ᠎ᠢᠶᠠᠨ ᠴᠢᠩᠭᠠᠳᠬᠠᠨ᠂ ᠵᠠᠰᠠᠭ ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠵᠤ᠂ ᠲᠣᠭᠠᠨ᠎ᠤ ᠥᠷᠭᠡᠵᠢᠯ᠎ᠢ ᠬᠥᠭᠡᠭᠡᠴᠡᠯᠳᠦᠵᠦ ᠪᠠᠢᠭᠰᠠᠨ᠎ᠠᠴᠠ᠎ᠪᠠᠨ ᠶᠠᠰᠤ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠲᠣᠭᠠᠨ᠎ᠤ ᠵᠦᠢ ᠵᠣᠬᠢᠰᠲᠠᠢ ᠨᠡᠮᠡᠭᠳᠡᠯ᠎ᠢ ᠨᠡᠩ ᠴᠢᠬᠤᠯᠠᠴᠢᠯᠠᠬᠤ ᠪᠣᠯᠭᠠᠨ ᠬᠤᠪᠢᠷᠠᠭᠤᠯᠬᠤ ᠬᠡᠷᠡᠭᠲᠡᠢ᠃ ᠵᠢᠮ᠎ᠡ ᠶᠣᠰᠣ᠌᠎ᠠᠴᠠ ᠵᠥᠷᠢᠴᠡᠨ ᠣᠬᠣᠷ ᠬᠤᠭᠤᠴᠠᠭᠠᠨ᠎ᠤ ᠥᠨᠳᠥᠷ ᠨᠡᠮᠡᠭᠳᠡᠯ᠎ᠢ ᠬᠥᠭᠡᠭᠡᠴᠡᠯᠳᠦᠬᠦ ᠨᠢ ᠦᠵᠡᠬᠦ᠎ᠳᠦ ᠵᠠᠰᠠᠭ ᠎ᠤᠨ ᠠᠵᠢᠯ ᠪᠦᠲᠦᠮᠵᠢ᠎ᠲᠠᠢ ᠰᠢᠭ ᠪᠣᠯᠪᠠᠴᠤ ᠦᠨᠡᠨ᠎ᠳᠡᠭᠡᠨ ᠬᠥᠭᠵᠢᠯᠲᠡ᠎ᠳᠦ ᠬᠣᠬᠢᠷᠠᠯ ᠤᠴᠠᠷᠠᠭᠤᠯᠤᠭᠰᠠᠨ ᠶᠠᠪᠤᠳᠠᠯ ᠶᠤᠮ; ᠵᠢᠮ᠎ᠡ ᠶᠣᠰᠣ᠌᠎ᠶᠢ ᠵᠢᠷᠤᠮᠯᠠᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ᠎ᠶᠢ ᠠᠬᠢᠭᠤᠯᠵᠤ᠂ ᠲᠦᠷ ᠴᠠᠭ ᠬᠤᠷᠳᠤᠴᠠ᠎ᠪᠠᠨ ᠦᠷᠡᠭᠳᠡᠭᠦᠯᠦᠭᠰᠡᠨ ᠴᠦ᠍ ᠮᠥᠨ ᠴᠢᠨᠠᠷ ᠲᠡᠭᠡᠷ᠎ᠡ ᠪᠠᠨ ᠠᠯᠤᠰ ᠬᠡᠳᠦ᠎ᠶᠢᠨ ᠬᠥᠭᠵᠢᠯᠲᠡ᠎ᠳᠦ ᠰᠠᠭᠤᠷᠢ ᠲᠠᠯᠪᠢᠵᠤ ᠥᠭᠬᠦᠭᠰᠡᠨ ᠶᠠᠪᠤᠳᠠᠯ ᠪᠣᠯᠣᠨ᠎ᠠ᠃

ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭᠠᠴᠠᠭᠠᠵᠤ᠂ ᠰᠠᠨᠠᠭᠠᠴᠢᠯᠠᠭᠠᠲᠤ ᠡᠷᠬᠡ᠎ᠶᠢ ᠤᠯᠬᠤ ᠪᠠᠢᠯᠳᠤᠬᠤ ᠪᠣᠳᠣᠯᠭ᠎ᠠ᠎ᠶᠢᠨ ᠠᠷᠭ᠎ᠠ ᠬᠡᠮᠵᠢᠶ᠎ᠡ ᠲᠠᠢ ᠪᠠᠢᠬᠤ ᠭᠡᠷᠡᠭᠲᠠᠢ᠃ ᠣᠳᠣᠬᠠᠨ᠎ᠳᠤ ᠳᠡᠯᠡᠬᠡᠢ ᠳ᠋ᠠᠬᠢᠨ᠎ᠳᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠳᠴᠦ᠂ ᠰᠢᠨᠵᠢᠯᠡᠬᠦ ᠤᠬᠠᠭᠠᠨ ᠲᠸᠭᠨᠢᠭ  ᠮᠡᠷᠭᠡᠵᠢᠯ᠂ ᠶᠠᠰᠤ ᠴᠢᠨᠠᠷ᠂ ᠲᠦᠷᠦᠯ ᠲᠡᠮᠳᠡᠭ ᠡᠳᠦᠷ ᠢᠷᠡᠬᠦᠶ᠎ᠡ ᠤᠯᠠᠨ ᠤᠯᠤᠰ᠎ᠤᠨ ᠵᠠᠬ᠎ᠠ ᠳᠡᠯᠭᠡᠭᠦᠷ᠎ᠦᠨ ᠥᠷᠢᠰᠦᠯᠳᠦᠭᠡᠨ᠎ᠦ ᠲᠥᠪᠯᠡᠷᠡᠯ᠎ᠦᠨ ᠴᠡᠭ ᠪᠣᠯᠵᠤ ᠪᠤᠢ᠃ ᠤᠯᠠᠮᠵᠢᠯᠠᠯᠲᠤ ᠪᠦᠳᠦᠭᠦᠯᠢᠭ ᠮᠠᠶᠢᠭ᠋᠎ᠤᠨ ᠬᠥᠭᠵᠢᠯᠲᠡ᠎ᠶᠢᠨ ᠬᠡᠪ ᠵᠠᠭᠪᠤᠷ᠎ᠦᠷᠭᠦᠯᠵᠢᠯᠡᠬᠦᠶ᠎ᠡ ᠪᠡᠷᠬᠡ ᠪᠤᠯᠵᠤ᠂ ᠥᠪᠡᠷ᠎ᠦᠨ ᠦᠷᠳᠡᠭ᠎ᠢᠶᠡᠷ ᠳᠣᠣᠷ᠎ᠠ ᠬᠦᠴᠦᠨ ᠵᠦᠢᠯ᠎ᠦᠨ ᠣᠷᠣᠭᠤᠯᠤᠯᠲᠠ ᠪᠠ ᠳᠣᠣᠷ᠎ᠠ ᠲᠦᠪᠰᠢᠨ ᠪᠦᠬᠦᠢ ᠥᠷᠭᠡᠳᠬᠡᠯ᠎ᠳᠦ ᠲᠦᠰᠢᠭᠯᠡᠬᠦ ᠨᠢ ᠨᠢᠭᠡᠨᠲᠡ ᠥᠷᠢᠰᠦᠯᠳᠦᠭᠡᠨ᠎ᠦ ᠳᠠᠪᠠᠭᠤᠯᠢᠭ᠋᠎ᠢ ᠪᠤᠢ ᠪᠣᠯᠭᠠᠬᠤ᠎ᠶᠢᠨ ᠠᠷᠭ᠎ᠠ ᠦᠭᠡᠢ ᠪᠣᠯᠵᠠᠢ᠃ ᠭᠠᠭᠴᠠ ᠬᠦ᠌ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠪᠡᠶᠡᠯᠡᠭᠦᠯᠵᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠢᠭᠤᠯᠪᠠᠯ ᠰᠠᠶᠢ ᠬᠤᠷᠴᠠ ᠰᠢᠷᠦᠭᠦᠨ ᠤᠯᠠᠨ ᠤᠯᠤᠰ᠎ᠤᠨ ᠥᠷᠢᠰᠦᠯᠳᠦᠭᠡᠨ᠎ᠦ ᠳᠤᠮᠳᠠ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠶᠢ ᠣᠯᠵᠤ ᠴᠢᠳᠠᠨ᠎ᠠ᠃ ᠤᠳᠤᠷᠢᠳᠬᠤ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ ᠨᠢ ᠡᠷᠬᠡᠪᠰᠢ ᠡᠨᠡ ᠬᠦ᠌ ᠬᠡᠷᠡᠭᠴᠡᠭᠡ᠎ᠳᠦ ᠵᠣᠬᠢᠴᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠬᠤᠯᠠ ᠡᠭᠦᠷᠭᠡ ᠪᠣᠯᠭᠠᠬᠤ ᠬᠡᠷᠡᠭᠲᠡᠢ᠃

ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠬᠤ᠎ᠳᠤ ᠣᠯᠠᠨ ᠲᠠᠯ᠎ᠠ᠎ᠶᠢᠨ ᠠᠭᠤᠯᠭ᠎ᠠ ᠪᠠᠭᠲᠠᠨ᠎ᠠ᠃ ᠵᠢᠱ᠌ᠢᠶᠡᠯᠡᠪᠡᠯ᠂ ᠠᠷᠠᠳ ᠲᠦᠮᠡᠨ᠎ᠳᠦ ᠪᠤᠶᠠᠨ ᠦᠢᠯᠡᠳᠬᠦ᠎ᠶᠢ ᠪᠠᠷᠢᠮᠲᠠᠯᠠᠨ᠎ᠠ; ᠠᠮᠵᠢᠯᠲᠠ ᠠᠨᠤ ᠭᠠᠭᠴᠠ ᠮᠢᠨᠤ ᠭᠠᠪᠢᠶ᠎ᠠ ᠪᠤᠰᠤ᠂ ᠠᠮᠵᠢᠯᠲᠠ ᠤᠯᠬᠤ᠎ᠳᠦ ᠯᠠᠪᠲᠠᠢ ᠪᠢ ᠪᠠᠢᠬᠤ᠂ ᠪᠣᠳᠠᠲᠠᠢ ᠠᠵᠢᠯᠯᠠᠨ ᠵᠠᠰᠠᠭ᠎ᠤᠨ ᠠᠵᠢᠯ ᠎ᠤᠨ ᠪᠦᠲᠦᠮᠵᠢ ᠭᠠᠷᠭᠠᠬᠤ᠎ᠶᠢ ᠪᠠᠷᠢᠮᠲᠠᠯᠠᠨ᠎ᠠ; ᠵᠠᠰᠠᠭ᠎ᠤᠨ ᠠᠵᠢᠯ᠎ᠤᠨ ᠪᠦᠲᠦᠮᠵᠢ᠎ᠶᠢ ᠬᠢᠨᠠᠨ ᠰᠢᠯᠭᠠᠵᠤ ᠦᠨᠡᠯᠡᠬᠦ ᠰᠢᠰᠲᠧᠮ᠎ᠢ ᠲᠡᠭᠦᠯᠳᠡᠷᠵᠢᠭᠦᠯᠵᠦ᠂ ᠬᠢᠨᠠᠨ ᠰᠢᠯᠭᠠᠬᠤ ᠵᠢᠯᠣᠭᠣᠳᠤᠮᠵᠢ᠎ᠶᠢ ᠰᠠᠢᠲᠤᠷ ᠬᠡᠷᠡᠭᠯᠡᠨ᠎ᠠ᠃ ᠴᠢᠨᠠᠷ ᠰᠠᠢᠲᠠᠢ ᠬᠥᠭᠵᠢᠯᠲᠡ᠎ᠪᠡᠷ ᠴᠢᠬᠤᠯᠠ ᠠᠭᠤᠯᠭ᠎ᠠ ᠪᠣᠯᠭᠠᠬᠤ ᠪᠣᠯ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠠᠭᠤᠯᠤᠭᠳᠠᠬᠤᠨ᠎ᠤ ᠭᠦᠨᠵᠡᠭᠡᠢᠷᠡᠯ ᠪᠣᠯᠣᠨ᠎ᠠ᠃

ᠨᠢᠭᠡ᠎ᠳᠦ᠂ ᠴᠢᠨᠠᠷ ᠰᠠᠢᠲᠠᠢ ᠬᠥᠭᠵᠢᠯᠲᠡ ᠨᠢ ᠠᠷᠠᠳ ᠲᠦᠮᠡᠨ᠎ᠳᠦ ᠪᠤᠶᠠᠨ ᠦᠢᠯᠡᠳᠬᠦ᠎ᠳᠦ ᠰᠢᠨ᠎ᠡ ᠠᠭᠤᠯᠭ᠎ᠠ ᠨᠡᠮᠡᠷᠢᠯᠡᠪᠠ᠃ ᠠᠷᠠᠳ ᠲᠦᠮᠡᠨ᠎ᠳᠦ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠵᠠᠰᠠᠭ ᠎ᠤᠨ ᠠᠵᠢᠯ᠎ᠤᠨ ᠪᠦᠲᠦᠮᠵᠢ ᠮᠥᠨ᠃ ᠴᠢᠨᠠᠷ ᠰᠠᠢᠲᠠᠢ ᠬᠥᠭᠵᠢᠯᠲᠡ ᠪᠣᠯ ᠠᠷᠠᠳ ᠲᠦᠮᠡᠨ᠎ᠵᠣᠯ ᠵᠢᠷᠭᠠᠯ᠎ᠲᠠᠢ ᠠᠮᠤᠷ ᠠᠮᠤᠭᠤᠯᠠᠩ ᠪᠠᠢᠬᠤ᠎ᠶᠢ ᠪᠡᠶᠡᠯᠡᠭᠦᠯᠬᠦ ᠤᠷᠢᠲᠠᠯ ᠪᠠ ᠰᠠᠭᠤᠷᠢ ᠮᠥᠨ᠂ ᠠᠷᠠᠳ ᠲᠦᠮᠡᠨ᠎ᠦ ᠵᠣᠯ ᠵᠢᠷᠭᠠᠯ᠎ᠲᠠᠢ ᠠᠮᠤᠷ ᠠᠮᠤᠭᠤᠯᠠᠩ ᠪᠠᠢᠬᠤ ᠪᠣᠯ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠡᠴᠦᠰ᠎ᠦᠨ ᠬᠠᠷᠠᠯᠲᠠ ᠮᠥᠨ᠃ ᠴᠢᠨᠠᠷ ᠰᠠᠢᠲᠠᠢ ᠬᠥᠭᠵᠢᠯᠲᠡ᠎ᠡᠴᠡ ᠰᠠᠯᠪᠠᠯ ᠠᠷᠠᠳ᠎ᠤᠨ ᠠᠮᠢᠳᠤᠷᠠᠯ᠎ᠤᠨ ᠰᠠᠢᠵᠢᠷᠠᠯᠲᠠ ᠦᠷᠭᠦᠯᠵᠢᠯᠡᠬᠦ ᠴᠢᠨᠠᠷ᠎ᠢᠶᠠᠷ ᠳᠤᠲᠠᠮᠠᠭ ᠪᠣᠯᠣᠨ᠎ᠠ; ᠠᠷᠠᠳ ᠲᠦᠮᠡᠨ᠎ᠳᠦ ᠪᠤᠶᠠᠨ ᠦᠢᠯᠡᠳᠬᠦ᠎ᠡᠴᠡ ᠰᠠᠯᠪᠠᠯ᠂ ᠴᠢᠨᠠᠷ ᠰᠠᠢᠲᠠᠢ ᠬᠥᠭᠵᠢᠯᠲᠡ ᠦᠷᠳᠡᠭ᠎ᠦᠨ ᠤᠳᠤᠷᠢᠳᠤᠮᠵᠢ᠎ᠪᠠᠨ ᠠᠯᠳᠠᠬᠤ ᠪᠣᠯᠣᠨ᠎ᠠ᠃ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠰᠡᠳᠬᠢᠯ᠎ᠳᠡᠭᠡᠨ ᠪᠤᠳᠤᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠭᠤᠢᠪᠢᠰᠢ ᠦᠭᠡᠢ᠎ᠪᠡᠷ ᠨᠡᠮᠡᠭᠳᠡᠭᠦᠯᠵᠦ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶᠢ ᠵᠠᠰᠠᠭ᠎ᠤᠨ ᠠᠵᠢᠯ᠎ᠤᠨ ᠪᠦᠲᠦᠮᠵᠢ᠎ᠶᠢ ᠦᠨᠡᠯᠡᠬᠦ ᠰᠢᠰᠲᠧᠮ᠎ᠳᠦ ᠣᠷᠣᠭᠤᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶᠢᠨ ᠨᠡᠮᠡᠭᠳᠡᠯ ᠪᠣᠯᠣᠨ ᠠᠵᠤ ᠠᠬᠤᠢ᠎ᠶᠢᠨ ᠨᠡᠮᠡᠭᠳᠡᠯ᠎ᠢ ᠢᠵᠢᠯ ᠠᠯᠬᠤᠮ᠎ᠢᠶᠠᠷ ᠪᠠᠢᠯᠭᠠᠬᠤ᠂ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠠᠳᠠᠯᠢ ᠲᠡᠭᠰᠢ ᠪᠠᠢᠯᠭᠠᠬᠤ ᠵᠡᠷᠭᠡ᠎ᠪᠡᠷ ᠬᠠᠲᠠᠭᠤ ᠬᠢᠵᠠᠭᠠᠷᠯᠠᠯ ᠪᠣᠯᠭᠠᠵᠤ᠂ 《ᠪᠣᠭᠣᠷᠰᠣᠭ》᠎ᠢ᠋ ᠲᠤᠮᠤ ᠪᠤᠯᠭᠠᠬᠤ ᠪᠠ 《ᠪᠣᠭᠣᠷᠰᠣᠭ》᠎ᠢ᠋ ᠰᠠᠢᠳᠤᠷ ᠬᠤᠪᠢᠶᠠᠬᠤ ᠵᠢ ᠨᠢᠭᠡᠳᠦᠯᠳᠠᠢ ᠲᠦᠯᠦᠪᠵᠢᠭᠦᠯᠬᠦ ᠬᠡᠷᠡᠭᠲᠡᠢ᠃ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠶᠠᠪᠤᠴᠠ ᠪᠣᠯ ᠳᠠᠷᠤᠢ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠲᠠᠰᠤᠷᠠᠯᠳᠠ ᠦᠭᠡᠢ ᠬᠠᠩᠭᠠᠬᠤ ᠶᠠᠪᠤᠴᠠ ᠮᠥᠨ᠂ ᠳᠠᠷᠤᠢ ᠠᠷᠠᠳ ᠲᠦᠮᠡᠨ᠎ᠳᠦ ᠪᠤᠶᠠᠨ ᠦᠢᠯᠡᠳᠬᠦ ᠶᠠᠪᠤᠴᠠ ᠮᠥᠨ᠃

ᠬᠣᠶᠠᠷ᠎ᠲᠦ᠂ ᠴᠢᠨᠠᠷ ᠰᠠᠢᠲᠠᠢ ᠬᠥᠭᠵᠢᠯᠲᠡ᠎ᠨᠢ ᠢᠯᠡ ᠠᠮᠵᠢᠯᠲᠠ ᠪᠦᠲᠦᠮᠵᠢ᠎ᠶᠢ ᠴᠢᠬᠤᠯᠠᠴᠢᠯᠠᠬᠤ᠎ᠪᠠᠷ ᠪᠠᠷᠠᠬᠤ ᠦᠭᠡᠢ ᠳᠠᠯᠳᠠ ᠪᠦᠲᠦᠮᠵᠢ᠎ᠶᠢ ᠨᠡᠩ ᠴᠢᠬᠤᠯᠠᠴᠢᠯᠠᠬᠤ ᠵᠢ ᠱᠠᠭᠠᠷᠳᠠᠵᠤ ᠪᠤᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠴᠢᠳᠠᠪᠤᠷᠢᠲᠠᠨ᠎ᠢ ᠬᠥᠮᠥᠵᠢᠭᠦᠯᠬᠦ᠂ ᠳᠦᠷᠢᠮ᠎ᠦᠨ ᠪᠠᠢᠭᠤᠯᠤᠯᠲᠠ᠂ ᠠᠮᠢ ᠠᠬᠤᠢ᠎ᠶᠢᠨ ᠵᠠᠰᠠᠯᠲᠠ ᠵᠡᠷᠭᠡ ᠰᠠᠭᠤᠷᠢ ᠴᠢᠨᠠᠷᠲᠠᠢ ᠠᠵᠢᠯ ᠨᠢ ᠣᠬᠣᠷᠬᠠᠨ ᠬᠤᠭᠤᠴᠠᠭᠠᠨ᠎ᠤ ᠳᠣᠲᠣᠷ᠎ᠠ ᠦᠷ᠎ᠡ ᠪᠦᠲᠦᠮᠵᠢ᠎ᠪᠡᠨ ᠢᠯᠡᠷᠡᠭᠦᠯᠵᠦ ᠴᠢᠳᠠᠬᠤ ᠦᠭᠡᠢ ᠪᠣᠯᠪᠠᠴᠤ ᠴᠢᠨᠠᠷ ᠰᠠᠢᠲᠠᠢ ᠬᠥᠭᠵᠢᠯᠲᠡ᠎ᠳᠦ ᠲᠤᠯᠭᠠᠭᠤᠷᠢᠯᠠᠯ ᠬᠠᠩᠭᠠᠵᠤ ᠴᠢᠳᠠᠨ᠎ᠠ᠃ ᠤᠳᠤᠷᠢᠳᠬᠤ ᠺᠠᠳ᠋ᠷᠴᠤᠳ ᠬᠡᠷᠪᠡ ᠠᠪᠤᠨ ᠳᠣᠣᠷ᠎ᠠ᠎ᠪᠠᠨ ᠢᠯᠡ ᠠᠮᠵᠢᠯᠲᠠ ᠪᠦᠲᠦᠮᠵᠢ ᠤᠯᠬᠤ ᠎ᠵᠢ ᠯᠡ ᠬᠥᠭᠡᠭᠡᠴᠡᠯᠳᠦᠵᠦ᠂ ᠰᠠᠭᠤᠷᠢ ᠲᠠᠯᠪᠢᠬᠤ ᠪᠠ ᠠᠯᠤᠰ ᠭᠡᠳᠦ᠎ᠳᠦ ᠠᠰᠢᠭ᠋ ᠬᠦᠷᠲᠡᠭᠡᠬᠦ ᠳᠠᠯᠳᠠ ᠠᠮᠵᠢᠯᠲᠠ ᠪᠦᠲᠦᠮᠵᠢ᠎ᠶᠢ ᠣᠮᠲᠣᠭᠠᠢᠯᠠᠪᠠᠯ ᠬᠥᠭᠵᠢᠯᠲᠡ᠎ᠶᠢ ᠰᠠᠭᠠᠲᠠᠭᠠᠬᠤ ᠪᠣᠯᠣᠨ᠎ᠠ᠃ ᠵᠠᠰᠠᠭ ᠎ᠤᠨ ᠠᠵᠢᠯ᠎ᠤᠨ ᠪᠦᠲᠦᠮᠵᠢ ᠨᠢ ᠲᠤᠬᠠᠢ᠎ᠶᠢᠨ ᠬᠤᠭᠤᠴᠠᠭᠠᠨ᠎ᠳᠤ ᠦᠷ᠎ᠡ ᠪᠦᠲᠦᠮᠵᠢ ᠭᠠᠷᠭᠠᠬᠤ ᠢᠯᠡᠷᠬᠡᠢ ᠠᠮᠵᠢᠯᠲᠠ ᠳᠡᠭᠡᠷ᠎ᠡ ᠢᠯᠡᠷᠡᠬᠦ ᠮᠥᠷᠲᠡᠭᠡᠨ ᠪᠠᠰᠠ ᠰᠠᠭᠤᠷᠢ ᠲᠠᠯᠪᠢᠬᠤ᠂ ᠳᠠᠭᠠᠭᠠᠮᠠᠭᠠᠢ ᠬᠦᠴᠦᠨ᠎ᠢ ᠨᠡᠮᠡᠭᠳᠡᠭᠦᠯᠬᠦ᠂ ᠠᠯᠤᠰ ᠬᠡᠳᠦ᠎ᠳᠦ ᠠᠰᠢᠭ᠍ᠲᠠᠢ ᠲᠠᠯᠳᠠ ᠠᠮᠵᠢᠯᠲᠠ ᠪᠦᠲᠦᠮᠵᠢ ᠳᠡᠭᠡᠷ᠎ᠡ ᠢᠯᠡᠷᠡᠬᠦ ᠶᠤᠮ᠃ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠤ ᠲᠤᠯᠭᠠᠭᠤᠷᠢᠯᠠᠯ᠎ᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠠᠬᠢᠭᠤᠯᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ᠂ ᠠᠮᠢ ᠠᠬᠤᠢ ᠰᠠᠢᠨ ᠰᠠᠢᠬᠠᠨ᠂ ᠪᠣᠯᠪᠠᠰᠤᠨ ᠬᠥᠭᠵᠢᠯᠲᠡ᠎ᠶᠢᠨ ᠵᠠᠮ᠎ᠢᠶᠠᠷ ᠡᠷᠡᠰ ᠵᠠᠮᠨᠠᠵᠤ᠂ ᠪᠣᠳᠠᠰ᠎ᠤᠨ ᠪᠣᠯᠪᠠᠰᠤᠨ ᠪᠠ ᠣᠶᠤᠨ᠎ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ᠂ ᠬᠥᠮᠥᠨ ᠬᠢᠭᠡᠳ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠰᠠᠢᠨ ᠰᠠᠢᠬᠠᠨ ᠪᠠᠢᠳᠠᠯ᠎ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ; ᠢᠯᠡ ᠠᠮᠵᠢᠯᠲᠠ ᠪᠦᠲᠦᠮᠵᠢ ᠪᠠ ᠳᠠᠯᠳᠠ ᠠᠮᠵᠢᠯᠲᠠ ᠪᠦᠲᠦᠮᠵᠢ᠎ᠶᠢ ᠬᠠᠷᠢᠯᠴᠠᠨ ᠤᠶᠠᠯᠳᠤᠭᠤᠯᠤᠭᠰᠠᠨ ᠬᠢᠨᠠᠨ ᠰᠢᠯᠭᠠᠬᠤ ᠲᠣᠭᠲᠠᠴᠠ᠎ᠶᠢ ᠪᠠᠢᠭᠤᠯᠵᠤ᠂ ᠵᠣᠷᠢᠭ᠍ᠲᠠᠢ᠎ᠪᠠᠷ ᠠᠵᠢᠯ  ᠬᠢᠳᠡᠭ ᠺᠠᠳ᠋ᠷ᠎ᠢ ᠮᠡᠳᠡᠷᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ ᠵᠡᠷᠭᠡ ᠠᠵᠢᠯ᠎ᠢ ᠵᠠᠪᠠᠯ ᠦᠨᠡᠯᠡᠬᠦ ᠭᠣᠣᠯᠳᠠᠯᠭ᠎ᠠ ᠪᠣᠯᠭᠠᠬᠤ ᠬᠡᠷᠡᠭᠳᠡᠢ᠃

ᠭᠤᠷᠪᠠ᠎ᠳᠦ᠂ ᠴᠢᠨᠠᠷ ᠰᠠᠢᠲᠠᠢ ᠬᠥᠭᠵᠢᠯᠲᠡ᠎ᠨᠢ ᠨᠢᠳᠦᠨ ᠡᠮᠦᠨ᠎ᠡ ᠪᠠ ᠠᠯᠤᠰ ᠬᠡᠳᠦ᠎ᠶᠢ ᠬᠠᠮᠲᠤ ᠳ᠋ᠤᠨᠢ ᠬᠠᠷᠠᠭᠠᠯᠵᠠᠬᠤ ᠵᠢ ᠱᠠᠭᠠᠷᠳᠠᠳᠠᠭ᠃ ᠤᠳᠤᠷᠢᠳᠬᠤ ᠺᠠᠳ᠋ᠷᠴᠤᠳ ᠲᠣᠭᠲᠠᠭᠤᠨ᠎ᠤ ᠲᠤᠮᠳᠠ ᠤᠷᠤᠭᠰᠢᠯᠠᠬᠤ᠂ ᠠᠯᠬᠤᠮ ᠳᠠᠷᠠᠭ᠎ᠠ᠎ᠲᠠᠢ ᠪᠠᠷ ᠤᠷᠤᠭᠰᠢᠯᠠᠬᠤ᠂ ᠦᠷᠭᠦᠯᠵᠢᠯᠡᠨ ᠤᠷᠤᠭᠰᠢᠯᠠᠬᠤ᠎ᠶᠢ ᠪᠠᠷᠢᠮᠲᠠᠯᠠᠵᠤ᠂ ᠣᠳᠣᠬᠠᠨ᠎ᠤ ᠪᠠᠢᠳᠠᠯ᠎ᠳᠠᠭᠠᠨ ᠰᠠᠭᠤᠷᠢᠯᠠᠨ ᠪᠣᠳᠠᠲᠤ ᠠᠰᠠᠭᠤᠳᠠᠯ᠎ᠢ ᠰᠢᠢᠳᠪᠦᠷᠢᠯᠡᠬᠦ ᠮᠥᠷᠲᠡᠭᠡᠨ ᠪᠠᠰᠠ ᠠᠯᠤᠰ ᠬᠡᠳᠦ᠎ᠶᠢ ᠪᠣᠳᠣᠯᠬᠢᠯᠠᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠥᠯᠥᠪᠵᠢᠭᠦᠯᠵᠦ᠂ ᠦᠷ᠎ᠡ ᠠᠰᠢᠭ᠋᠎ᠲᠠᠢ᠂ ᠶᠠᠰᠤ ᠴᠢᠨᠠᠷ᠎ᠲᠠᠢ᠂ ᠦᠷᠭᠦᠯᠵᠢᠯᠡᠬᠦ ᠬᠥᠭᠵᠢᠯᠲᠡ᠎ᠶᠢ ᠬᠥᠭᠡᠭᠡᠴᠡᠯᠳᠦᠬᠦ ᠬᠡᠷᠡᠭᠲᠡᠢ᠃ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠬᠣᠴᠣᠷᠤᠩᠭᠤᠢ ᠦᠢᠯᠡᠳᠪᠦᠷᠢᠯᠡᠯ᠎ᠦᠨ ᠴᠢᠳᠠᠪᠤᠷᠢ᠎ᠶᠢ ᠵᠠᠢᠯᠠᠰᠢ ᠦᠭᠡᠢ ᠰᠢᠭᠰᠢᠵᠦ᠂ ᠲᠦᠷ ᠴᠠᠭ ᠬᠤᠷᠳᠤᠴᠠ᠎ᠶᠢ ᠦᠷᠡᠭᠳᠡᠭᠦᠯᠬᠦ ᠵᠡᠷᠭᠡ ᠤᠬᠤᠷ ᠬᠤᠭᠤᠴᠠᠭᠠᠨ᠎ᠤ ᠡᠮᠵᠡᠭᠯᠡᠯ᠎ᠳᠦ ᠬᠤᠯᠪᠤᠬᠳᠠᠨ᠎ᠠ᠃ ᠭᠡᠪᠡᠴᠦ ᠡᠨᠡ ᠎ᠬᠦ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ ᠡᠪᠡᠷᠰᠢᠶᠡᠯ᠎ᠢ ᠥᠩᠭᠡᠷᠡᠭᠡᠪᠡᠯ ᠰᠠᠶᠢ ᠬᠥᠭᠵᠢᠯᠲᠡ᠎ᠶᠢᠨ ᠰᠢᠨ᠎ᠡ ᠠᠮᠢᠯᠠᠯ᠎ᠢ ᠣᠯᠵᠤ ᠴᠢᠳᠠᠨ᠎ᠠ᠃ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠤᠳᠤᠷᠢᠳᠬᠤ ᠺᠠᠳ᠋ᠷᠴᠤᠳ᠎ᠤᠨ ᠠᠮᠵᠢᠯᠲᠠ ᠠᠨᠤ ᠭᠠᠭᠴᠠ ᠮᠢᠨᠤ ᠪᠤᠰᠤ ᠭᠡᠬᠦ ᠤᠶᠤᠨ ᠰᠠᠨᠠᠭᠠᠨ᠎ᠤ ᠠᠬᠤᠢ ᠪᠠᠢᠳᠠᠯ ᠪᠣᠯᠣᠨ ᠠᠮᠵᠢᠯᠲᠠ᠎ᠳᠤ ᠯᠠᠪᠲᠠᠢ ᠪᠢ ᠪᠠᠢᠬᠤ ᠲᠡᠦᠬᠡᠲᠦ ᠡᠭᠦᠷᠭᠡᠯᠡᠯ᠎ᠢ ᠪᠦᠷᠢᠯᠳᠦᠭᠦᠯᠵᠦ᠂ ᠳᠤᠷᠠᠲᠠᠶ᠎ᠠ ᠰᠠᠭᠤᠷᠢ ᠲᠠᠯᠪᠢᠬᠤ ᠴᠢᠨᠠᠷ ᠲᠠᠢ ᠠᠵᠢᠯ᠎ᠢ ᠬᠢᠵᠦ᠂ ᠳᠤᠷᠠᠲᠠᠶ᠎ᠠ ᠬᠣᠢᠴᠢ ᠦᠶ᠎ᠡ᠎ᠳᠡᠭᠡᠨ ᠰᠠᠭᠤᠷᠢ ᠲᠠᠯᠪᠢᠵᠤ᠂ ᠠᠯᠤᠰ ᠬᠡᠳᠤ᠎ᠶᠢ ᠪᠣᠳᠣᠯᠬᠢᠯᠠᠬᠤ᠎ᠶᠢ ᠱᠠᠭᠠᠷᠳᠠᠵᠤ ᠪᠤᠢ᠃

ᠣᠳᠣᠬᠠᠨ᠎ᠳᠤ ᠪᠦᠬᠦ ᠨᠠᠮ᠎ᠢᠶᠠᠷ᠎ᠢᠶᠠᠨ ᠶᠠᠭ ᠵᠠᠰᠠᠭ᠎ᠤᠨ ᠠᠵᠢᠯ᠎ᠤᠨ ᠪᠦᠲᠦᠮᠵᠢ᠎ᠶᠢᠨ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ ᠪᠠᠢᠨ᠎ᠠ᠃ ᠡᠢᠮᠤ ᠡᠴᠡ ᠰᠤᠷᠤᠯᠴᠠᠯᠭ᠎ᠠ ᠬᠥᠮᠦᠵᠢᠯ᠎ᠤᠨ ᠶᠠᠪᠤᠴᠠ᠎ᠳᠦ᠂ ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ᠎ᠪᠠᠷ ᠴᠢᠬᠤᠯᠠ ᠠᠭᠤᠯᠭ᠎ᠠ ᠪᠣᠯᠭᠠᠵᠤ᠂ ᠦᠵᠡᠯ ᠰᠠᠨᠠᠭ᠎ᠠ᠂ ᠴᠢᠳᠠᠪᠤᠷᠢ ᠪᠣᠯᠣᠨ ᠳᠦᠷᠢᠮ᠎ᠦᠨ ᠲᠠᠯ᠎ᠠ᠎ᠪᠠᠷ ᠡᠯ᠎ᠡ ᠱᠠᠲᠤᠨ᠎ᠤ ᠤᠳᠤᠷᠢᠳᠬᠤ ᠺᠠᠳ᠋ᠷ᠎ᠢ ᠬᠥᠲᠥᠯᠥᠨ ᠵᠢᠯᠤᠭᠣᠳᠴᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠵᠦᠪ ᠦᠵᠡᠯᠲᠡ᠎ᠶᠢ ᠪᠤᠢ ᠪᠣᠯᠭᠠᠬᠤ ᠬᠡᠷᠡᠭᠲᠡᠢ᠃

ᠰᠤᠷᠤᠯᠴᠠᠯᠭ᠎ᠠ ᠬᠥᠮᠦᠵᠢᠯ᠎ᠢᠶᠡᠷ ᠴᠢᠨᠠᠷ ᠰᠠᠢᠲᠠᠢ ᠬᠥᠭᠵᠢᠯᠲᠡ᠎ᠶᠢᠨ ᠦᠵᠡᠯ ᠰᠠᠨᠠᠭᠠᠨ᠎ᠤ ᠰᠠᠭᠤᠷᠢ᠎ᠶᠢ ᠪᠠᠲᠤ ᠴᠣᠭᠴᠠᠯᠠᠨ᠎ᠠ᠃ ᠤᠳᠤᠷᠢᠳᠬᠤ ᠺᠠᠳ᠋ᠷ᠎ᠢ ᠬᠥᠲᠥᠯᠥᠨ ᠵᠢᠯᠤᠭᠣᠳᠴᠤ ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ ᠪᠣᠯ ᠲᠦᠷ ᠵᠠᠭᠤᠷ᠎ᠠ  ᠠᠷᠭᠠᠴᠠᠭᠠᠬᠤ ᠠᠷᠭ᠎ᠠ ᠪᠢᠰᠢ᠂ ᠬᠠᠷᠢᠨ ᠠᠯᠤᠰ ᠬᠡᠳᠦ᠎ᠳᠦ ᠰᠠᠭᠤᠷᠢᠯᠠᠵᠤ᠂ ᠪᠦᠬᠦ ᠲᠠᠯ᠎ᠠ᠎ᠳᠤ ᠬᠣᠯᠪᠣᠭᠳᠠᠬᠤ ᠪᠠᠢᠯᠳᠤᠬᠤ ᠪᠣᠳᠣᠯᠭ᠎ᠠ᠎ᠶᠢᠨ ᠰᠣᠩᠭᠣᠯᠲᠠ ᠮᠥᠨ ᠭᠡᠳᠡᠭ᠎ᠢ ᠭᠦᠨᠵᠡᠭᠡᠢ ᠲᠠᠨᠢᠭᠤᠯᠬᠤ ᠬᠡᠷᠡᠭᠲᠡᠢ᠃ ᠲᠠᠳᠬᠠᠯᠵᠢᠬᠰᠠᠨ ᠰᠡᠳᠬᠢᠬᠦᠢ᠎ᠶᠢ ᠦᠨᠳᠦᠰᠦᠨ᠎ᠡᠴᠡ ᠨᠢ ᠠᠷᠢᠯᠭᠠᠵᠤ᠂ 《ᠬᠤᠷᠳᠤᠴᠠ᠎ᠶᠢ ᠬᠦᠭᠡᠭᠡᠴᠡᠯᠳᠦᠬᠦ》᠂ 《ᠲᠣᠭ᠎ᠠ ᠨᠤᠷᠮ᠎ᠠ ᠵᠢᠨ ᠵᠠᠰᠠᠭ᠎ᠤᠨ ᠠᠵᠢᠯ᠎ᠤᠨ ᠪᠦᠲᠦᠮᠵᠢ》 ᠵᠢ ᠬᠦᠭᠡᠭᠡᠴᠡᠯᠳᠦᠬᠦ ᠵᠡᠷᠭᠡ ᠠᠯᠳᠠᠭ᠎ᠠ ᠪᠤᠷᠤᠭᠤ᠎ᠶᠢ ᠵᠠᠯᠠᠷᠠᠭᠤᠯᠵᠤ᠂ ᠤᠳᠤᠷᠢᠳᠬᠤ ᠺᠠᠳ᠋ᠷ᠎ᠤᠨ ᠰᠡᠳᠬᠢᠯ ᠰᠠᠨᠠᠭ᠎ᠠ ᠪᠣᠯᠣᠨ ᠤᠶᠤᠨ ᠴᠢᠳᠠᠯ᠎ᠢ ᠦᠨᠡᠨ ᠬᠦ᠌ ᠬᠥᠭᠵᠢᠯᠲᠡ᠎ᠶᠢᠨ ᠠᠷᠭ᠎ᠠ ᠬᠡᠯᠪᠡᠷᠢ᠎ᠪᠡᠨ ᠬᠤᠪᠢᠷᠠᠭᠤᠯᠬᠤ᠂ ᠠᠵᠤ ᠠᠬᠤᠢ᠎ᠶᠢᠨ ᠪᠦᠲᠦᠴᠡ᠎ᠶᠢ ᠰᠢᠯᠢᠳᠡᠭᠵᠢᠭᠦᠯᠬᠦ᠂ ᠨᠡᠮᠡᠭᠳᠡᠯ᠎ᠦᠨ ᠬᠥᠳᠡᠯᠭᠡᠬᠦ ᠬᠦᠴᠦᠨ᠎ᠢ ᠬᠤᠪᠢᠷᠠᠭᠤᠯᠬᠤ ᠎ᠳᠦ ᠲᠦᠪᠯᠡᠷᠡᠭᠦᠯᠬᠦ ᠬᠡᠷᠡᠭᠲᠡᠢ᠃

ᠴᠢᠳᠠᠪᠤᠷᠢ᠎ᠶᠢᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠡᠷᠳᠡᠮ ᠴᠢᠳᠠᠪᠤᠷᠢ ᠵᠢ ᠳᠡᠭᠡᠭᠰᠢᠯᠡᠭᠦᠯᠦᠨ᠎ᠡ᠃ ᠵᠠᠰᠠᠭ ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠵᠢ ᠡᠴᠦᠰ᠎ᠦᠨ ᠡᠴᠦᠰ᠎ᠲᠦᠨᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠡᠷᠳᠡᠮ ᠴᠢᠳᠠᠪᠤᠷᠢ ᠳᠡᠭᠡᠷ᠎ᠡ ᠢᠯᠡᠷᠡᠬᠦᠯᠬᠦ ᠬᠡᠷᠡᠭᠲᠡᠢ᠃ ᠤᠳᠤᠷᠢᠳᠬᠤ ᠺᠠᠳ᠋ᠷ᠎ᠢ ᠬᠥᠲᠥᠯᠥᠨ ᠵᠢᠯᠤᠭᠣᠳᠴᠤ ᠦᠢᠯᠡᠳᠦᠯᠭᠡ᠎ᠶᠢᠨ ᠪᠣᠯᠪᠠᠰᠤᠷᠠᠯ ᠳᠤᠮᠳᠠ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ ᠪᠣᠯᠣᠨ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠴᠢᠳᠠᠪᠤᠷᠢ᠎ᠶᠢ ᠨᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠬᠤ᠂ ᠪᠣᠬᠢᠷᠲᠤᠯ ᠦᠭᠡᠢ ᠬᠥᠭᠵᠢᠯᠲᠡ᠎ᠶᠢ ᠠᠬᠢᠭᠤᠯᠬᠤ ᠴᠢᠳᠠᠪᠤᠷᠢ᠎ᠶᠢ ᠨᠢ ᠴᠢᠩᠭᠠᠳᠬᠠᠬᠤ ᠬᠡᠷᠡᠭᠲᠡᠢ᠃ ᠲᠡᠳᠡᠨ᠎ᠢ ᠬᠥᠲᠥᠯᠥᠨ ᠵᠢᠯᠤᠭᠣᠳᠴᠤ ᠰᠢᠰᠲᠧᠮᠲᠦ ᠰᠡᠳᠬᠢᠬᠦᠢ᠎ᠶᠢ ᠪᠣᠶ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ᠂ ᠨᠢᠳᠦᠨ ᠡᠮᠦᠨ᠎ᠡ ᠪᠠ ᠠᠯᠤᠰ ᠬᠡᠲᠦ᠂ ᠶᠠᠰᠤ ᠴᠢᠨᠠᠷ ᠪᠠ ᠬᠤᠷᠳᠤᠴᠠ᠎ᠶᠢ ᠨᠢᠭᠡᠳᠦᠯᠲᠡᠢ ᠲᠥᠯᠥᠪᠵᠢᠭᠦᠯᠦᠨ᠂ ᠠᠶᠤᠯ ᠲᠦᠭᠰᠢᠭᠦᠷᠢ᠎ᠶᠢᠨ ᠦᠵᠡᠯ ᠤᠬᠠᠮᠰᠠᠷ᠎ᠢᠶᠠᠨ ᠴᠢᠩᠭᠠᠷᠠᠭᠤᠯᠵᠤ᠂ ᠥᠷᠢ ᠥᠭᠴᠡᠭᠡ᠂ ᠮᠥᠩᠭᠥᠨ ᠭᠦᠢᠯᠭᠡᠭᠡ᠂ ᠭᠡᠷ ᠪᠠᠢᠰᠢᠩ ᠭᠠᠵᠠᠷ ᠬᠥᠷᠥᠩᠭᠡ ᠵᠡᠷᠭᠡ ᠬᠦᠷᠢᠶᠡᠨ᠎ᠳᠡᠬᠢ ᠠᠶᠤᠯ ᠲᠦᠭᠰᠢᠭᠦᠷᠢ᠎ᠶᠢ ᠢᠳᠡᠪᠬᠢᠲᠡᠢ ᠰᠡᠷᠭᠡᠢᠯᠡᠨ ᠠᠷᠢᠯᠭᠠᠬᠤ ᠪᠤᠯᠭᠠᠬᠤ ᠬᠡᠷᠡᠭᠳᠡᠢ᠃

ᠳᠦᠷᠢᠮ ᠲᠣᠭᠲᠠᠴᠠ᠎ᠵᠢᠨ ᠪᠠᠳᠤᠯᠠᠭ᠎ᠠ ᠪᠡᠷ ᠴᠢᠨᠠᠷ ᠰᠠᠢᠲᠠᠢ ᠬᠥᠭᠵᠢᠯᠲᠡ᠎ᠶᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ᠃ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠬᠰᠠᠨ ᠠᠵᠢᠯ᠎ᠤᠨ ᠪᠦᠲᠦᠮᠵᠢ᠎ᠶᠢ ᠬᠢᠨᠠᠨ ᠰᠢᠯᠭᠠᠵᠤ ᠦᠨᠡᠯᠡᠬᠦ ᠠᠷᠭ᠎ᠠ᠎ᠶᠢ ᠲᠡᠭᠦᠯᠳᠡᠷᠵᠢᠭᠦᠯᠵᠦ᠂ ᠵᠦᠷᠢᠶᠡᠴᠢᠯᠡᠭᠰᠡᠨ ᠬᠢᠨᠠᠨ ᠰᠢᠯᠭᠠᠯᠲᠠ᠎ᠶᠢ ᠬᠡᠷᠡᠭᠵᠢᠭᠦᠯᠦᠨ᠎ᠡ᠃ ᠬᠥᠭᠵᠢᠯᠲᠡ᠎ᠶᠢᠨ ᠶᠠᠰᠤ ᠴᠢᠨᠠᠷ ᠪᠠ ᠦᠷ᠎ᠡ ᠠᠰᠢᠭ᠋᠎ᠢ ᠲᠤᠰᠬᠠᠭᠰᠠᠨ ᠭᠦᠢᠴᠡᠳᠬᠡᠯ ᠲᠣᠭ᠎ᠠ᠎ᠶᠢᠨ ᠡᠵᠡᠯᠡᠬᠦ ᠬᠠᠷᠢᠴᠠᠯ᠎ᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠠᠮᠢ ᠠᠬᠤᠢ᠎ᠶᠢᠨ ᠣᠷᠴᠢᠨ ᠲᠤᠭᠤᠷᠢᠨ᠎ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ᠎ᠶᠢ ᠴᠢᠬᠤᠯᠠ ᠠᠭᠤᠯᠭ᠎ᠠ ᠪᠣᠯᠭᠠᠨ᠎ᠠ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢ ᠰᠡᠷᠭᠡᠢᠯᠡᠨ ᠵᠠᠯᠠᠷᠠᠭᠤᠯᠬᠤ ᠠᠵᠢᠯ᠎ᠤᠨ ᠲᠣᠭᠲᠠᠴᠠ᠎ᠶᠢ ᠪᠠᠢᠭᠤᠯᠵᠤ᠂ ᠠᠷᠠᠳ᠎ᠢ ᠵᠦᠳᠡᠭᠡᠨ ᠡᠳ᠋᠎ᠢ ᠰᠦᠢᠳᠬᠡᠬᠦ᠂ 《ᠳᠦᠷᠢ ᠲᠥᠷᠬᠦ᠎ᠶᠢᠨ ᠢᠨᠵᠧᠨᠧᠷᠢᠩ》᠂《ᠵᠠᠰᠠᠭ᠎ᠤᠨ ᠠᠵᠢᠯ᠎ᠤᠨ ᠪᠦᠲᠦᠮᠵᠢ᠎ᠶᠢᠨ ᠢᠨᠵᠧᠨᠧᠷᠢᠩ》 ᠡᠴᠡ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠬᠤᠳᠠᠯ ᠬᠠᠭᠤᠷᠮᠠᠭ ᠵᠠᠰᠠᠭ᠎ᠤᠨ ᠠᠵᠢᠯ᠎ᠤᠨ ᠪᠦᠲᠦᠮᠵᠢ ᠭᠠᠷᠭᠠᠭᠰᠠᠳ᠎ᠢ ᠵᠠᠯᠬᠠᠭᠠᠨ ᠰᠢᠢᠳᠭᠡᠨ᠎ᠡ᠃ 《ᠭᠤᠷᠪᠠ᠎ᠶᠢ ᠢᠯᠭᠠᠬᠤ》᠎ᠶᠢ ᠨᠠᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠤᠳᠤᠷᠢᠳᠬᠤ ᠺᠠᠳ᠋ᠷ᠎ᠲᠤ ᠦᠮᠦᠭ ᠲᠦᠰᠢᠭ ᠪᠣᠯᠵᠤ ᠡᠷᠴᠢ ᠵᠣᠷᠢᠭ᠋᠎ᠢ ᠨᠢ ᠬᠥᠪᠴᠢᠯᠡᠵᠦ᠂ ᠴᠢᠨᠠᠷ ᠰᠠᠢᠲᠠᠢ ᠬᠥᠭᠵᠢᠯᠲᠡ᠎ᠳᠦ ᠠᠰᠢᠭ᠍ᠲᠠᠢ ᠰᠠᠢᠨ ᠰᠠᠢᠬᠠᠨ ᠤᠯᠤᠰ ᠲᠥᠷᠥ᠎ᠶᠢᠨ ᠠᠮᠢ ᠠᠬᠤᠢ᠎ᠶᠢ ᠪᠣᠶ ᠪᠣᠯᠭᠠᠬᠤ ᠬᠡᠷᠡᠭᠳᠡᠢ᠃

(ᠵᠣᠬᠢᠶᠠᠭ᠍ᠴᠢ ᠵᠢᠨ ᠬᠠᠶᠢᠭ᠄  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠨᠠᠮ᠎ᠤᠨ ᠲᠡᠦᠬᠡ ᠪᠠ ᠲᠤᠯᠭᠠᠭᠤᠷᠢ ᠪᠢᠴᠢᠭ ᠰᠤᠳᠤᠯᠬᠤ ᠬᠦᠷᠢᠶᠡᠯᠡᠩ᠎ᠦᠨ ᠳᠥᠷᠪᠡᠳᠦᠭᠡᠷ ᠰᠤᠳᠤᠯᠬᠤ ᠬᠡᠯᠲᠡᠰ)

— 《 ᠠᠵᠤ ᠠᠬᠤᠢ᠎ᠶᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号