ᠢᠯᠵᠢᠷᠠᠯ᠎ᠢ ᠡᠰᠡᠷᠭᠦᠴᠡᠬᠦ ᠰᠢᠨ᠎ᠡ ᠴᠠᠭ ᠦᠶ᠎ᠡ᠎ᠶᠢᠨ ᠤᠯᠤᠰ᠎ᠤᠨ ᠬᠠᠤᠯᠢ ᠲᠣᠭᠲᠠᠭᠠᠯᠲᠠ ᠵᠢᠨ ᠪᠣᠳᠠᠲᠤ ᠡᠭᠦᠷᠭᠡ ᠪᠠ ᠳᠣᠲᠣᠭᠠᠳᠤ ᠵᠢᠯᠣᠭᠣᠳᠤᠯᠭ᠎ᠠ
2026-04-24 10:30:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠸᠠᠩ ᠢ 《ᠱᠠᠩᠬᠠᠢ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠳᠡᠭᠡᠳᠦ ᠰᠤᠷᠭᠠᠭᠤᠯᠢ᠎ᠶᠢᠨ ᠡᠷᠳᠡᠮ ᠰᠢᠨᠵᠢᠯᠡᠭᠡᠨ》᠎ᠰᠡᠳᠬᠦᠯ᠎ᠤᠨ 2025 ᠣᠨ᠎ᠤ 5 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠢᠯᠵᠢᠷᠡᠯ᠎ᠢ ᠡᠰᠡᠷᠭᠦᠴᠡᠬᠦ ᠤᠯᠤᠰ᠎ᠤᠨ ᠬᠠᠤᠯᠢ ᠲᠣᠭᠲᠠᠭᠠᠯᠲᠠ᠎ᠶᠢᠨ ᠤᠳᠤᠬᠠᠨ᠎ᠤ ᠲᠤᠯᠭᠠᠮ ᠡᠭᠦᠷᠭᠡ ᠪᠣᠯ ᠰᠢᠨ᠎ᠡ ᠬᠡᠯᠪᠡᠷᠢ᠎ᠶᠢᠨ ᠢᠯᠵᠢᠷᠡᠯ ᠪᠣᠯᠣᠨ ᠲᠠᠯᠳᠠ ᠴᠢᠨᠠᠷᠲᠠᠢ ᠢᠯᠵᠢᠷᠡᠯ᠎ᠢ ᠤᠷᠢᠳᠴᠢᠯᠡᠨ ᠰᠡᠷᠭᠡᠢᠯᠡᠨ ᠶᠠᠯᠠᠯᠠᠵᠦ ᠰᠢᠢᠳᠭᠡᠬᠦ ᠶᠠᠪᠤᠳᠠᠯ ᠪᠤᠯᠤᠨ᠎ᠠ᠂ ᠲᠡᠭᠦᠨ᠎ᠦ ᠵᠠᠩᠭᠢᠯᠠᠭ᠎ᠠ ᠨᠢ ᠢᠯᠵᠢᠷᠡᠯ᠎ᠢ ᠡᠰᠡᠷᠭᠦᠴᠡᠬᠦ ᠤᠯᠤᠰ᠎ᠤᠨ ᠬᠠᠤᠯᠢ ᠲᠣᠭᠲᠠᠭᠠᠯᠲᠠ᠎ᠶᠢ ᠭᠦᠨᠵᠡᠭᠡᠢᠷᠡᠭᠦᠯᠬᠦ᠎ᠪᠡᠷ ᠳᠠᠮᠵᠢᠭᠤᠯᠵᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠎ᠶᠢᠨ ᠪᠣᠳᠠᠲᠤ ᠦᠷ᠎ᠡ ᠪᠦᠲᠦᠮᠵᠢ᠎ᠶᠢ ᠴᠢᠩᠭᠠᠳᠬᠠᠬᠤ᠎ᠳᠤ ᠪᠤᠢ ᠭᠡᠵᠦ ᠵᠢᠭᠠᠵᠤ ᠭᠠᠷᠭᠠᠪᠠ᠃ ᠱᠠᠲᠤ ᠦᠶ᠎ᠡ᠎ᠶᠢᠨ ᠴᠢᠨᠠᠷᠲᠠᠢ ᠡᠭᠦᠷᠭᠡ᠎ᠶᠢᠨ ᠲᠠᠯ᠎ᠠ᠎ᠠᠴᠠ ᠠᠪᠴᠤ ᠬᠡᠯᠡᠪᠡᠯ᠂ ᠢᠯᠵᠢᠷᠠᠯ᠎ᠢ ᠡᠰᠡᠷᠭᠦᠴᠡᠬᠦ ᠤᠯᠤᠰ᠎ᠤᠨ ᠬᠠᠤᠯᠢ ᠲᠣᠭᠲᠠᠭᠠᠯᠲᠠ᠎ᠨᠢ  ᠬᠢᠨᠠᠨ ᠪᠠᠢᠴᠠᠭᠠᠬᠤ ᠬᠠᠤᠯᠢ ᠲᠣᠭᠲᠠᠭᠠᠬᠤ ᠶᠠᠪᠤᠴᠠ᠎ᠳᠠᠬᠢ ᠡᠷᠬᠡ᠎ᠶᠢ ᠬᠢᠵᠠᠭᠠᠷᠯᠠᠬᠤ ᠪᠠ ᠡᠷᠬᠡ᠎ᠶᠢ ᠪᠠᠲᠤᠯᠠᠬᠤ ᠵᠡᠷᠭᠡ ᠬᠦᠴᠦᠨ ᠵᠦᠢᠯ᠎ᠢ ᠠᠩᠬᠠᠷᠬᠤ ᠬᠡᠷᠡᠭᠲᠡᠢ᠃ ᠢᠷᠡᠭᠡᠳᠦᠢ᠎ᠳᠦ ᠢᠯᠵᠢᠷᠠᠯ᠎ᠢ ᠡᠰᠡᠷᠭᠦᠴᠡᠬᠦ ᠤᠯᠤᠰ᠎ᠤᠨ ᠬᠠᠤᠯᠢ ᠲᠣᠭᠲᠠᠭᠠᠯᠲᠠ᠎ᠳᠤ 《ᠰᠠᠬᠢᠯᠭ᠎ᠠ ᠪᠠᠲᠤ᠎ᠶᠢ ᠬᠠᠤᠯᠢ ᠴᠠᠭᠠᠵᠠ᠎ᠶᠢᠨ ᠡᠮᠦᠨ᠎ᠡ ᠲᠠᠯᠪᠢᠵᠤ᠂ ᠰᠠᠬᠢᠯᠭ᠎ᠠ ᠪᠠᠲᠤ᠎ᠶᠢ ᠬᠠᠤᠯᠢ ᠴᠠᠭᠠᠵᠠ᠎ᠠᠴᠠ ᠴᠢᠩᠭ᠎ᠠ ᠪᠠᠢᠯᠭᠠᠬᠤ》 ᠦᠨᠳᠦᠰᠦᠨ ᠰᠡᠳᠬᠢᠮᠵᠢ᠎ᠶᠢ ᠲᠣᠳᠣᠷᠬᠠᠢ ᠪᠣᠯᠭᠠᠬᠤ ᠬᠡᠷᠡᠭᠲᠡᠢ᠃ 2024 ᠣᠨ᠎ᠳᠤ 《ᠬᠢᠨᠠᠨ ᠪᠠᠢᠴᠠᠭᠠᠬᠤ ᠬᠠᠤᠯᠢ》᠎ᠳ᠋ᠤ᠌ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ 《ᠰᠠᠬᠢᠯᠭ᠎ᠠ ᠪᠠᠲᠤ ᠬᠠᠤᠯᠢ ᠴᠠᠭᠠᠵᠠ᠎ᠶᠢ ᠨᠡᠪᠲᠡᠷᠡᠯᠴᠡᠭᠦᠯᠬᠦ 》 ᠲᠡᠰ ᠲᠠᠷᠠᠭᠠᠯᠠᠯ᠎ᠤᠨ ᠵᠢᠯᠣᠭᠣᠳᠤᠯᠭ᠎ᠠ᠎ᠶᠢ ᠤᠯᠠᠮ ᠴᠢᠩᠭᠠᠳᠬᠠᠵᠤ᠂ ᠨᠠᠮ᠎ᠤᠨ ᠬᠢᠨᠠᠯᠲᠠ ᠲᠠᠯᠪᠢᠬᠤ ᠵᠢ ᠪᠠᠲᠤᠯᠠᠬᠤ ᠬᠠᠤᠯᠢ ᠲᠦᠷᠢᠮ ᠡᠴᠡ  ᠲᠣᠭᠲᠠᠭᠠᠭᠰᠠᠨ ᠰᠢᠨᠵᠢᠯᠡᠬᠦ ᠤᠬᠠᠭᠠᠨᠴᠢ ᠴᠢᠨᠠᠷ ᠪᠠ ᠠᠪᠴᠠᠯᠳᠤᠩᠭᠤᠢ ᠴᠢᠨᠠᠷ᠎ᠢ ᠳᠡᠭᠡᠭᠰᠢᠯᠡᠭᠦᠯᠵᠦ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠎ᠤᠨ ᠬᠠᠤᠯᠢ ᠲᠣᠭᠲᠠᠭᠠᠯᠲᠠ ᠵᠢᠨ ᠢᠷᠡᠯᠲᠡ ᠪᠣᠯᠬᠤ ᠰᠠᠬᠢᠯᠭ᠎ᠠ ᠪᠠᠲᠤ᠎ᠶᠢᠨ ᠬᠢᠵᠠᠭᠠᠷᠯᠠᠯ᠎ᠤᠨ ᠦᠢᠯᠡᠳᠦᠯ᠎ᠢ ᠴᠢᠩᠭᠠᠳᠬᠠᠵᠦ᠂ ᠢᠯᠵᠢᠷᠠᠯ᠎ᠢ ᠡᠰᠡᠷᠭᠦᠴᠡᠬᠦ ᠣᠯᠠᠨ ᠤᠯᠤᠰ᠎ᠤᠨ ᠬᠠᠮᠲᠤᠷᠠᠯᠴᠠᠭᠠᠨ᠎ᠤ ᠶᠠᠪᠤᠴᠠ ᠵᠢᠨ ᠳᠡᠰ ᠳᠠᠷᠠᠭᠠᠯᠠᠯ ᠎ᠤᠨ ᠳᠦᠷᠢᠮ᠎ᠢ ᠦᠭᠡᠷᠡᠴᠢᠯᠡᠨ ᠰᠠᠢᠵᠢᠷᠠᠭᠤᠯᠪᠠ᠃ 《ᠡᠷᠡᠭᠦᠦ᠎ᠶᠢᠨ ᠵᠠᠷᠭᠤ᠎ᠶᠢᠨ ᠬᠠᠤᠯᠢ》᠎ᠳᠤ ᠵᠠᠰᠠᠪᠤᠷᠢ ᠣᠷᠣᠭᠤᠯᠬᠤ ᠪᠡᠷ ᠠᠬᠤᠢ ᠪᠠᠢᠳᠠᠯ ᠪᠣᠯᠭᠠᠵᠤ᠂ 《ᠡᠯ᠎ᠡ ᠵᠦᠢᠯ ᠎ᠤᠨ ᠬᠠᠤᠯᠢ᠎ᠶᠢ ᠵᠣᠯᠭᠠᠯᠳᠤᠭᠤᠯᠬᠤ》 ᠶᠠᠪᠤᠴᠠ᠎ᠳᠤ᠂ ᠤᠳᠤ᠎ᠶᠢᠨ ᠬᠡᠷᠡᠭᠵᠢᠭᠦᠯᠵᠦ ᠪᠠᠢᠭ᠎ᠠ ᠬᠠᠤᠯᠢ ᠲᠣᠭᠲᠠᠭᠠᠯᠲᠠ᠎ᠨᠢ ᠡᠷᠭᠡᠪᠰᠢ ᠬᠢᠨᠠᠨ ᠪᠠᠢᠴᠠᠭᠠᠬᠤ  ᠵᠢ  ᠡᠷᠡᠭᠦᠦ᠎ᠶᠢᠨ ᠵᠠᠷᠭᠤ᠎ᠶᠢᠨ ᠳᠡᠰ ᠳᠠᠷᠠᠭᠠᠯᠠᠯ ᠲᠠᠢ ᠵᠣᠯᠭᠠᠯᠳᠤᠭᠤᠯᠬᠤ ᠶᠠᠪᠤᠴᠠ ᠵᠢ ᠬᠤᠪᠢᠷᠠᠭᠤᠯᠬᠤ᠎ᠶᠢ ᠮᠥᠨ ᠯᠡ ᠴᠢᠩᠭᠠᠳᠬᠠᠵᠤ᠂ ᠬᠢᠨᠠᠨ ᠪᠠᠢᠴᠠᠭᠠᠬᠤ ᠭᠡᠷᠡᠴᠢ ᠪᠠᠷᠢᠮᠲᠠ᠎ᠶᠢ ᠡᠷᠡᠭᠦᠦ᠎ᠶᠢᠨ ᠬᠡᠷᠡᠭ᠎ᠦᠨ ᠭᠡᠷᠡᠴᠢ ᠪᠠᠷᠢᠮᠲᠠ ᠪᠣᠯᠭᠠᠨ ᠬᠡᠷᠡᠭᠯᠡᠬᠦ᠎ᠶᠢᠨ ᠪᠠᠢᠪᠠᠰᠤ ᠵᠣᠬᠢᠬᠤ ᠬᠢᠵᠠᠭᠠᠷ᠎ᠢ ᠲᠣᠳᠣᠷᠬᠠᠢᠯᠠᠬᠤ ᠬᠡᠷᠡᠭᠲᠡᠢ᠃ ᠲᠢᠩᠬᠢᠮ ᠨᠡᠭᠡᠭᠡᠬᠦ᠎ᠡᠴᠡ ᠡᠮᠦᠨᠡᠬᠢ ᠵᠥᠪᠳᠡᠯᠴᠡᠬᠦ ᠲᠣᠭᠲᠠᠴᠠ᠎ᠶᠢ ᠲᠡᠭᠦᠯᠳᠡᠷᠵᠢᠭᠦᠯᠬᠦ ᠪᠣᠳᠣᠯᠬᠢᠯᠠᠯ᠎ᠳᠤ᠂ ᠬᠣᠢᠰᠢᠳᠠ ᠪᠠᠰᠠ ᠬᠢᠨᠠᠨ ᠪᠠᠢᠴᠠᠭᠠᠬᠤ ᠬᠡᠷᠡᠭ ᠳᠠᠩᠰᠠᠯᠠᠬᠤ ᠬᠠᠷᠢᠶᠠᠯᠠᠯ᠎ᠤᠨ ᠬᠦᠷᠢᠶ᠎ᠡ ᠬᠡᠪᠴᠢᠶ᠎ᠡ᠎ᠳᠦ ᠲᠣᠬᠢᠷᠠᠭᠤᠯᠤᠯᠲᠠ ᠬᠢᠬᠦ᠂ ᠬᠢᠨᠠᠨ ᠪᠠᠢᠴᠠᠭᠠᠬᠤ ᠠᠯᠪᠠᠳᠠᠯᠭ᠎ᠠ᠎ᠶᠢᠨ ᠠᠷᠭ᠎ᠠ ᠬᠡᠮᠵᠢᠶ᠎ᠡ ᠬᠢᠭᠡᠳ ᠡᠷᠡᠭᠦᠦ᠎ᠶᠢᠨ ᠬᠡᠷᠡᠭ᠎ᠦᠨ ᠠᠯᠪᠠᠳᠠᠯᠭ᠎ᠠ᠎ᠶᠢᠨ ᠠᠷᠭ᠎ᠠ ᠬᠡᠮᠵᠢᠶ᠎ᠡ᠎ᠠᠪᠬᠤ᠎ᠵᠢ ᠵᠣᠯᠭᠠᠯᠳᠤᠭᠤᠯᠬᠤ ᠪᠣᠳᠠᠲᠠᠢ ᠬᠡᠷᠡᠭᠯᠡᠬᠦ ᠳᠦᠷᠢᠮ ᠵᠢᠴᠢ ᠬᠢᠨᠠᠨ ᠪᠠᠢᠴᠠᠭᠠᠵᠤ ᠵᠠᠭᠠᠯᠳᠤᠭᠤᠯᠬᠤ᠎ᠪᠠᠷ ᠰᠢᠯᠵᠢᠭᠦᠯᠦᠨ ᠬᠦᠷᠭᠡᠬᠦ ᠱᠠᠲᠤᠨ᠎ᠤ ᠬᠡᠷᠡᠭ᠎ᠲᠦ ᠬᠣᠯᠪᠣᠭᠳᠠᠭᠰᠠᠨ ᠵᠣᠭᠣᠰ ᠮᠥᠩᠭᠥ ᠡᠳ᠋ ᠪᠣᠳᠠᠰ᠎ᠢ ᠰᠢᠢᠳᠪᠦᠷᠢᠯᠡᠬᠦ ᠵᠡᠷᠭᠡ ᠠᠰᠠᠭᠤᠳᠠᠯ᠎ᠢ ᠤᠯᠠᠮ ᠨᠢᠭᠡ ᠠᠯᠬᠤᠮ ᠠᠩᠬᠠᠷᠬᠤ ᠬᠡᠷᠡᠭᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号