ᠲᠣᠭᠠᠴᠢᠯᠠᠭᠰᠠᠨ ᠠᠷᠠᠯᠵᠢᠶᠠᠨ᠎ᠤ ᠬᠥᠭᠵᠢᠯᠲᠡ᠎ᠶᠢᠨ ᠳᠦᠷᠢᠮ᠎ᠦᠨ ᠰᠢᠰᠲᠧᠮ᠎ᠢ ᠲᠦᠷᠭᠡᠳᠬᠡᠨ ᠲᠡᠭᠦᠯᠳᠡᠷᠵᠢᠭᠦᠯᠦᠶ᠎ᠡ
2026-04-24 10:34:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠤᠸᠠᠩ ᠬᠤᠤ᠂ ᠭᠤᠤ ᠶᠤᠸᠠᠨ 《ᠳᠤᠮᠳᠠᠳᠤ ᠤᠯᠤᠰ᠎ᠤᠨ ᠬᠥᠭᠵᠢᠯᠲᠡ᠎ᠶᠢᠨ ᠠᠵᠢᠭ᠍ᠯᠠᠯᠲᠠ》 ᠰᠡᠳᠭᠦᠯ᠎ᠤᠨ 2025 ᠣᠨ᠎ᠤ 8 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠲᠣᠭᠠᠴᠢᠯᠠᠭᠰᠠᠨ ᠠᠷᠠᠯᠵᠢᠶᠠᠨ᠎ᠤ ᠬᠥᠭᠵᠢᠯᠲᠡ᠎ᠶᠢᠨ ᠳᠦᠷᠢᠮ᠎ᠦᠨ ᠰᠢᠰᠲᠧᠮ᠎ᠢ ᠲᠦᠷᠭᠡᠨ ᠲᠡᠭᠦᠯᠳᠡᠷᠵᠢᠭᠦᠯᠬᠦ ᠪᠣᠯ ᠮᠠᠨ᠎ᠤ ᠤᠯᠤᠰ᠎ᠤᠨ ᠲᠣᠭᠠᠴᠢᠯᠠᠭᠰᠠᠨ ᠠᠷᠠᠯᠵᠢᠶᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠪᠠᠲᠤᠯᠠᠭ᠎ᠠ ᠮᠦᠨ᠃ ᠣᠳᠣᠬᠠᠨ᠎ᠳᠤ ᠳᠡᠯᠡᠬᠡᠢ ᠵᠢᠨ ᠲᠣᠭᠠᠴᠢᠯᠠᠭᠰᠠᠨ ᠠᠷᠠᠯᠵᠢᠶᠠᠨ᠎ᠤ ᠳᠦᠷᠢᠮ᠎ᠦᠨ ᠦᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠮᠠᠨ᠎ᠤ ᠤᠯᠤᠰ ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ᠎ᠲᠠᠢ ᠬᠠᠷᠢᠯᠴᠠᠨ ᠵᠣᠬᠢᠴᠠᠯᠳᠤᠬᠤ᠂ ᠣᠯᠠᠨ ᠤᠯᠤᠰ᠎ᠤᠨ ᠥᠨᠳᠥᠷ ᠪᠠᠷᠢᠮᠵᠢᠶ᠎ᠠ᠎ᠲᠠᠢ ᠬᠠᠷᠢᠯᠴᠠᠨ ᠵᠣᠯᠭᠠᠯᠳᠤᠭᠰᠠᠨ ᠲᠣᠭᠠᠴᠢᠯᠠᠭᠰᠠᠨ ᠠᠷᠠᠯᠵᠢᠶᠠᠨ᠎ᠤ ᠬᠥᠭᠵᠢᠯᠲᠡ᠎ᠶᠢᠨ ᠲᠦᠷᠢᠮ᠎ᠦᠨ ᠰᠢᠰᠲᠧᠮ᠎ᠢ ᠪᠠᠶ᠋ᠢᠭᠤᠯᠬᠤ ᠴᠢᠬᠤᠯᠠᠲᠠᠢ ᠪᠠᠢᠨ᠎ᠠ ᠭᠡᠵᠦ ᠵᠢᠭᠠᠵᠤ ᠭᠠᠷᠭᠠᠪᠠ᠃ ᠪᠣᠳᠠᠲᠠᠢ᠎ᠪᠠᠷ ᠬᠡᠯᠡᠪᠡᠯ᠂ ᠨᠢᠭᠡ᠎ᠳᠦ᠂ ᠲᠣᠭᠠᠴᠢᠯᠠᠭᠰᠠᠨ ᠠᠷᠠᠯᠵᠢᠶᠠᠨ᠎ᠤ ᠰᠠᠭᠤᠷᠢ ᠴᠢᠨᠠᠷᠲᠠᠢ ᠳᠦᠷᠢᠮ᠎ᠢ ᠪᠦᠷᠢᠨᠰᠢᠭᠦᠯᠵᠦ᠂ ᠲᠤᠭᠠᠴᠢᠯᠠᠭᠰᠠᠨ ᠠᠵᠤ ᠠᠬᠤᠢ᠎ᠶᠢ ᠠᠬᠢᠭᠤᠯᠬᠤ ᠬᠠᠤᠯᠢ᠎ᠶᠢ ᠲᠦᠷᠭᠡᠨ ᠲᠣᠭᠲᠠᠭᠠᠵᠤ᠂ ᠳ᠋ᠠᠢᠲ᠋ᠠ᠎ᠶᠢᠨ ᠥᠮᠴᠢᠯᠡᠬᠦ ᠡᠷᠬᠡ᠂ ᠭᠦᠢᠯᠭᠡᠭᠡ ᠠᠷᠠᠯᠵᠢᠶ᠎ᠠ᠂ ᠠᠰᠢᠭ᠋ ᠣᠷᠣᠯᠭ᠎ᠠ᠎ᠶᠢᠨ ᠬᠤᠪᠢᠶᠠᠷᠢᠯᠠᠯᠲᠠ ᠵᠡᠷᠭᠡ ᠳᠦᠷᠢᠮ᠎ᠦᠨ ᠲᠣᠬᠢᠷᠠᠭᠤᠯᠤᠯᠲᠠ᠎ᠶᠢ ᠲᠡᠭᠦᠯᠳᠡᠷᠵᠢᠭᠦᠯᠵᠦ᠂ ᠳ᠋ᠠᠢᠲ᠋ᠠ ᠵᠢᠨ ᠡᠯᠸᠮᠸᠨ᠋ᠲ ᠎ᠤᠨ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠤᠯᠲᠠ᠎ᠳᠤ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠨ᠎ᠠ᠃ ᠬᠤᠶᠠᠷ᠎ᠲᠦ᠂ ᠳᠡᠯᠡᠬᠡᠢ ᠵᠢᠨ ᠲᠣᠭᠠᠴᠢᠯᠠᠯᠲᠠ ᠵᠢᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠣᠯᠠᠨ ᠤᠯᠤᠰ᠎ᠤᠨ ᠥᠨᠳᠥᠷ ᠪᠠᠷᠢᠮᠵᠢᠶᠠᠲᠤ ᠲᠣᠭᠠᠴᠢᠯᠠᠭᠰᠠᠨ ᠠᠷᠠᠯᠵᠢᠶᠠᠨ᠎ᠤ ᠳᠦᠷᠢᠮ᠎ᠲᠠᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠬᠢᠯᠢ ᠠᠯᠤᠰᠯᠠᠭᠰᠠᠨ ᠳ᠋ᠠᠢᠲ᠋ᠠ᠎ᠶᠢᠨ ᠰᠢᠯᠵᠢᠯᠲᠡ᠂ ᠲᠣᠭᠠᠴᠢᠯᠠᠭᠰᠠᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢ ᠬᠠᠮᠠᠭᠠᠯᠠᠬᠤ ᠵᠡᠷᠭᠡ ᠬᠦᠷᠢᠶᠡᠨ᠎ᠳᠦ ᠳᠤᠮᠳᠠᠳᠤ ᠤᠯᠤᠰ᠎ᠤᠨ ᠲᠥᠰᠥᠯ᠎ᠢ ᠪᠣᠶ ᠪᠣᠯᠭᠠᠬᠤ ᠬᠡᠷᠡᠭᠲᠠᠢ᠃ ᠭᠤᠷᠪᠠ᠎ᠳᠤ᠂ ᠲᠣᠭᠠᠴᠢᠯᠠᠭᠰᠠᠨ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ᠎ᠶᠢᠨ ᠪᠣᠷᠣ᠌ ᠲᠥᠯᠥᠪ᠎ᠢ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠲᠣᠭ᠎ᠠ ᠪᠠᠷᠢᠮᠲᠠ᠎ᠶᠢᠨ ᠦᠢᠯᠡᠴᠢᠯᠡᠭᠡᠨ᠎ᠦ ᠠᠷᠠᠯᠵᠢᠶ᠎ᠠ ᠵᠡᠷᠭᠡ ᠰᠢᠨ᠎ᠡ ᠡᠵᠡᠩᠨᠡᠯᠲᠡ᠎ᠶᠢᠨ ᠪᠠᠢᠳᠠᠯ᠎ᠳᠤ ᠵᠣᠬᠢᠴᠠᠭᠰᠠᠨ ᠬᠢᠨᠠᠯᠲᠠ ᠬᠠᠮᠢᠶᠠᠷᠤᠯᠲᠠ᠎ᠶᠢᠨ ᠵᠠᠭᠪᠤᠷ᠎ᠢ ᠪᠠᠢᠭᠤᠯᠵᠤ᠂ 《ᠠᠭᠤᠴᠢᠯᠡᠡᠭᠭᠤᠢ  ᠬᠢᠨᠠᠮᠠᠭᠠᠢ ᠪᠠᠢᠬᠤ ᠬᠠᠮᠢᠶᠠᠷᠤᠯᠲᠠ》 ᠵᠡᠷᠭᠡ ᠱᠢᠨ᠎ᠡ ᠵᠢ ᠡᠭᠦᠳᠬᠦ ᠶᠠᠪᠤᠴᠠ ᠳ᠋ᠡᠬᠢ ᠪᠤᠷᠤᠭᠤ᠎ᠶᠢ ᠠᠭᠤᠴᠢᠯᠠᠬᠤ ᠰᠢᠨ᠎ᠡ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠳᠥᠷᠪᠡ᠎ᠳᠦ᠂ ᠤᠯᠤᠰ᠎ᠤᠨ ᠲᠣᠭᠠᠴᠢᠯᠠᠭᠰᠠᠨ ᠠᠷᠠᠯᠵᠢᠶᠠᠨ᠎ᠤ ᠵᠢᠱ᠌ᠢᠶ᠎ᠡ ᠦᠵᠡᠭᠦᠯᠬᠦ ᠣᠷᠣᠨ᠎ᠢ ᠲᠦᠷᠭᠡᠳᠬᠡᠨ ᠪᠠᠢᠭᠤᠯᠵᠤ᠂ ᠳ᠋ᠠᠢᠲ᠋ᠡ᠎ᠶᠢᠨ ᠬᠢᠯᠢ ᠠᠯᠤᠰᠯᠠᠨ ᠰᠢᠯᠵᠢᠬᠦ᠂ ᠲᠣᠭᠠᠴᠢᠯᠠᠭᠰᠠᠨ ᠦᠢᠯᠡᠳᠬᠦᠨ᠎ᠢ ᠵᠠᠬ᠎ᠠ ᠳᠡᠯᠭᠡᠭᠦᠷ᠎ᠲᠦ ᠵᠦᠪᠱᠢᠶᠡᠷᠡᠨ ᠤᠷᠤᠭᠤᠯᠬᠤ ᠵᠡᠷᠭᠡ ᠲᠠᠯ᠎ᠠ᠎ᠵᠢᠨ ᠳᠠᠷᠤᠯᠲᠠ᠎ᠶᠢᠨ ᠰᠤᠷᠢᠯᠲᠠ᠎ᠶᠢ ᠥᠷᠨᠢᠭᠦᠯᠵᠦ᠂ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠳᠦᠷᠢᠮ᠎ᠦᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠦᠷᠢᠯᠳᠦᠭᠦᠯᠦᠨ᠎ᠡ᠃ ᠲᠠᠪᠤ᠎ᠳᠤ᠂ ᠲᠣᠭᠠᠴᠢᠯᠠᠭᠰᠠᠨ ᠠᠷᠠᠯᠵᠢᠶᠠᠨ᠎ᠤ ᠪᠦᠷᠢᠳᠬᠡᠵᠦ ᠬᠢᠨᠠᠨ ᠬᠡᠮᠵᠢᠬᠦ ᠰᠢᠰᠲᠧᠮ᠎ᠢ ᠪᠠᠢᠭᠤᠯᠵᠤ᠂ ᠰᠢᠨᠵᠢᠯᠡᠬᠦ ᠤᠬᠠᠭᠠᠨᠴᠢ ᠲᠣᠭᠠᠴᠢᠯᠠᠭᠰᠠᠨ ᠠᠷᠠᠯᠵᠢᠶᠠᠨ᠎ᠤ ᠨᠡᠮᠡᠭᠳᠡᠯ ᠦᠷᠳᠡᠭ᠎ᠦᠨ ᠲᠣᠭᠠᠴᠠᠭ᠎ᠠ ᠬᠢᠬᠦ ᠠᠷᠭ᠎ᠠ᠎ᠶᠢ ᠬᠡᠷᠡᠭᠯᠡᠵᠦ᠂ ᠲᠦᠷᠦ᠎ᠶᠢᠨ ᠪᠣᠳᠣᠯᠭ᠎ᠠ ᠲᠣᠭᠲᠠᠭᠠᠬᠤ᠎ᠳᠤ ᠳ᠋ᠠᠢᠲ᠋ᠡ᠎ᠶᠢᠨ ᠲᠤᠯᠭᠠᠭᠤᠷᠢᠯᠠᠯ ᠬᠠᠩᠭᠠᠨ᠎ᠠ᠃ ᠰᠢᠰᠲᠧᠮᠲᠦ ᠴᠢᠨᠠᠷᠲᠠᠢ ᠳᠦᠷᠢᠮ᠎ᠦᠨ ᠰᠢᠨ᠎ᠡ᠎ᠶᠢ ᠡᠭᠦᠳᠬᠦ᠎ᠪᠡᠷ ᠳᠡᠮᠵᠢᠨ ᠳ᠋ᠠᠢᠲ᠋ᠡ᠎ᠶᠢᠨ ᠠᠮᠤᠷ ᠲᠦᠪᠰᠢᠨ᠎ᠢ ᠡᠵᠡᠮᠳᠡᠵᠦ ᠪᠣᠯᠬᠤ᠎ᠶᠢ ᠪᠠᠲᠤᠯᠠᠵᠤ᠂ ᠲᠣᠭᠠᠴᠢᠯᠠᠭᠰᠠᠨ ᠠᠷᠠᠯᠵᠢᠶᠠᠨ᠎ᠤ ᠴᠢᠯᠦᠭᠡᠵᠢᠯᠲᠡ ᠳᠥᠭᠥᠮᠵᠢᠯᠲᠡ᠎ᠶᠢ ᠠᠬᠢᠭᠤᠯᠵᠤ᠂ ᠡᠴᠦᠰ᠎ᠲᠡᠬᠡᠨ ᠣᠯᠠᠨ ᠤᠯᠤᠰ᠎ᠤᠨ ᠥᠷᠢᠰᠦᠯᠳᠦᠬᠦ ᠬᠦᠴᠦᠨ᠎ᠲᠠᠢ ᠲᠣᠭᠠᠴᠢᠯᠠᠭᠰᠠᠨ ᠠᠷᠠᠯᠵᠢᠶᠠᠨ᠎ᠤ ᠬᠥᠭᠵᠢᠯᠲᠡ᠎ᠶᠢᠨ ᠠᠮᠢ ᠠᠬᠤᠢ᠎ᠶᠢ ᠪᠦᠷᠢᠯᠳᠦᠭᠦᠯᠵᠦ᠂ ᠮᠠᠨ᠎ᠤ ᠤᠯᠤᠰ᠎ᠤᠨ ᠲᠣᠭᠠᠴᠢᠯᠠᠭᠰᠠᠨ ᠠᠷᠠᠯᠵᠢᠶᠠᠨ᠎ᠤ ᠲᠣᠮᠣ᠌ ᠤᠯᠤᠰ᠎ᠠᠴᠠ ᠲᠣᠭᠠᠴᠢᠯᠠᠭᠰᠠᠨ ᠠᠷᠠᠯᠵᠢᠶᠠᠨ᠎ᠤ ᠬᠦᠴᠦᠷᠬᠡᠭ ᠤᠯᠤᠰ ᠳᠠᠢᠰᠢ ᠳᠠᠪᠰᠢᠬᠤ᠎ᠳᠤ ᠬᠦᠴᠦᠨ ᠨᠡᠮᠡᠷᠢᠯᠡᠨ᠎ᠡ᠃

 (《ᠱᠢᠨᠬᠤᠸᠠ ᠵᠤᠬᠢᠶᠠᠯ᠎ᠤᠨ ᠱᠦᠭᠦᠮᠡᠭ》 ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号