ᠰᠤᠷᠪᠤᠯᠵᠢᠯᠠᠭᠴᠢ ᠲᠦᠷᠦᠬᠦᠬᠡᠨ ᠲᠦᠩᠯᠢᠶᠣᠣ ᠬᠤᠲᠠ ᠶ᠋ᠢᠨ ᠨᠠᠢ᠍ᠮᠠᠨ ᠬᠣᠰᠢᠭᠤᠨ ᠤ᠋ ᠢ ᠯᠦᠩ ᠶᠦᠩ ᠪᠠᠯᠭᠠᠰᠤ ᠶ᠋ᠢᠨ ᠹᠠᠩ ᠵᠢᠶᠠ ᠶᠢᠩᠽᠢ ᠲᠣᠰᠬᠣᠨ ᠤ᠋ ᠲᠠᠷᠢᠶᠠᠯᠠᠩ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠲᠥᠪ ᠲᠤ᠌ ᠬᠥᠷᠬᠥ ᠳ᠋ᠤ᠂ ᠡᠯ᠎ᠡ ᠵᠥᠢᠯ ᠤ᠋ᠨ ᠲᠠᠷᠢᠶᠠᠯᠠᠩ ᠤ᠋ᠨ ᠮᠠᠰᠢᠨ ᠬᠡᠷᠡᠭᠰᠡᠯ ᠢ᠋ ᠬᠥᠷᠢᠶ᠎ᠡ ᠳᠥᠭᠥᠷᠡᠩ ᠬᠦᠮᠦᠷᠭᠡ ᠳᠦᠭᠦᠷᠡᠩ ᠨᠦᠭᠡᠴᠡᠯᠡᠵᠦ᠂ ᠬᠠᠪᠤᠷ ᠤ᠋ᠨ ᠲᠠᠷᠢᠶᠠᠯᠠᠭ᠎ᠠ ᠳ᠋ᠤ ᠡᠷᠴᠢᠮᠳᠠᠢ ᠠᠷᠤ ᠲᠠᠯ᠎ᠠ ᠶ᠋ᠢᠨ ᠪᠠᠳᠤᠯᠠᠭ᠎ᠠ ᠬᠠᠩᠭᠠᠨ᠎ᠠ᠃

ᠲᠤᠰ ᠲᠥᠪ ᠨᠢ 《ᠨᠢᠭᠡ ᠶ᠋ᠢ ᠬᠤᠪᠢᠷᠠᠭᠤᠯᠵᠤ᠂ ᠭᠤᠷᠪᠠ ᠶ᠋ᠢ ᠤᠯᠵᠠᠪᠤᠷᠢ ᠲᠠᠢ ᠪᠤᠯᠭᠠᠬᠤ》ᠵᠠᠭᠪᠤᠷ ᠶ᠋ᠢᠡᠷ ᠲᠠᠷᠢᠶᠠᠯᠠᠩ ᠦᠢᠯᠡᠳᠪᠤᠷᠢᠯᠡᠯ ᠳ᠋ᠤ ᠪᠦᠬᠦ ᠶᠠᠪᠤᠴᠠ ᠶ᠋ᠢᠨ ᠶᠡᠷᠦᠩᠬᠡᠢᠯᠡᠭᠰᠡᠨ ᠦᠢᠯᠡᠴᠢᠯᠡᠭᠡ ᠬᠠᠩᠭᠠᠬᠤ ᠰᠢᠰᠲᠧᠮ ᠢ᠋ ᠰᠦᠪᠡᠭᠴᠢᠯᠡᠨ ᠪᠠᠢᠭᠤᠯᠵᠤ᠂ 2025 ᠣᠨ ᠳ᠋ᠤ ᠲᠠᠷᠢᠶᠠᠯᠠᠩ ᠤ᠋ᠨ ᠬᠡᠷᠡᠭᠰᠡᠯ ᠢ᠋ ᠨᠢᠭᠡᠳᠦᠯᠲᠡᠢ ᠬᠤᠳᠠᠯᠳᠤᠨ ᠠᠪᠬᠤ ᠠᠷᠭ᠎ᠠ ᠪᠡᠷ ᠲᠠᠷᠢᠶᠠᠯᠠᠬᠤ ᠡᠷᠦᠬᠡ ᠶ᠋ᠢᠨ ᠦᠪᠡᠷ ᠤ᠋ᠨ ᠦᠷᠳᠡᠭ ᠢ᠋ ᠨᠡᠢᠳᠡ 480 ᠲᠦᠮᠡᠨ ᠲᠥᠭᠥᠷᠢᠭ ᠠᠷᠪᠢᠯᠠᠨ ᠦᠭᠴᠤ᠂ ᠲᠣᠰᠬᠣᠨ ᠤ᠋ ᠬᠠᠮᠲᠤ ᠶ᠋ᠢᠨ ᠡᠵᠡᠩᠨᠡᠯᠲᠡ ᠶ᠋ᠢᠨ ᠴᠢᠨᠠᠷᠲᠠᠢ ᠣᠷᠣᠯᠭ᠎ᠠ ᠶ᠋ᠢ 100 ᠲᠦᠮᠡᠨ ᠲᠥᠭᠥᠷᠢᠭ ᠢ᠋ ᠳᠠᠪᠠᠭᠤᠯᠪᠠ᠃

ᠲᠤᠰ ᠲᠦᠪ ᠤ᠋ᠨ ᠨᠢᠭᠡ ᠥᠷᠲᠡᠭᠡᠴᠢᠯᠡᠭᠰᠡᠨ ᠬᠡᠯᠪᠡᠷᠢ ᠶ᠋ᠢᠨ ᠲᠤᠰᠬᠠᠢᠵᠢᠭ᠍ᠰᠠᠨ ᠶᠡᠷᠦᠩᠬᠡᠢᠯᠡᠭᠰᠡᠨ ᠦᠢᠯᠡᠴᠢᠯᠡᠭᠡ ᠨᠢ ᠹᠠᠩ ᠵᠢᠶᠠ ᠶᠢᠩᠽᠢ ᠲᠣᠰᠬᠣᠨ ᠤ᠋ 3 ᠵᠢᠯ ᠳᠠᠷᠠᠭᠠᠯᠠᠨ ᠵᠡᠭᠦᠨ ᠬᠣᠢᠲᠤ ᠶ᠋ᠢᠨ ᠬᠠᠪᠤᠷ ᠤ᠋ᠨ ᠡᠷᠳᠡᠨᠢ ᠰᠢᠰᠢ ᠲᠠᠷᠢᠬᠤ ᠣᠷᠣᠨ ᠤ᠋ ᠲᠦᠮᠡᠨ ᠮᠦ᠍ ᠶ᠋ᠢᠨ ᠲᠠᠯᠠᠪᠠᠢ ᠨᠢᠭᠡᠴᠢ ᠶ᠋ᠢᠨ ᠤᠨᠠᠯᠲᠠ ᠶ᠋ᠢᠨ ᠲᠡᠮᠳᠡᠭᠯᠡᠯ ᠢ᠋ ᠰᠢᠨᠡᠳᠬᠡᠭᠰᠡᠨ 《ᠨᠢᠭᠤᠴᠠ ᠵᠤᠷ》 ᠪᠣᠯᠵᠤ᠂ ᠹᠠᠩ ᠵᠢᠶᠠ ᠶᠢᠩᠽᠢ ᠲᠣᠰᠬᠣᠨ ᠢ᠋ ᠪᠦᠬᠦ ᠤᠯᠤᠰᠤᠨ 10 ᠲᠦᠮᠡᠨ ᠮᠦ᠍ ᠶ᠋ᠢᠨ 《ᠲᠣᠨ ᠤ᠋ ᠤᠨᠠᠯᠳᠠᠳᠤ ᠲᠠᠷᠢᠶ᠎ᠠ》 ᠵᠢᠨ ᠭᠤᠤᠯᠯᠠᠬᠤ ᠣᠷᠣᠨ ᠪᠤᠯᠭᠠᠵᠠᠢ᠃