ᠥᠪᠥᠷ ᠮᠣᠩᠭᠣᠯ ᠭᠤᠤᠯ ᠮᠥᠷᠡᠨ ᠨᠠᠭᠤᠷ ᠴᠥᠭᠥᠷᠥᠮ ᠤ᠋ᠨ ᠡᠷᠡᠭᠦᠯ ᠮᠡᠨᠳᠦ᠍ ᠢ᠋ᠢᠨ ᠠᠡᠭᠬᠠᠨ ᠤ᠋ ᠦᠨᠡᠯᠡᠯᠲᠡ ᠢ᠋ᠢ ᠪᠡᠶᠡᠯᠡᠭᠦᠯᠪᠡ
2026-04-24 10:17:56
ᠵᠣᠬᠢᠶᠠᠭ᠍ᠴᠢ᠄
​ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠲᠦᠷᠢᠮ ᠤ᠋ᠨ ᠠᠯᠪᠠᠨ ᠬᠡᠷ ᠤᠢᠷ᠎ᠠ ᠳ᠋ᠤ ᠪᠦᠬᠦ ᠤᠷᠤᠨ ᠤ᠋ ᠭᠤᠤᠯ ᠮᠥᠷᠡᠨ ᠨᠠᠭᠤᠷ ᠴᠥᠭᠥᠷᠥᠮ ᠤ᠋ᠨ ᠡᠷᠡᠭᠦᠯ ᠮᠡᠨᠳᠦ᠍ ᠢ᠋ᠢᠨ ᠠᠡᠭᠬᠠᠨ ᠤ᠋ ᠦᠨᠡᠯᠡᠯᠲᠡ ᠢ᠋ᠢ ᠪᠠᠶᠠᠯᠠᠭᠦᠯᠵᠤ᠂ ᠨᠡᠢᠳᠡ 2894 ᠭᠤᠤᠯ ᠮᠥᠷᠡᠨ ᠨᠠᠭᠤᠷ ᠴᠥᠭᠥᠷᠥᠮ ᠳ᠋ᠤ ᠬᠣᠯᠪᠣᠭ᠍ᠳᠠᠨ᠂ ᠪᠦᠷᠢᠨ ᠪᠦᠲᠦᠨ ᠭᠤᠤᠯ ᠮᠥᠷᠡᠨ ᠨᠠᠭᠤᠷ ᠴᠥᠭᠥᠷᠥᠮ ᠤ᠋ᠨ ᠡᠷᠡᠭᠦᠯ ᠮᠡᠨᠳᠦ᠍ ᠢ᠋ᠢᠨ ᠲᠠᠩᠰᠠ ᠡᠪᠬᠡᠮᠡᠯ ᠢ᠋ ᠪᠠᠢᠭᠤᠯᠪᠠ᠃

ᠦᠨᠡᠯᠡᠯᠲᠡ ᠢ᠋ᠢᠨ ᠦᠷ᠎ᠡ ᠳ᠋ᠦᠩ ᠢ᠋ ᠦᠨᠳᠦᠰᠦᠯᠡᠪᠡᠯ᠂ ᠤᠳᠤ ᠥᠪᠥᠷ ᠮᠣᠩᠭᠣᠯ ᠳ᠋ᠤ 47 ᠡᠷᠡᠭᠦᠯ ᠪᠤᠰᠤ ᠭᠤᠤᠯ ᠮᠥᠷᠡᠨ ᠨᠠᠭᠤᠷ ᠴᠥᠭᠥᠷᠥᠮ ᠲᠠᠢ ᠪᠠᠢᠵᠤ᠂ ᠥᠪᠡᠷᠲᠡᠭᠡᠨ ᠵᠠᠰᠠᠬᠤ ᠣᠷᠣᠨ ᠤ᠋ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠠᠯᠪᠠᠨ ᠬᠡᠷ ᠡᠭᠦᠨ ᠤ᠋ ᠳᠣᠲᠣᠷᠠᠬᠢ 40 ᠳ᠋ᠤᠨᠢ ᠰᠡᠷᠡᠮᠵᠢᠯᠡᠭᠦᠯᠬᠦ᠌ ᠮᠡᠳᠡᠭᠡ ᠵᠠᠩᠭᠢ ᠨᠡᠢᠲᠡᠯᠡᠵᠦ᠍᠂ ᠣᠷᠣᠨ ᠨᠤᠲᠤᠭ ᠤ᠋ᠨ ᠬᠠᠮᠢᠶ᠎ᠠ ᠪᠥᠬᠥᠶ ᠨᠢᠭᠡᠴᠢ ᠢ᠋ᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠡᠷᠡᠬᠦᠯ ᠪᠤᠰᠤ ᠭᠤᠤᠯ ᠮᠥᠷᠡᠨ ᠨᠠᠭᠤᠷ ᠴᠥᠭᠥᠷᠥᠮ ᠢ᠋ ᠬᠠᠮᠠᠭᠠᠯᠠᠨ ᠵᠠᠰᠠᠬᠤ ᠣᠨᠣᠪᠴᠢᠲᠠᠶ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠵᠢ ᠱᠠᠭᠠᠷᠳᠠᠵᠠᠢ᠃

ᠣᠢᠯᠠᠭᠠᠭ᠍ᠰᠠᠨ ᠢ᠋ᠢᠡᠷ᠂ ᠮᠠᠨ ᠤ᠋ ᠤᠷᠤᠨ 2023 ᠣᠨ ᠡᠴᠡ ᠡᠬᠢᠯᠡᠨ ᠭᠤᠤᠯ ᠮᠥᠷᠡᠨ ᠨᠠᠭᠤᠷ ᠴᠥᠭᠥᠷᠥᠮ ᠤ᠋ᠨ ᠡᠷᠡᠭᠦᠯ ᠮᠡᠨᠳᠦ᠍ ᠢ᠋ᠢᠨ ᠦᠨᠡᠯᠡᠯᠲᠡ ᠢ᠋ᠢᠨ ᠠᠵᠢᠯ ᠢ᠋ ᠡᠮᠬᠢ ᠵᠢᠷᠤᠮ ᠲᠠᠢ ᠠᠬᠢᠭᠤᠯᠵᠤ᠂ ᠠᠳᠠᠯᠢ ᠪᠤᠰᠤ ᠲᠥᠷᠥᠯ ᠤ᠋ᠨ ᠭᠤᠤᠯ ᠮᠥᠷᠡᠨ ᠨᠠᠭᠤᠷ ᠴᠥᠭᠥᠷᠥᠮ ᠳ᠋ᠤ ᠴᠢᠭ᠌ᠯᠡᠭᠦᠯᠦᠨ《ᠡᠷᠭᠢ ᠢ᠋ᠢᠨ ᠱᠤᠭᠤᠮ》᠂ 《ᠤᠰᠤ》᠂ ᠠᠮᠢᠳᠤ ᠪᠣᠳᠠᠰ ᠪᠠ ᠨᠡᠢᠭᠡᠮ ᠤ᠋ᠨ ᠦᠶ᠋ᠯᠡᠴᠢᠯᠡᠭᠡᠨ ᠤ᠋ ᠴᠢᠳᠠᠮᠵᠢ ᠵᠡᠷᠭᠡ 4 ᠲᠠᠯ᠎ᠠ ᠡᠴᠡ ᠬᠠᠷᠠᠭᠠᠯᠵᠠᠭ᠍ᠰᠠᠨ ᠭᠦᠶ᠋ᠴᠡᠳᠭᠡᠯ ᠲᠣᠭ᠎ᠠ ᠢ᠋ᠢ ᠰᠣᠩᠭᠣᠵᠤ᠂ ᠬᠡᠮᠵᠢᠶᠡᠵᠢᠭᠦᠯᠦᠨ ᠬᠤᠪᠢ ᠣᠯᠭᠣᠬᠤ ᠪᠠ ᠶᠡᠷᠦᠩᠬᠡᠢᠯᠡᠭᠰᠡᠨ ᠦᠨᠡᠯᠡᠯᠲᠡ ᠬᠢᠪᠠ᠃ ᠣᠳᠣᠬᠠᠨ ᠳ᠋ᠤ ᠪᠦᠬᠦ ᠤᠷᠤᠨ ᠤ᠋ ᠭᠤᠤᠯ ᠮᠥᠷᠡᠨ ᠨᠠᠭᠤᠷ ᠴᠥᠭᠥᠷᠥᠮ ᠤ᠋ᠨ ᠡᠷᠡᠭᠦᠯ ᠮᠡᠨᠳᠦ᠍ ᠢ᠋ᠢᠨ ᠰᠠᠭᠤᠷᠢ ᠲᠣᠭ᠎ᠠ ᠢ᠋ᠢ ᠦᠨᠳᠦᠰᠦᠨ ᠳ᠋ᠡᠭᠡᠨ ᠲᠣᠳᠣᠷᠬᠠᠶ ᠪᠤᠯᠭᠠᠵᠤ᠂《ᠨᠠᠷᠢᠨ ᠣᠨᠣᠴᠠᠲᠠᠶ ᠪᠠᠢᠴᠠᠭᠠᠯᠲᠠ ᠬᠢᠵᠤ ᠡᠪᠡᠳᠴᠢᠨ ᠳ᠋ᠤᠨᠢ ᠲᠠᠭᠠᠷᠠᠭᠤᠯᠤᠨ ᠵᠣᠷ ᠭᠠᠷᠭᠠᠬᠤ》᠂ 《ᠨᠢᠭᠡ ᠭᠤᠤᠯ(ᠨᠠᠭᠤᠷ)ᠳ᠋ᠦ᠍ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠳ᠋ᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号