ᠲᠦᠷᠦᠬᠦᠬᠡᠨ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠠᠴᠠ ᠭᠣᠣᠯᠯᠠᠨ ᠡᠷᠭᠢᠯᠡᠭᠰᠡᠨ 2026 ᠣᠨ᠎ᠤ ᠪᠥᠬᠥ ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠰᠠᠭᠰᠤᠨ ᠪᠥᠮᠪᠥᠭᠡ᠎ᠶᠢᠨ ᠤᠷᠤᠯᠳᠤᠭᠠᠨ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠡᠬᠢ ᠬᠤᠪᠢᠶᠠᠷᠢ ᠰᠤᠷᠭᠠᠭᠤᠯᠢ᠎ᠳᠤ ᠶᠠᠪᠤᠬᠳᠠᠪᠠ᠃ ᠤᠷᠤᠯᠳᠤᠭᠠᠨ ᠨᠢ 《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠣᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠤᠳ᠎ᠢ ᠴᠢᠭᠢᠷᠠᠭᠵᠢᠭᠤᠯᠬᠤ ᠠᠵᠢᠯᠯᠠᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠬᠤ᠎ᠵᠢ ᠵᠤᠷᠢᠪᠠ᠃
ᠲᠣᠰ ᠤᠳᠠᠭᠠᠨ ᠤ ᠤᠷᠤᠯᠳᠤᠭᠠᠨ᠎ᠳᠤ ᠨᠡᠶ᠋ᠢᠲᠡ 63 ᠪᠦᠯᠬᠦᠮ᠂ 742 ᠲᠠᠮᠢᠷᠴᠢᠨᠤᠷᠤᠯᠴᠠᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠵᠡᠷᠭᠡ ᠭᠤᠷᠪᠠᠨ ᠳᠤᠭᠤᠢᠯᠠᠩ ᠬᠤᠪᠢᠶᠠᠵᠠᠢ᠂ ᠡᠭᠦᠨ᠎ᠳᠦ ᠪᠠᠭ᠎ᠠ ᠰᠤᠷᠭᠠᠭᠤᠯᠢ᠎ᠶᠢᠨ ᠳᠤᠭᠤᠢᠯᠠᠩ ᠳ᠋ᠤ 30 ᠪᠦᠯᠬᠦᠮ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ ᠳ᠋ᠤ 17 ᠪᠦᠯᠬᠦᠮ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠶᠢᠨ ᠳᠤᠭᠤᠢᠯᠠᠩ ᠳ᠋ᠤ16 ᠪᠦᠯᠬᠦᠮ ᠤᠷᠤᠯᠴᠠᠵᠤ᠂ ᠪᠥᠬᠥ ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ ᠵᠢᠨ ᠬᠢᠨ ᠢᠳᠡᠪᠬᠢᠳᠡᠢ ᠤᠷᠤᠯᠴᠠᠵᠤ᠂ ᠤᠷᠤᠯᠳᠤᠭᠠᠨ᠎ᠤ ᠬᠡᠪᠴᠢᠶ᠎ᠠ ᠵᠢᠨ ᠰᠢᠨ᠎ᠡ ᠳᠡᠮᠳᠡᠭᠯᠡᠯ᠎ᠢ ᠡᠬᠦᠳᠪᠡ᠃ ᠲᠤᠰ ᠤᠳᠠᠭ᠎ᠠ᠎ᠶᠢᠨ ᠤᠷᠤᠯᠳᠤᠭᠠᠨ ᠨᠢ ᠪᠦᠬᠦ ᠬᠤᠳᠠ᠎ᠶᠢᠨ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠠᠵᠢᠯ᠎ᠤᠨ ᠦᠷ᠎ᠡ ᠪᠦᠲᠦᠭᠡᠯ ᠢ ᠲᠥᠪᠯᠡᠷᠡᠭᠦᠯᠦᠨ ᠰᠢᠯᠭᠠᠨ ᠦᠵᠡᠬᠦ ᠵᠢᠨ ᠳᠠᠭᠠᠤ ᠵᠠᠯᠠᠭᠤᠴᠤᠳ ᠪᠠᠭᠠᠴᠤᠳ᠎ᠤᠨ ᠵᠣᠷᠢᠭ᠋ ᠰᠠᠨᠠᠭ᠎ᠠ ᠵᠠᠩ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠪᠦᠯᠬᠦᠮ ᠨᠡᠶ᠋ᠢᠲᠡ᠎ᠶᠢᠨ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠬᠤ᠂ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ ᠰᠢᠯᠢᠳᠡᠭ ᠲᠠᠪᠴᠠᠩ᠎ᠢ ᠪᠠᠢᠭᠤᠯᠪᠠ᠃ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ 《ᠬᠥᠮᠥᠨ ᠪᠦᠬᠦᠨ ᠪᠡᠶ᠎ᠡ᠎ᠶᠢᠨ ᠲᠠᠮᠢᠷ᠎ᠲᠤ ᠣᠷᠣᠯᠴᠠᠵᠤ᠂ ᠬᠥᠮᠥᠨ ᠪᠦᠬᠦᠨ ᠡᠷᠡᠭᠦᠯ ᠴᠢᠭᠢᠷᠠᠭ᠎ᠢ ᠡᠳ᠋ᠯᠡᠬᠦ》 ᠬᠦᠨ ᠵᠤᠵᠠᠭᠠᠨ ᠠᠭᠤᠷ ᠠᠮᠢᠰᠬᠤᠯ᠎ᠢ ᠪᠦᠬᠦ ᠬᠦᠴᠦᠨ᠎ᠢᠶᠡᠷ᠎ᠢᠶᠡᠨ ᠪᠤᠢ ᠪᠣᠯᠭᠠᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠳᠤᠮᠳᠠ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠵᠤ᠂ ᠢᠳᠡᠷᠡᠭᠦᠨ᠎ᠢᠶᠡᠷ ᠦᠰᠦᠨ ᠪᠣᠢᠵᠢᠬᠤ᠎ᠳᠤ ᠬᠦᠴᠦ ᠨᠡᠮᠡᠷᠢᠯᠡᠬᠦ ᠪᠤᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号