ᠰᠤᠷᠭᠠᠨ ᠬᠥᠮᠦᠵᠢᠯ᠎ᠦᠨ ᠶᠠᠮᠤᠨ 21᠎ᠤ᠋ ᠡᠳᠦᠷ ᠤᠯᠤᠰ᠎ᠤᠨ ᠰᠤᠷᠭᠠᠨ ᠬᠥᠮᠦᠵᠢᠯ᠎ᠦᠨ ᠨᠢᠭᠡᠳᠦᠯᠲᠡᠢ ᠰᠢᠯᠭᠠᠯᠲᠠ᠎ᠶᠢᠨ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠪᠦᠷᠢᠯᠳᠦᠭᠦᠨ ᠨᠢᠭᠡᠴᠢ ᠲᠠᠢ ᠬᠠᠮᠲᠤᠷᠠᠨ᠂ 2026 ᠣᠨ᠎ᠤ ᠪᠥᠬᠥ ᠤᠯᠤᠰ᠎ᠤᠨ ᠡᠩ᠎ᠦᠨ ᠳᠡᠭᠡᠳᠦ ᠰᠤᠷᠭᠠᠭᠤᠯᠢ᠎ᠳᠦ ᠰᠣᠷᠣᠭ᠍ᠴᠢ ᠡᠯᠰᠡᠬᠦ ᠰᠢᠯᠭᠠᠯᠲᠠ᠎ᠶᠢᠨ ᠠᠮᠤᠷ ᠲᠦᠪᠰᠢᠨ᠎ᠦ ᠠᠵᠢᠯ᠎ᠤᠨ ᠸᠢᠳᠢᠤ᠋ ᠬᠤᠷᠠᠯ ᠬᠤᠷᠠᠯᠳᠤᠭᠤᠯᠵᠤ᠂ ᠰᠢᠯᠭᠠᠯᠲᠠ᠎ᠶᠢᠨ ᠰᠡᠳᠦᠪ ᠰᠢᠯᠭᠠᠯᠲᠠ᠎ᠶᠢᠨ ᠬᠠᠭᠤᠳᠠᠰᠤ᠎ᠶᠢᠨ ᠪᠥᠬᠥ ᠶᠠᠪᠤᠴᠠ᠎ᠶᠢᠨ ᠬᠠᠮᠢᠶᠠᠷᠤᠯᠲᠠ᠎ᠶᠢ ᠴᠢᠩᠳᠠᠯᠠᠵᠤ᠂ ᠰᠣᠨᠣᠰᠬᠤ ᠴᠢᠳᠠᠪᠤᠷᠢ᠎ᠶᠢᠨ ᠰᠢᠯᠭᠠᠯᠲᠠ᠎ᠶᠢᠨ ᠠᠮᠤᠷ ᠲᠦᠪᠰᠢᠨ᠎ᠦ ᠪᠠᠲᠤᠯᠠᠭ᠎ᠠ᠎ᠶᠢ ᠴᠢᠩᠭᠠᠳᠬᠠᠨ᠂ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠬᠡᠮ ᠬᠢᠬᠦ᠎ᠶᠢ ᠰᠡᠷᠭᠡᠢᠯᠡᠨ ᠴᠣᠬᠢᠯᠲᠠ ᠥᠭᠴᠦ᠂ ᠬᠠᠮᠢᠶ᠎ᠠ ᠪᠦᠬᠦᠢ ᠥᠭᠡᠷᠡᠴᠢᠯᠡᠯᠲᠡ᠎ᠶᠢ ᠨᠠᠢᠳᠠᠪᠤᠷᠢᠵᠢᠭᠤᠯᠬᠤ᠎ᠶᠢ ᠲᠣᠭᠲᠠᠭᠤᠨ᠎ᠢᠶᠠᠷ ᠠᠬᠢᠭᠤᠯᠬᠤ ᠬᠡᠷᠡᠭᠳᠡᠢ ᠭᠡᠵᠦ ᠱᠠᠭᠠᠷᠳᠠᠪᠠ᠃
ᠬᠤᠷᠠᠯ ᠡᠴᠡ᠂ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠵᠥᠪ ᠤᠳᠤᠷᠢᠳᠤᠮᠵᠢ᠎ᠶᠢ ᠪᠠᠲᠤ ᠡᠵᠡᠮᠳᠡᠵᠦ᠂ ᠰᠡᠳᠦᠪ ᠭᠠᠷᠭᠠᠬᠤ ᠵᠠᠷᠴᠢᠮ᠂ ᠰᠢᠯᠭᠠᠨ ᠪᠠᠢᠴᠠᠭᠠᠬᠤ ᠠᠭᠤᠯᠭ᠎ᠠ ᠵᠡᠷᠭᠡ ᠲᠠᠯ᠎ᠠ᠎ᠪᠠᠷ ᠦᠵᠡᠯ ᠰᠠᠨᠠᠭᠠᠨ᠎ᠤ ᠬᠥᠮᠦᠵᠢᠯ ᠪᠠ ᠥᠷᠲᠡᠭ᠎ᠦᠨ ᠵᠢᠯᠣᠭᠣᠳᠤᠯᠭ᠎ᠠ᠎ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ; ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠲᠥᠪ ᠭᠣᠥᠯᠴᠢ᠎ᠶᠢᠨ ᠬᠣᠷᠢᠭ᠎ᠠ ᠱᠤᠭᠤᠮ᠎ᠢ ᠪᠠᠲᠤ ᠡᠵᠡᠮᠳᠡᠵᠦ᠂ ᠲᠥᠪ ᠭᠣᠥᠯᠴᠢ᠎ᠶᠢ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠪᠥᠬᠥ ᠶᠠᠪᠤᠴᠠ᠎ᠶᠢᠨ ᠡᠯ᠎ᠡ ᠲᠠᠯ᠎ᠠ᠎ᠳᠤ ᠠᠭᠤᠰᠬᠠᠨ ᠣᠷᠣᠭᠤᠯᠵᠤ᠂ ᠡᠬᠢ ᠪᠠᠶᠠᠯᠢᠭ᠋᠎ᠤᠨ ᠤᠷᠢᠳᠴᠢᠯᠠᠭᠰᠠᠨ ᠲᠣᠬᠢᠷᠠᠭᠤᠯᠤᠯᠲᠠ᠎ᠶᠢ ᠴᠢᠩᠭᠠᠳᠬᠠᠨ᠂ ᠰᠤᠷᠭᠠᠨ ᠬᠥᠮᠦᠵᠢᠯ᠎ᠦᠨ ᠲᠥᠪ ᠭᠣᠥᠯᠴᠢ᠎ᠶᠢ ᠣᠨᠴᠠ ᠡᠷᠬᠡ᠎ᠪᠡᠷ ᠢᠳᠡᠭᠳᠡᠭᠦᠯᠬᠦ᠎ᠶᠢ ᠴᠢᠩᠭ᠎ᠠ ᠰᠡᠷᠬᠡᠢᠯᠡᠬᠦ ᠬᠡᠷᠡᠭᠳᠡᠢ; ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠰᠢᠯᠢᠨ ᠰᠣᠩᠭᠣᠬᠤ ᠪᠠᠷᠢᠮᠵᠢᠶ᠎ᠠ᠎ᠶᠢ ᠪᠠᠲᠤ ᠡᠵᠡᠮᠰᠢᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠱᠠᠭᠠᠷᠳᠠᠯᠭ᠎ᠠ ᠳ᠋ᠤ᠌ ᠠᠩᠬᠠᠷᠤᠯ᠎ᠢᠶᠠᠨ ᠲᠥᠪᠯᠡᠷᠡᠭᠦᠯᠦᠨ ᠰᠢᠯᠢᠨ ᠰᠣᠩᠭᠣᠬᠤ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ᠂ ᠳᠡᠭᠡᠳᠦ ᠰᠤᠷᠭᠠᠭᠤᠯᠢ᠎ᠶᠢ ᠪᠦᠲᠦᠮᠵᠢᠲᠡᠶ᠎ᠪᠡᠷ ᠬᠥᠲᠥᠯᠥᠨ ᠵᠢᠯᠤᠭᠣᠳᠴᠤ ᠪᠠᠢᠭᠠᠳ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ᠎ᠦᠨ ᠪᠠᠢᠷᠢᠰᠢᠭᠤᠯᠤᠯᠲᠠ᠎ᠶᠢ ᠲᠣᠬᠢᠷᠠᠭᠤᠯᠤᠨ᠂ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ᠎ᠦᠨ ᠠᠭᠤᠯᠤᠭᠳᠠᠬᠤᠨ᠎ᠢ ᠪᠠᠶᠠᠯᠢᠭ᠍ᠵᠢᠭᠤᠯᠵᠤ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠳᠠᠨ᠎ᠢ ᠨᠢᠭᠡ ᠴᠤᠭᠴᠠᠵᠢᠭᠤᠯᠤᠨ ᠬᠦᠭᠵᠢᠬᠦᠯᠬᠦ ᠵᠢ ᠳᠠᠭᠠᠭᠤᠯᠬᠤ ᠬᠡᠷᠡᠭᠳᠡᠢ ᠭᠡᠵᠦ ᠳᠤᠷᠠᠳᠪᠠ᠃
ᠬᠤᠷᠠᠯ ᠡᠴᠡ᠂ ᠰᠣᠷᠣᠭ᠍ᠴᠢ ᠡᠯᠰᠡᠬᠦ ᠠᠵᠢᠯ᠎ᠤᠨ ᠲᠦᠭᠰᠢᠭᠦᠷᠢ᠎ᠶᠢᠨ ᠴᠡᠭ᠂ ᠪᠠᠭᠤᠷᠠᠢ ᠭᠣᠭᠴᠣᠭ᠎ᠠ᠎ᠶᠢ ᠪᠥᠬᠥ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭᠴᠡᠯᠡᠨ ᠰᠠᠢᠵᠢᠷᠠᠭᠤᠯᠵᠤ᠂ ᠤᠴᠢᠷ ᠶᠠᠪᠤᠳᠠᠯ᠎ᠤᠨ ᠡᠮᠦᠨᠡᠬᠢ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠰᠣᠷᠣᠭ᠍ᠴᠢ ᠡᠯᠰᠡᠬᠦ ᠤᠬᠠᠭᠤᠯᠭ᠎ᠠ᠎ᠶᠢᠨ ᠠᠵᠢᠯ᠎ᠢ ᠦᠷᠭᠦᠯᠵᠢᠯᠡᠨ ᠴᠡᠭᠴᠡᠯᠡᠵᠦ᠂ ᠠᠰᠢᠭ᠋ ᠬᠠᠷᠠᠬᠤ᠂ ᠪᠤᠳᠤᠯᠭ᠎ᠠ ᠤᠬᠤᠷ ᠬᠠᠨᠳᠤᠰᠢ᠎ᠶᠢ ᠦᠨᠡᠨ ᠬᠦ᠌ ᠬᠤᠪᠢᠷᠠᠭᠤᠯᠬᠤ ᠬᠡᠷᠡᠭᠲᠡᠢ; ᠠᠮᠤᠷ᠎ᠢ ᠬᠠᠮᠠᠭᠠᠯᠠᠬᠤ᠂ ᠶᠠᠪᠤᠵᠤ ᠰᠠᠭᠤᠬᠤ᠂ ᠢᠳᠡᠵᠦ ᠤᠤᠭᠤᠵᠤ ᠬᠣᠨᠣᠵᠤ ᠬᠡᠪᠲᠡᠬᠦ᠂ ᠡᠷᠡᠭᠦᠯ ᠬᠠᠮᠠᠭᠠᠯᠠᠯ ᠬᠢᠵᠢᠭ᠎ᠢ ᠰᠡᠷᠭᠡᠢᠯᠡᠬᠦ ᠵᠡᠷᠭᠡ ᠲᠠᠯ᠎ᠠ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠪᠠᠲᠤᠯᠠᠭ᠎ᠠ᠎ᠶᠢ ᠴᠢᠩᠭᠠᠳᠬᠠᠵᠤ᠂ ᠡᠷᠡᠮᠡᠯᠵᠡᠯ ᠲᠠᠭᠯᠠᠨ ᠮᠡᠳᠡᠭᠦᠯᠬᠦ ᠵᠢ ᠵᠢᠯᠤᠭᠣᠳᠬᠤ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠴᠢᠩᠭᠠᠳᠬᠠᠵᠤ᠂ 《ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠤᠯᠠᠷᠢᠯ》 ᠤ᠋ᠨ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠣᠷᠴᠢᠨ ᠲᠣᠭᠣᠷᠢᠨ᠎ᠢ ᠪᠣᠶ ᠪᠤᠯᠭᠠᠬᠤ ᠬᠡᠷᠡᠭᠳᠡᠢ ᠭᠡᠵᠦ ᠱᠠᠭᠠᠷᠳᠠᠪᠠ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 4 ᠰᠠᠷ᠎ᠠ᠎ᠶᠢᠨ 21᠎ᠤ᠋ ᠴᠠᠬᠢᠯᠭᠠᠨ ᠮᠡᠳᠡᠭᠡ)