4 ᠰᠠᠷ᠎ᠠ᠎ᠶ᠋ᠢᠨ 24 ᠤ᠋ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ《ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》ᠵᠢᠨ ᠭᠣᠣᠯ ᠳᠠᠯᠠᠪᠤᠷ᠎ᠤᠨ ᠠᠵᠢᠯᠯᠠᠭ᠎ᠠ ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠵᠡᠭᠦᠨ ᠳᠦᠷᠦᠯᠵᠢ ᠪᠠᠯᠭᠠᠰᠤ᠎ᠶ᠋ᠢᠨ ᠮᠢᠩ ᠰᠢᠩ ᠲᠣᠰᠭᠣᠨ᠎ᠳᠤ ᠶᠠᠪᠤᠭ᠍ᠳᠠᠪᠠ᠃ ᠠᠵᠢᠯᠯᠠᠭ᠎ᠠ᠎ᠨᠢ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠪᠥᠬᠥ᠌ ᠲᠠᠯ᠎ᠠ᠎ᠪᠠᠷ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠤᠶ᠎ᠠ》 ᠬᠡᠬᠦ᠎ᠪᠠᠷ ᠭᠤᠤᠯ ᠰᠡᠳᠦᠪ ᠪᠣᠯᠭᠠᠵᠤ᠂ ᠣᠯᠠᠨ ᠡᠱᠢᠵᠢᠭᠰᠡᠨ ᠤᠬᠠᠭᠤᠯᠤᠨ ᠦᠶ᠋ᠯᠡᠳᠦᠯᠭᠡᠵᠢᠭᠦᠯᠬᠦ᠌ ᠠᠴᠢᠶᠠᠯᠠᠪᠤᠷᠢ᠎ᠪᠠᠷ ᠳᠠᠮᠵᠢᠨ᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠦᠨᠳᠦᠰᠦᠨ ᠱᠠᠲᠤᠨ᠎ᠳᠤ ᠬᠦᠷᠭᠡᠬᠦ᠌᠂ ᠬᠥᠮᠦᠰ᠎ᠦᠨ ᠰᠡᠳᠭᠢᠯ᠎ᠢ ᠤᠮᠳᠠᠯᠠᠬᠤ ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠤ᠋ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠷᠭᠦᠯᠵᠢᠯᠡᠨ ᠪᠠᠲᠤ ᠪᠠᠬᠢ ᠴᠣᠭ᠍ᠴᠠᠯᠠᠬᠤ ᠵᠢ ᠬᠥᠲᠥᠯᠥᠨ ᠵᠢᠯᠣᠭᠣᠳᠴᠠᠢ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ 《ᠠᠨᠠᠷ》 ᠢ᠋ᠶ᠋ᠠᠷ ᠭᠤᠤᠯ ᠰᠡᠳᠦᠪ ᠪᠤᠯᠭᠠᠬᠰᠠᠨ ᠠᠶᠠᠯᠠᠯ ᠵᠠᠮᠴᠢᠯᠠᠬᠤ᠂ ᠰᠦᠭ ᠰᠦᠨᠡᠰᠦ᠎ᠶ᠋ᠢ ᠱᠤᠭᠤᠬᠤ᠂ ᠣᠶᠤᠨ ᠤᠬᠠᠭᠠᠨ᠎ᠢ ᠨᠡᠭᠡᠭᠡᠭ᠌ᠳᠡᠭᠦᠯᠬᠦ᠂ ᠦᠶ᠋ᠯᠡᠰ᠎ᠢ ᠬᠥᠭ᠌ᠵᠢᠭᠦᠯᠬᠦ᠂ ᠭᠤᠸ᠎ᠠ ᠰᠠᠢᠬᠠᠨ᠎ᠢ ᠬᠠᠮᠲᠤ᠎ᠪᠠᠷ ᠳᠠᠭᠠᠰᠢᠶᠠᠬᠤ᠂ ᠠᠮᠤᠷ ᠠᠮᠤᠭᠤᠯᠠᠩ᠂ ᠣᠭ᠌ᠶᠤ ᠨᠣᠭᠣᠭᠠᠨ᠂ ᠬᠠᠷᠢᠯᠴᠠᠨ ᠱᠢᠭᠢᠳᠬᠦ᠂ ᠰᠡᠳᠭᠢᠯ᠎ᠢ ᠳᠤᠯᠠᠭᠠᠴᠠᠭᠤᠯᠬᠤ᠂ ᠰᠤᠷᠲᠠᠯ᠎ᠢ ᠲᠥᠪ ᠪᠣᠯᠭᠠᠬᠤ ᠵᠡᠷᠭᠡ ᠠᠷᠪᠠᠨ ᠶᠡᠬᠡ ᠬᠡᠰᠡᠭ᠎ᠢᠶᠡᠷ ᠳᠠᠮᠵᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠲᠥᠪᠯᠡᠷᠡᠭᠦᠯᠦᠨ ᠤᠬᠠᠭᠤᠯᠤᠨ ᠲᠠᠢᠯᠪᠤᠷᠢᠯᠠᠵᠤ᠂ ᠬᠢᠩᠭᠠᠨ ᠠᠢᠮᠠᠭ ᠤᠨ ᠦᠨᠳᠦᠰᠦᠲᠡᠨ ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠦᠨ ᠦᠷ᠎ᠡ ᠪᠦᠲᠦᠮᠵᠢ ᠶ᠋ᠢ ᠪᠥᠬᠥ᠌ ᠲᠠᠯ᠎ᠠ ᠪᠠᠷ ᠳᠡᠯᠭᠡᠨ ᠦᠵᠡᠭᠦᠯᠪᠡ᠃ ᠲᠤᠬᠠᠶ᠎ᠶ᠋ᠢᠨ ᠲᠠᠯᠠᠪᠠᠶ᠎ᠳᠤ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠪᠠ ᠬᠠᠷᠢᠯᠴᠠᠨ ᠦᠶ᠋ᠯᠡᠳᠦᠯᠴᠡᠬᠦ᠌ ᠤᠬᠠᠭᠤᠯᠭ᠎ᠠ ᠶ᠋ᠢ ᠵᠡᠷᠭᠡ᠎ᠪᠡᠷ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠰᠤᠯᠠ ᠠᠵᠢᠯ ᠤᠯᠬᠤ ᠵᠠᠬ᠎ᠠ ᠳᠡᠯᠭᠡᠭᠦᠷ᠎ᠦᠨ ᠮᠡᠳᠡᠭᠡ ᠵᠠᠩᠭᠢ᠂ ᠡᠷᠡᠭᠦᠯ ᠮᠡᠨᠳᠦ᠍᠎ᠶ᠋ᠢᠨ ᠠᠯᠪᠠᠨ ᠵᠢᠷᠤᠮ᠎ᠤᠨ ᠡᠮᠴᠢᠯᠡᠭᠡ᠂ ᠤᠨᠴᠠᠯᠢᠭ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠠᠨᠢᠯᠴᠠᠭᠤᠯᠬᠤ ᠵᠢᠴᠢ ᠠᠷᠢᠭᠤᠨ ᠴᠢᠬᠡᠴᠢ ᠰᠤᠷᠳᠠᠯ᠎ᠢ ᠤᠯᠠᠮᠵᠢᠯᠠᠬᠤ ᠵᠡᠷᠭᠡ ᠭᠤᠤᠯ ᠰᠡᠳᠦᠪᠲᠦ ᠤᠬᠠᠭᠤᠯᠭ᠎ᠠ᠎ᠶ᠋ᠢ ᠬᠠᠩᠭᠠᠬᠤ᠎ᠶ᠋ᠢᠨ ᠬᠠᠮᠲᠤ ᠪᠣᠳᠠᠰ᠎ᠤᠨ ᠪᠤᠰᠤ ᠰᠣᠶᠣᠯ᠎ᠤᠨ ᠥᠪ ᠢ ᠬᠠᠷᠢᠯᠴᠠᠨ ᠪᠡᠶᠡᠴᠢᠯᠡᠨ ᠣᠢᠯᠠᠭᠠᠬᠤ᠂ ᠬᠤᠪᠢᠰᠭᠠᠯ᠎ᠤᠨ ᠰᠣᠶᠣᠯ᠎ᠤᠨ ᠬᠥᠮᠦᠵᠢᠯ᠎ᠦᠨ ᠰᠠᠭᠤᠷᠢᠨ ᠭᠠᠵᠠᠷ᠎ᠲᠤ ᠲᠣᠭᠣᠷᠢᠨ ᠦᠵᠡᠬᠦ᠌᠂ ᠵᠠᠭᠤᠨ ᠮᠧᠲ᠋ᠷ ᠦᠨ ᠵᠢᠷᠤᠭ ᠢ ᠬᠠᠮᠳᠤ ᠵᠢᠷᠤᠬᠤ᠂ ᠶᠠᠩᠭᠠᠷ ᠪᠥᠵᠢᠭ ᠪᠥᠵᠢᠭ᠌ᠯᠡᠬᠦ᠌᠂ ᠦᠨᠳᠦᠰᠦᠲᠡᠨ᠎ᠦ ᠠᠵᠢᠯ᠎ᠤᠨ《ᠮᠡᠳᠡᠪᠡᠯ ᠵᠣᠬᠢᠬᠤ 》ᠮᠡᠳᠡᠯᠭᠡ᠎ᠶ᠋ᠢ ᠬᠠᠮᠲᠤ᠎ᠪᠠᠷ ᠰᠤᠷᠤᠯᠴᠠᠬᠤ ᠵᠡᠷᠭᠡ 15 ᠵᠦᠶ᠋ᠯ᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠪᠠ᠃
ᠲᠣᠰ ᠡᠳᠦᠷ᠎ᠦᠨ ᠦᠳᠡ᠎ᠶ᠋ᠢᠨ ᠬᠣᠢᠨ᠎ᠠ᠂ ᠠᠵᠢᠯᠯᠠᠭ᠎ᠠ᠎ᠶ᠋ᠢ ᠭᠤᠤᠯᠯᠠᠨ ᠡᠷᠭᠢᠯᠡᠭ᠌ᠰᠡᠨ ᠲᠠᠯ᠎ᠠ᠎ᠶ᠋ᠢᠨ᠎ᠬᠢᠨ ᠪᠠᠰᠠ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ ᠢ ᠣᠨᠴᠠᠭᠠᠢᠯᠠᠨ ᠤᠷᠢᠵᠤ ᠲᠤᠰᠭᠠᠶ ᠰᠡᠳᠦᠪᠲᠦ ᠲᠠᠢᠯᠤᠮᠵᠢ ᠬᠢᠯᠭᠡᠵᠦ᠍᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠠᠢᠮᠠᠭ ᠬᠣᠲᠠ᠎ᠶ᠋ᠢᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠵᠢᠴᠢ ᠬᠡᠰᠡᠭ ᠭᠡᠱᠢᠭᠦᠨ ᠨᠢᠭᠡᠴᠢ ᠪᠣᠯᠤᠨ ᠲᠦᠴᠢᠦᠸᠠᠨ ᠱᠢᠶᠠᠨ᠎ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠱᠢᠶᠠᠩ ᠪᠠᠯᠭᠠᠰᠤ᠂ ᠨᠡᠢᠭᠡᠮ ᠲᠣᠭᠣᠷᠢᠭ᠎ᠤᠨ ᠬᠠᠮᠢᠶ᠎ᠠ ᠪᠥᠬᠥᠶ ᠬᠠᠷᠢᠭᠤᠴᠠᠯᠭᠠᠲᠠᠨ ᠨᠥᠬᠥᠳ ᠵᠡᠷᠭᠡ ᠲᠠᠪᠤᠨ ᠱᠠᠲᠤᠨ᠎ᠤ ᠺᠠᠳ᠋ᠷ ᠠᠵᠢᠯᠲᠠᠨ ᠠᠵᠢᠯᠴᠢᠨ ᠬᠠᠮᠲᠤ ᠪᠣᠯᠪᠠᠰᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠶ ᠱᠢᠰᠲ᠋ᠧᠮ᠎ᠲᠡᠶ ᠪᠠᠢᠷᠢᠯᠠᠭᠤᠯᠤᠯᠲᠠ ᠬᠢᠵᠦ᠍᠂ ᠡᠭᠦᠷᠭᠡ᠎ᠶ᠋ᠢ ᠨᠠᠢᠳᠠᠪᠤᠷᠢᠵᠢᠭᠤᠯᠬᠤ ᠪᠠ ᠪᠥᠬᠥ᠌ ᠣᠷᠣᠨ ᠪᠦᠰᠡ᠎ᠳᠦ ᠬᠠᠤᠯᠢ ᠲᠦᠭᠡᠮᠡᠯᠵᠢᠭᠦᠯᠬᠦ᠌ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠦᠨᠳᠦᠰᠦᠲᠡᠨ ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠶ᠋ᠢ ᠳᠠᠶᠠᠭᠠᠷ ᠣᠯᠠᠨ ᠳᠤ ᠮᠡᠳᠡᠭᠦᠯᠵᠦ᠍᠂ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠪᠠ᠃
ᠡᠨᠡ ᠵᠢᠯ᠎ᠦᠨ《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ ᠤᠬᠠᠭᠤᠯᠭ᠎ᠠ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠌᠂ ᠳᠠᠮᠵᠢᠭᠤᠯᠭ᠎ᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠠᠢᠭᠤᠯᠭ᠎ᠠ᠎ᠳᠦ ᠤᠷᠤᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠨᠡᠢᠭᠡᠮ ᠲᠣᠭᠣᠷᠢᠭ᠎ᠲᠤ ᠣᠷᠣᠭᠤᠯᠬᠤ᠂ ᠭᠠᠴᠠᠭ᠎ᠠ ᠲᠣᠰᠭᠣᠨ᠎ᠳᠤ ᠣᠷᠣᠭᠤᠯᠬᠤ ᠵᠡᠷᠭᠡ《9 + N》ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠶ᠋ᠢ ᠠᠬᠢᠭᠤᠯᠬᠤ ᠬᠠᠤᠯᠢ ᠶ᠋ᠢᠨ ᠬᠠᠮ ᠵᠠᠭᠤᠴᠢᠯᠠᠭᠤᠷ᠎ᠤᠨ ᠤᠬᠠᠭᠤᠯᠭ᠎ᠠ᠂ ᠰᠦᠯᠵᠢᠶᠡᠨ ᠳᠡᠭᠡᠷ᠎ᠡ ᠠᠰᠠᠭᠤᠯᠲᠠ ᠬᠠᠷᠢᠭᠤᠯᠲᠠ ᠵᠢᠨ ᠤᠷᠤᠯᠳᠤᠭᠠᠨ ᠬᠢᠬᠦ ᠵᠡᠷᠭᠡ 6 ᠵᠦᠶ᠋ᠯ᠎ᠦᠨ ᠭᠤᠤᠯ ᠰᠡᠳᠦᠪᠲᠦ ᠠᠵᠢᠯᠯᠠᠭ᠎ᠠ ᠵᠢ ᠵᠠᠯᠭᠠᠭ᠎ᠠ᠎ᠪᠠᠷ ᠨᠡᠢᠲᠡᠯᠡᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠶ᠋ᠢ ᠠᠬᠢᠭᠤᠯᠬᠤ ᠬᠠᠤᠯᠢ᠎ᠶ᠋ᠢ ᠪᠥᠬᠥ᠌ ᠲᠠᠯ᠎ᠠ᠎ᠪᠠᠷ ᠰᠤᠷᠤᠯᠴᠠᠵᠤ ᠤᠬᠠᠭᠤᠯᠤᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠨᠢᠳᠦᠨ᠎ᠳᠦ ᠦᠵᠡᠭᠳᠡᠮ᠎ᠡ᠂ ᠰᠡᠳᠬᠢᠯ᠎ᠳᠦ ᠰᠠᠭᠤᠭᠳᠠᠮ᠎ᠠ᠂ ᠭᠠᠷ᠎ᠲᠦ ᠪᠠᠷᠢᠭᠳᠠᠮ᠎ᠠ ᠪᠠᠲᠤ ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠲᠦᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠳᠦ ᠠᠤᠭ᠎ᠠ ᠬᠦᠴᠦᠨ᠎ᠢ ᠨᠢᠭ᠍ᠲᠠᠷᠠᠭᠤᠯᠬᠤ ᠪᠤᠯᠤᠨ᠎ᠠ᠃