ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠪᠠ
2026-04-25 11:30:51
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ᠎ᠢ ᠡᠷᠭᠢᠯᠡᠵᠡᠢ


4 ᠰᠠᠷ᠎ᠠ ᠎ᠶ᠋ᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠎ᠶᠢᠨ ᠪᠠᠢᠩᠭᠤ᠎ᠶ᠋ᠢᠨ ᠬᠤᠷᠢᠶ᠎ᠠ ᠬᠤᠷᠠᠯ ᠬᠤᠷᠠᠯᠳᠤᠭᠤᠯᠵᠤ᠂ ᠪᠦᠬᠦ᠌ ᠣᠷᠣᠨ ᠎ᠤ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠎ᠦᠨ ᠠᠰᠠᠭᠤᠳᠠᠯ ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠪᠣᠭᠣᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ ᠬᠢᠬᠦ ᠠᠵᠢᠯ᠎ᠢ ᠥᠷᠨᠢᠭᠦᠯᠦᠭ᠌ᠰᠡᠨ ᠪᠠᠢᠳᠠᠯ ᠎ᠤᠨ ᠬᠠᠷᠢᠭᠤ ᠮᠡᠳᠡᠭᠦᠯᠦᠯᠲᠡ ᠎ᠶ᠋ᠢ ᠰᠣᠨᠣᠰᠴᠤ᠌᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠤᠨ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠤᠨ ᠲᠥᠰᠦᠯ》᠂  《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠤᠳᠤᠷᠢᠳᠭᠤ ᠪᠠᠭ᠎ᠤᠨ ᠰᠤᠷᠤᠯᠴᠠᠯᠭ᠎ᠠ ᠬᠥᠮᠦᠵᠢᠯ᠎ᠤᠨ ᠴᠡᠭ᠌ᠴᠡᠯᠡᠨ ᠰᠠᠢᠵᠢᠷᠠᠭᠤᠯᠬᠤ ᠴᠡᠭ᠌ᠴᠡᠯᠡᠨ ᠵᠠᠰᠠᠬᠤ ᠡᠬᠡ ᠲᠠᠩᠰᠠ》 ᠵᠢ ᠬᠢᠨᠠᠨ ᠵᠥᠪᠯᠡᠵᠦ᠍᠂ ᠬᠣᠯᠪᠣᠭ᠍ᠳᠠᠯ ᠪᠦᠬᠦᠢ ᠠᠵᠢᠯ ᠎ᠢ ᠰᠤᠳᠤᠯᠤᠨ ᠪᠠᠢᠷᠢᠯᠠᠭᠤᠯᠪᠠ᠃  ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠎ᠶ᠋ᠢᠨ ᠱᠦᠵᠢ  ᠸᠠᠩ ᠸᠧᠶ ᠵᠥᠩ  ᠬᠤᠷᠠᠯ ᠎ᠢ ᠡᠷᠭᠢᠯᠡᠪᠡ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠱᠢᠢᠳᠪᠦᠷᠢᠲᠦ ᠳᠠᠢᠯᠠᠯᠳᠤᠭᠠᠨ ᠬᠢᠵᠦ᠍ ᠱᠢᠢᠳᠪᠦᠷᠢᠲᠦ ᠢᠯᠠᠯᠲᠠ ᠤᠯᠬᠤ ᠣᠪᠣᠷ ᠪᠠᠢᠳᠠᠯ ᠪᠠ ᠠᠷᠭ᠎ᠠ ᠬᠡᠮᠵᠢᠶ᠎ᠡ ᠭᠠᠷᠭᠠᠵᠤ᠂ ᠤᠯᠠᠨ ᠲᠦᠮᠡᠨ ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠯᠠᠪᠳᠠᠭᠤᠨ ᠬᠦᠴᠦᠲᠡᠢ ᠠᠬᠢᠭᠤᠯᠵᠤ᠂ ᠪᠣᠭᠣᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ ᠬᠢᠬᠦ᠌ ᠵᠢᠯ᠎ᠳᠦ ᠨᠡᠩ ᠶᠡᠬᠡ ᠪᠣᠳᠠᠲᠤ ᠦᠷ᠎ᠡ ᠪᠦᠲᠦᠮᠵᠢ ᠤᠯᠬᠤ ᠬᠡᠷᠡᠭ᠌ᠲᠡᠢ᠃ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠥᠭᠡᠳ ᠪᠣᠳᠠᠲᠠᠢ ᠨᠠᠢᠳᠠᠪᠤᠷᠢᠵᠢᠭᠤᠯᠵᠤ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠲᠤᠬᠢᠷᠠᠭᠤᠯᠤᠨ ᠮᠥᠷᠳᠡᠵᠤ ᠬᠢᠨᠠᠯᠲᠠ ᠲᠠᠯᠪᠢᠵᠤ᠂ 《ᠨᠠᠮ ᠵᠠᠰᠠᠭ᠎ᠤᠨ ᠭᠣᠣᠯ ᠬᠠᠷᠢᠭᠤᠴᠠᠯᠭᠠᠳᠠᠨ ᠤᠷᠢᠳᠴᠢᠯᠠᠨ ᠭᠣᠣᠯᠯᠠᠨ ᠠᠳᠭᠤᠬᠤ᠂ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠲᠦᠷᠦᠭᠦᠯᠡᠨ ᠪᠦᠬᠦ᠌ ᠬᠦᠴᠦᠨ᠎ᠢᠶᠡᠷ ᠠᠬᠢᠭᠤᠯᠬᠤ᠂ ᠰᠠᠯᠠᠭ᠎ᠠ ᠮᠥᠴᠢᠷ ᠬᠠᠮᠵᠢᠯᠴᠠᠨ ᠡᠴᠦᠰ᠎ᠲᠦᠨᠢ ᠲᠤᠯᠲᠠᠯ᠎ᠠ ᠬᠢᠬᠦ᠌᠂ ᠬᠣᠲᠠ ᠱᠢᠶᠠᠨ ᠭᠣᠣᠯ ᠳᠠᠢᠯᠠᠯᠳᠤᠭᠠᠨ ᠬᠢᠵᠦ᠍ ᠬᠥᠳᠡᠭᠡ ᠲᠣᠰᠭᠣᠨ᠎ᠢ ᠠᠳᠭᠤᠨ ᠬᠥᠳᠡᠭᠡ ᠲᠣᠰᠭᠣᠨ ᠎ᠢ ᠠᠬᠢᠭᠤᠯᠬᠤ᠂ ᠠᠷᠠᠳ ᠤᠯᠠᠨ ᠥᠷᠭᠡᠨ᠎ᠢᠶᠡᠷ ᠣᠷᠣᠯᠴᠠᠬᠤ》 ᠠᠵᠢᠯ᠎ᠤᠨ ᠪᠠᠢᠷᠢᠱᠢᠯ ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠬᠡᠷᠡᠭ᠎ᠢ ᠪᠠᠢᠴᠠᠭᠠᠨ ᠱᠢᠶ᠋ᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ 《 4 + 10 + N 》 ᠠᠵᠢᠯ᠎ᠤᠨ ᠪᠠᠢᠷᠢᠯᠠᠭᠤᠯᠤᠯᠲᠠ ᠎ᠶ᠋ᠢ ᠴᠢᠩᠭ᠎ᠠ ᠠᠩᠬᠠᠷᠴᠤ᠌᠂ ᠬᠥᠳᠡᠭᠡ ᠲᠣᠰᠭᠣᠨ᠎ᠤ ᠬᠠᠮᠲᠤ᠎ᠶ᠋ᠢᠨ 《ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ》 ᠤ᠋ᠨ ᠬᠠᠮᠢᠶᠠᠷᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠨᠡᠢᠭᠡᠮ ᠲᠣᠭᠣᠷᠢᠭ᠎ᠤᠨ ᠠᠳᠠᠯ ᠠᠬᠤᠶ ᠎ᠶ᠋ᠢᠨ ᠦᠶ᠋ᠯᠡᠴᠢᠯᠡᠭᠡ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠱᠢᠶ᠋ᠳᠪᠦᠷᠢᠯᠡᠬᠦ᠌ ᠵᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠴᠢᠬᠤᠯᠠ ᠭᠠᠷᠳᠠᠴᠠ ᠪᠣᠯᠭᠠᠵᠤ᠂ ᠣᠯᠠᠨ ᠲᠦᠮᠡᠨ ᠎ᠦ ᠲᠣᠰ ᠪᠡᠶ᠎ᠡ᠎ᠶ᠋ᠢᠨ ᠠᠱᠢᠭ ᠲᠤᠰᠠ᠎ᠳᠤ ᠬᠣᠯᠪᠣᠭ᠍ᠳᠠᠭ᠍ᠰᠠᠨ ᠲᠣᠪᠣᠢᠮ᠎ᠠ ᠠᠰᠠᠭᠤᠳᠠᠯ ᠎ᠢ ᠭᠦᠨᠵᠡᠭᠡᠶ ᠦᠨᠳᠦᠰᠦᠨ᠎ᠡᠴᠡ᠎ᠨᠢ ᠱᠢᠶ᠋ᠳᠪᠦᠷᠢᠯᠡᠬᠦ᠌ ᠬᠡᠷᠡᠭ᠌ᠲᠡᠶ᠃ ᠲᠦᠷᠢᠮ ᠲᠣᠭ᠍ᠲᠠᠭᠠᠯ ᠲᠣᠭ᠍ᠲᠠᠭᠠᠬᠤ ᠪᠠ ᠲᠦᠷᠢᠮ᠎ᠢ ᠬᠡᠷᠡᠭ᠌ᠵᠢᠭᠦᠯᠬᠦ᠌᠎ᠶ᠋ᠢ ᠴᠢᠬᠤᠯᠠᠴᠢᠯᠠᠵᠤ᠂ ᠠᠰᠠᠭᠤᠳᠠᠯ ᠎ᠤᠨ ᠠᠷᠤ ᠎ᠳᠠᠬᠢ ᠲᠦᠷᠢᠮ᠎ᠦᠨ ᠠᠯᠳᠠᠭ᠎ᠠ᠂ ᠬᠢᠨᠠᠯᠲᠠ ᠬᠠᠮᠢᠶᠠᠷᠤᠯᠲᠠ᠎ᠶᠢᠨ ᠳᠤᠳᠠᠭᠳᠠᠯ᠂ ᠬᠡᠷᠡᠭ᠌ᠵᠢᠭᠦᠯᠦᠯᠲᠡ ᠎ᠶ᠋ᠢᠨ ᠳᠤᠲᠠᠭᠤᠳᠠᠯ᠎ᠢ ᠭᠦᠨᠵᠡᠭᠡᠢ ᠠᠭᠤᠳᠠᠯᠵᠤ᠂ ᠠᠰᠠᠭᠤᠳᠠᠯ ᠎ᠢ ᠱᠢᠢᠳᠪᠦᠷᠢᠯᠡᠬᠦ᠌ ᠎ᠶ᠋ᠢ ᠦᠨᠳᠦᠰᠦ᠎ᠡᠴᠡ ᠨᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ᠎ᠶᠢᠨ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠭᠦᠨᠵᠡᠭᠡᠢ ᠰᠤᠷᠤᠯᠴᠠᠬᠤ᠂ ᠦᠨᠡᠨ ᠪᠠᠢᠴᠠᠭᠠᠬᠤ᠂ ᠪᠣᠳᠠᠲᠠᠢ ᠰᠠᠢᠵᠢᠷᠠᠭᠤᠯᠬᠤ ᠳᠡᠭᠡᠷ᠎ᠡ ᠦᠷᠭᠦᠯᠵᠢᠯᠡᠨ ᠬᠦᠴᠦ᠍ ᠣᠷᠣᠭᠤᠯᠤᠨ ᠦᠷ᠎ᠡ ᠪᠦᠲᠦᠮᠵᠢ ᠭᠠᠷᠭᠠᠵᠤ᠂ ᠰᠤᠷᠤᠯᠴᠠᠯᠭ᠎ᠠ ᠬᠥᠮᠦᠵᠢᠯ ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠎ᠶ᠋ᠢ ᠠᠬᠢᠭᠤᠯᠬᠤ ᠬᠡᠷᠡᠭ᠌ᠲᠡᠢ᠃ ᠠᠰᠠᠭᠤᠳᠠᠯ᠎ᠢ ᠪᠠᠢᠴᠠᠭᠠᠨ ᠰᠠᠢᠵᠢᠷᠠᠭᠤᠯᠬᠤ ᠪᠠᠷ ᠵᠠᠩᠭᠢᠯᠠᠭ᠎ᠠ᠎ᠶ᠋ᠢᠨ ᠭᠠᠷᠳᠠᠴᠠ ᠪᠣᠯᠭᠠᠵᠤ᠂ ᠵᠠᠰᠠᠭ ᠎ᠤᠨ ᠠᠵᠢᠯ᠎ᠤᠨ ᠪᠦᠳᠦᠮᠵᠢ᠎ᠶ᠋ᠢᠨ ᠦᠵᠡᠯᠲᠡ ᠭᠡᠯᠪᠡᠢᠭᠰᠡᠨ ᠲᠤᠪᠤᠢ᠌ᠮ᠎ᠠ ᠠᠰᠠᠭᠤᠳᠠᠯ ᠎ᠢ ᠭᠦᠨᠵᠡᠭᠡᠢ ᠪᠠᠢᠴᠠᠭᠠᠨ ᠳᠡᠯᠭᠡᠵᠦ᠍᠂ ᠨᠡᠩ ᠥᠨᠳᠥᠷ ᠪᠠᠷᠢᠮᠵᠢᠶ᠎ᠠ᠂ ᠨᠡᠩ ᠶᠡᠬᠡ ᠡᠷᠴᠢᠮ᠎ᠢᠶᠡᠷ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠠᠬᠢᠭᠤᠯᠬᠤ ᠬᠡᠷᠡᠭ᠌ᠲᠡᠢ᠃ ᠴᠡᠭ᠌ᠴᠡᠯᠡᠨ ᠵᠠᠰᠠᠬᠤ᠎ᠶ᠋ᠢ ᠴᠢᠩᠭ᠎ᠠ ᠪᠣᠳᠠᠲᠠᠶ ᠠᠳᠭᠤᠵᠤ᠂ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠪᠠ ᠣᠯᠠᠨ ᠲᠦᠮᠡᠨ᠎ᠦ ᠲᠣᠰ ᠪᠡᠶ᠎ᠡ᠎ᠶ᠋ᠢᠨ ᠠᠱᠢᠭ ᠲᠤᠰᠠ᠎ᠳᠤ ᠬᠣᠯᠪᠣᠭ᠍ᠳᠠᠬᠤ ᠪᠣᠳᠠᠲᠠᠶ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠲᠠᠭᠤ᠎ᠲᠠᠶ᠎ᠨᠢ ᠬᠠᠯᠳᠠᠵᠤ ᠨᠢᠭᠡᠳ ᠨᠢᠭᠡ᠎ᠪᠡᠷ ᠱᠢᠶ᠋ᠳᠪᠦᠷᠢᠯᠡᠵᠦ᠍᠂ ᠵᠠᠰᠠᠭ ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ᠎ᠦᠨ ᠲᠥᠷᠥᠯ ᠵᠦᠶ᠋ᠯ᠎ᠢ ᠳᠤᠲᠠᠭᠤ ᠳᠣᠷᠭᠣᠨ ᠬᠢᠵᠦ ᠰᠤᠯᠠ ᠬᠠᠶᠠᠭᠰᠠᠨ ᠵᠡᠷᠭᠡ ᠤᠷᠳᠤ ᠬᠤᠭᠤᠴᠠᠭ᠎ᠠ ᠪᠡᠷ ᠬᠤᠢᠰᠢᠯᠠᠭᠤᠯᠵᠤ ᠵᠠᠰᠠᠬᠤ᠎ᠳᠤ ᠬᠦᠴᠢᠷᠲᠡᠶ ᠠᠰᠠᠭᠤᠳᠠᠯ᠎ᠢ ᠡᠴᠦᠰ᠎ᠲᠦᠨᠢ ᠲᠤᠯᠲᠠᠯ᠎ᠠ ᠴᠡᠭ᠌ᠴᠡᠯᠡᠨ ᠵᠠᠰᠠᠬᠤ ᠵᠢ ᠠᠩᠬᠠᠷᠴᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠪᠣᠳᠠᠲᠠᠶ ᠨᠠᠢᠳᠠᠪᠤᠷᠢᠵᠢᠭᠤᠯᠬᠤ ᠥᠬᠡᠶ ᠪᠣᠯ ᠲᠠᠯᠪᠢᠬᠤ ᠥᠬᠡᠶ ᠪᠠᠢᠬᠤ ᠬᠡᠷᠡᠭ᠌ᠲᠡᠶ᠃ ᠴᠡᠭ᠌ᠴᠡᠯᠡᠨ ᠵᠠᠰᠠᠬᠤ ᠎ᠶ᠋ᠢ ᠦᠩᠬᠡᠨ ᠲᠠᠯ᠎ᠠ ᠪᠠ ᠦᠨᠳᠦᠰᠦ᠎ᠡᠴᠡ ᠨᠢ ᠠᠳᠭᠤᠵᠤ᠂ ᠠᠰᠠᠭᠤᠳᠠᠯ᠎ᠤᠨ ᠠᠷᠤ᠎ᠳᠠᠬᠢ  ᠭᠦᠨ ᠳᠠᠪᠬᠤᠷᠭ᠎ᠠ᠎ᠶ᠋ᠢᠨ ᠱᠢᠯᠲᠠᠭᠠᠨ᠎ᠢ ᠨᠠᠷᠢᠨ ᠬᠢᠨᠠᠮᠠᠭᠠᠢ ᠵᠠᠳᠠᠯᠵᠤ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠦᠵᠡᠯᠲᠡ ᠬᠡᠯᠪᠡᠢᠭᠰᠡᠨ ᠠᠰᠠᠭᠤᠳᠠᠯ᠎ᠢ ᠪᠦᠲᠦᠮᠵᠢᠲᠡᠢ ᠰᠡᠷᠭᠡᠢᠯᠡᠨ ᠵᠠᠯᠠᠷᠠᠭᠤᠯᠬᠤ ᠠᠵᠢᠯ᠎ᠤᠨ ᠲᠣᠭ᠍ᠲᠠᠴᠠ᠎ᠶ᠋ᠢ ᠬᠦᠴᠦᠯᠡᠨ ᠪᠦᠷᠢᠨᠱᠢᠬᠦᠯᠵᠤ᠂ ᠵᠠᠰᠠᠭ᠎ᠤᠨ ᠠᠵᠢᠯ᠎ᠤᠨ ᠪᠦᠳᠦᠮᠵᠢ ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ ᠵᠢ ᠠᠬᠢᠭᠤᠯᠬᠤ ᠬᠡᠷᠡᠭ᠌ᠲᠡᠢ᠃ ᠬᠠᠷᠢᠭᠤᠴᠠᠯᠭ᠎ᠠ ᠎ᠶ᠋ᠢ ᠴᠢᠩᠭᠠᠳᠭᠠᠨ ᠴᠡᠭ᠌ᠴᠡᠯᠡᠨ ᠵᠠᠰᠠᠬᠤ᠎ᠶ᠋ᠢ ᠠᠳᠭᠤᠵᠤ᠂ ᠠᠵᠢᠯ ᠬᠢᠬᠦ᠌ ᠦᠭᠡᠢ ᠪᠠ ᠤᠳᠠᠭᠠᠨ ᠬᠢᠬᠦ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠡᠷᠴᠢᠮ ᠰᠤᠯᠠ ᠪᠠᠢᠭ᠎ᠠ ᠡᠴᠡ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍᠂ ᠲᠥᠪᠯᠡᠷᠡᠭᠦᠯᠦᠨ ᠴᠡᠭ᠌ᠴᠡᠯᠡᠨ ᠵᠠᠰᠠᠵᠤ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号