ᠸᠠᠩ ᠸᠧᠢ ᠵᠦᠩ ᠬᠤᠷᠠᠯ ᠢ ᠡᠷᠬᠢᠯᠡᠵᠦ ᠪᠤᠤ ᠭᠠᠩ ᠣᠷᠣᠯᠴᠠᠵᠠᠢ
4 ᠰᠠᠷ᠎ᠠ᠎ᠶ᠋ᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠡᠳ᠋᠎ᠦᠨ ᠵᠠᠰᠠᠭ ᠠᠵᠤ ᠠᠬᠤᠢ᠎ᠶ᠋ᠢᠨ ᠬᠣᠷᠢᠢ᠎ᠠ (ᠥᠷᠭᠡᠳᠭᠡᠭ᠌ᠰᠡᠨ) ᠬᠤᠷᠠᠯ ᠬᠤᠷᠠᠯᠳᠤᠭᠤᠯᠵᠤ᠂ ᠪᠦᠬᠦ᠌ ᠣᠷᠣᠨ᠎ᠤ ᠲᠦᠷᠦᠭᠦᠦ ᠤᠯᠠᠷᠢᠯ᠎ᠤᠨ ᠠᠵᠤ ᠠᠬᠤᠢ᠎ᠶ᠋ᠢᠨ ᠡᠷᠭᠢᠯᠲᠡ᠎ᠶ᠋ᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠳᠠᠷᠠᠭᠠᠴᠢ᠎ᠶ᠋ᠢᠨ ᠠᠯᠬᠤᠮ᠎ᠤᠨ ᠠᠵᠤ ᠠᠬᠤᠢ᠎ᠶ᠋ᠢᠨ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠨᠠᠮ᠎ᠤᠨ ᠬᠤᠷᠢᠶ᠎ᠠ ᠵᠢᠨ ᠡᠳ᠋᠎ᠦᠨ ᠵᠠᠰᠠᠭ ᠠᠵᠤ ᠠᠬᠤᠢ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠠᠢ᠃ ᠬᠤᠷᠢᠶ᠎ᠠ ᠵᠢᠨ ᠳᠡᠳ᠋ ᠡᠷᠬᠢᠯᠡᠭ᠌ᠴᠢ ᠪᠦᠦ ᠭᠠᠩ ᠬᠤᠷᠠᠯ᠎ᠳᠤ ᠣᠷᠣᠯᠴᠠᠪᠠ᠃
ᠬᠤᠷᠠᠯ᠎ᠡᠴᠡ᠂ ᠡᠨᠡ ᠵᠢᠯ᠎ᠡᠴᠡ ᠨᠠᠭᠠᠰᠢ᠂ ᠣᠷᠣᠨ ᠳᠠᠶᠠᠭᠠᠷ᠎ᠢᠶᠡᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶ᠎ᠶ᠋ᠢᠨ ᠡᠷᠭᠢᠯᠲᠡ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢᠶᠠᠨ ᠪᠠᠲᠤᠳᠭᠠᠨ᠂ ᠬᠥᠭ᠌ᠵᠢᠯᠲᠡ᠎ᠶ᠋ᠢᠨ ᠲᠤᠯᠭᠠᠮ ᠪᠣᠳᠣᠯ᠎ᠢᠶᠠᠨ ᠴᠢᠩᠭᠠᠳᠭᠠᠵᠤ᠂ ᠥᠷᠯᠥᠭᠡ ᠦᠳᠡᠰᠢ᠎ᠶ᠋ᠢ ᠲᠡᠮᠡᠴᠡᠨ᠂ ᠱᠢᠷᠭᠠᠭᠤ ᠠᠵᠢᠯᠯᠠᠬᠤ᠎ᠶ᠋ᠢ ᠲᠡᠷᠢᠭᠦᠨ᠎ᠳᠦ ᠲᠠᠯᠪᠢᠵᠤ᠂ ᠪᠥᠬᠥ᠌ ᠵᠢᠯ᠎ᠦᠨ ᠬᠠᠷᠠᠯᠲᠠ ᠡᠭᠦᠷᠭᠡ᠎ᠶ᠋ᠢ ᠪᠠᠲᠤ ᠡᠵᠡᠮᠳᠡᠨ ᠠᠵᠤ ᠠᠬᠤᠶ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠠᠵᠤ ᠠᠬᠤᠶ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ ᠶ᠋ᠢ ᠲᠠᠰᠤᠷᠠᠯᠲᠠ ᠥᠬᠡᠶ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠠᠵᠤ ᠦᠢᠯᠡᠳᠪᠦᠷᠢ᠎ᠶ᠋ᠢᠨ ᠨᠡᠮᠡᠭ᠌ᠳᠡᠯ ᠢ ᠲᠣᠭ᠍ᠲᠠᠪᠤᠷᠢᠵᠢᠭᠤᠯᠵᠤ᠂ ᠱᠢᠨ᠎ᠡ ᠡᠨᠧᠷᠭᠢ᠎ᠶ᠋ᠢ ᠲᠤᠬᠠᠢ᠎ᠶ᠋ᠢᠨ ᠭᠠᠵᠠᠷ᠎ᠲᠤᠨᠢ ᠱᠢᠩᠭᠡᠭᠡᠬᠦ᠌ ᠪᠠ ᠭᠠᠳᠠᠭ᠍ᠰᠢ ᠬᠦᠷᠭᠡᠬᠦ᠌ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠲᠠᠯᠠᠰᠲᠤ ᠴᠠᠬᠢᠭᠤᠷ᠂ ᠰᠦ᠎ᠶ᠋ᠢᠨ ᠦᠢᠯᠡᠰ ᠵᠡᠷᠭᠡ ᠦᠢᠯᠡᠳᠬᠦ᠌ ᠦᠢᠯᠡᠰ ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠬᠦᠴᠦᠯᠡᠨ ᠠᠬᠢᠭᠤᠯᠵᠤ᠂ ᠰᠠᠯᠬᠢᠨ ᠬᠦᠴᠦᠨ ᠭᠡᠷᠡᠯᠴᠢ ᠴᠡᠨᠡᠭ᠎ᠤᠨ ᠱᠢᠨ᠎ᠡ ᠡᠨᠧᠷᠭᠢ᠂ ᠪᠣᠬᠢᠷᠲᠤᠯ ᠦᠭᠡᠢ ᠪᠤᠳᠤᠯᠲᠠ ᠵᠢᠨ ᠬᠦᠴᠦᠨ᠂ ᠤᠢᠷ᠎ᠠ ᠣᠭ᠍ᠲᠠᠷᠭᠤᠢ᠎ᠶ᠋ᠢᠨ ᠠᠵᠤ ᠠᠬᠤᠢ᠂ ᠤᠰᠤᠲᠥ᠋ᠷᠥᠭ᠌ᠴᠢ ᠡᠨᠧᠷᠭᠢ᠂ ᠠᠮᠢᠳᠤ ᠪᠣᠳᠠᠰ᠎ᠤᠨ ᠦᠢᠯᠡᠳᠭᠡᠯ᠂ ᠵᠣᠬᠢᠶᠠᠮᠠᠯ ᠤᠶᠤᠨ ᠴᠢᠳᠠᠪᠤᠷᠢ᠂ ᠮᠠᠱᠢᠨ ᠬᠥᠮᠦᠨ ᠵᠡᠷᠭᠡ ᠠᠵᠤ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠬᠡᠷᠡᠭ᠌ᠲᠡᠢ᠃ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠵᠦ᠍᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ᠎ᠪᠠᠷ ᠲᠣᠬᠢᠷᠠᠭᠤᠯᠵᠤ᠂ ᠠᠷᠠᠳ᠎ᠤᠨ ᠪᠠᠯᠠ ᠣᠷᠣᠭᠤᠯᠤᠯᠲᠠ ᠪᠠ ᠦᠶ᠋ᠯᠡᠳᠬᠦ᠌ ᠦᠶ᠋ᠯᠡᠰ᠎ᠦᠨ ᠪᠠᠯᠠ ᠣᠷᠣᠭᠤᠯᠤᠯᠲᠠ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠠᠬᠢᠭᠤᠯᠵᠤ᠂ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠪᠠ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ᠎ᠶ᠋ᠢ ᠠᠬᠢᠭᠤᠯᠵᠤ᠂ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠰᠠᠢᠨ ᠰᠠᠢᠬᠠᠨ ᠬᠠᠨᠳᠤᠰᠢ᠎ᠶ᠋ᠢ ᠪᠡᠬᠢᠵᠢᠭᠦᠯᠬᠦ᠌ ᠬᠡᠷᠡᠭ᠌ᠲᠡᠶ᠃ ᠪᠦᠬᠦ᠌ ᠤᠯᠤᠰ᠎ᠤᠨ ᠦᠢᠯᠡᠴᠢᠯᠡᠭᠡᠨ᠎ᠦ ᠦᠢᠯᠡᠰ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠵᠤ᠂ ᠦᠢᠯᠡᠴᠢᠯᠡᠭᠡᠨ᠎ᠦ ᠦᠢᠯᠡᠰ ᠪᠠ ᠬᠡᠷᠡᠭ᠌ᠯᠡᠭᠡᠨ᠎ᠦ ᠲᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠵᠢᠵᠢᠭ᠌ᠯᠡᠨ ᠬᠤᠳᠠᠯᠳᠤᠬᠤ᠂ ᠮᠠᠱᠢᠨ ᠲᠡᠷᠭᠡ᠂ ᠵᠢᠭᠤᠯᠴᠢᠯᠠᠯ ᠵᠡᠷᠭᠡ ᠬᠡᠷᠡᠭ᠌ᠯᠡᠭᠡᠨ᠎ᠦ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭ᠌ᠵᠢᠭᠡᠵᠦ᠍᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠲᠠᠰᠤᠷᠠᠯᠳᠠ ᠦᠭᠡᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠬᠡᠷᠡᠭ᠌ᠲᠡᠢ᠃ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠰᠠᠢᠲᠤᠷ ᠪᠠᠢᠭᠤᠯᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡᠲᠡᠶ ᠵᠣᠬᠢᠴᠠᠭ᠍ᠰᠠᠨ ᠲᠥᠷᠥ᠎ᠶ᠋ᠢᠨ ᠪᠣᠳᠣᠯᠭ᠎ᠠ ᠲᠦᠷᠢᠮ᠎ᠦᠨ ᠱᠢᠰᠲ᠋ᠧᠮ᠎ᠢ ᠪᠠᠢᠭᠤᠯᠬᠤ ᠬᠡᠷᠡᠭ᠌ᠲᠡᠶ᠃ ᠠᠶᠤᠯᠭᠦᠶ ᠦᠶ᠋ᠯᠡᠳᠪᠦᠷᠢᠯᠡᠯ᠎ᠢ ᠥᠴᠦᠬᠡᠨ ᠴᠦ᠍ ᠰᠤᠯᠠᠷᠠᠭᠤᠯᠤᠯ ᠥᠬᠡᠶ ᠰᠠᠢᠲᠤᠷ ᠠᠳᠭᠤᠵᠤ᠂ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠷᠢ ᠥᠭ᠌ᠴᠡᠭᠡ᠎ᠶ᠋ᠢ ᠦᠨᠡᠨ ᠪᠣᠳᠠᠲᠠᠶ ᠠᠷᠢᠯᠭᠠᠵᠤ᠂ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠲᠠᠩᠰᠠᠨ᠎ᠳᠠᠬᠢ ᠵᠣᠭᠣᠰ᠎ᠤᠨ ᠠᠰᠠᠭᠤᠳᠠᠯ᠎ᠢ ᠶᠡᠬᠡ ᠬᠦᠴᠦ᠍ ᠣᠷᠣᠭᠤᠯᠤᠨ ᠱᠢᠶ᠋ᠳᠪᠦᠷᠢᠯᠡᠵᠦ᠍᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠬᠦ᠌ ᠬᠡᠷᠡᠭ᠌ᠲᠡᠶ᠃《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠭᠦᠨᠵᠡᠭᠡᠶ ᠬᠡᠷᠡᠭ᠌ᠵᠢᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠭᠤᠤᠯᠳᠠᠯᠭ᠎ᠠ᠎ᠲᠠᠶ ᠬᠥᠮᠦᠰ᠎ᠦᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠲᠣᠪᠣᠢᠮ᠎ᠠ ᠰᠠᠢᠲᠤᠷ ᠠᠳᠭᠤᠬᠤ ᠬᠡᠷᠡᠭ᠌ᠲᠡᠶ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠴᠢᠩᠭᠠᠳᠭᠠᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠤᠪᠤᠢ᠌ᠮ᠎ᠠ ᠠᠰᠠᠭᠤᠳᠠᠯ᠎ᠢ ᠨᠠᠷᠢᠨ ᠬᠢᠨᠠᠮᠠᠭᠠᠢ ᠰᠤᠳᠤᠯᠤᠨ ᠱᠢᠢᠳᠪᠦᠷᠢᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠢᠶ᠎ᠠ ᠵᠢᠨ ᠭᠡᠱᠢᠭᠦᠳ ᠬᠤᠷᠠᠯ᠎ᠳᠤ ᠣᠷᠣᠯᠴᠠᠵᠤ᠂ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃