ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠪᠦᠯᠦᠭᠯᠡᠯ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ ᠭᠠᠷ᠎ᠤᠨ ᠦᠰᠦᠭ ᠵᠢᠷᠤᠪᠡ
2026-04-25 11:54:34
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠸᠢ ᠵᠦᠩ  ᠪᠤᠤ ᠭᠠᠩ  ᠎ᠳ᠋ᠠᠢ ᠾᠸᠦ ᠯᠢᠶᠠᠩ ᠲᠡᠢ ᠠᠭᠤᠯᠵᠠᠵᠠᠢ


4 ᠰᠠᠷ᠎ᠠ᠎ᠶᠢᠨ 24 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠪᠦᠯᠦᠭᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠳ᠋ᠠᠢ ᠾᠧᠦ ᠯᠢᠶᠠᠩ ᠨᠠᠷ᠎ᠲᠠᠢ ᠠᠭᠤᠯᠵᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠪᠦᠯᠦᠭᠯᠡᠯ᠎ᠦᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ ᠭᠠᠷ᠎ᠤᠨ ᠦᠰᠦᠭ ᠵᠢᠷᠤᠬᠤ᠎ᠶᠢ ᠬᠠᠮᠲᠤ ᠪᠠᠷ ᠭᠡᠷᠡᠴᠢᠯᠡᠪᠡ᠃


QQ20260425-113913.png


4 ᠰᠠᠷ᠎ᠠ᠎ᠶᠢᠨ 24 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠪᠦᠯᠦᠭᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠳ᠋ᠠᠢ ᠾᠧᠦ ᠯᠢᠶᠠᠩ ᠨᠠᠷ᠎ᠲᠠᠢ ᠠᠭᠤᠯᠵᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠪᠦᠯᠦᠭᠯᠡᠯ᠎ᠦᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ ᠭᠠᠷ᠎ᠤᠨ ᠦᠰᠦᠭ ᠵᠢᠷᠤᠬᠤ᠎ᠶᠢ ᠬᠠᠮᠲᠤ ᠪᠠᠷ ᠭᠡᠷᠡᠴᠢᠯᠡᠪᠡ᠃                                   ᠲᠤᠰ ᠰᠤᠨᠢᠨ ᠎ᠤ ᠰᠤᠷᠪᠤᠯᠵᠢᠯᠠᠭᠴᠢ   ᠮᠠ ᠵᠢᠶᠠᠨ ᠪᠢᠩ  ᠰᠡᠭᠦᠳᠡᠷᠯᠡᠪᠡ


ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ ᠎ᠤᠨ ᠣᠷᠳᠣᠨ᠎ᠤ ᠡᠮᠦᠨ᠎ᠡ᠎ᠡᠴᠡ ᠳ᠋ᠠᠢ ᠾᠧᠦ ᠯᠢᠶᠠᠩ ᠨᠠᠷ ᠎ᠢ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠵᠦ᠂ ᠳᠤᠮᠳᠠᠳᠤ ᠤᠯᠤᠰ ᠎ᠤᠨ ᠴᠢᠯᠠᠭᠤᠨ ᠲᠤᠰᠤᠨ ᠎ᠤ ᠪᠦᠯᠦᠭᠯᠡᠯ ᠎ᠦᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠬᠥᠭᠵᠢᠯᠲᠡ᠎ᠳᠦ ᠦᠵᠡᠭᠦᠯᠦᠭᠰᠡᠨ ᠬᠦᠴᠦᠲᠡᠢ ᠳᠡᠮᠵᠢᠯᠭᠡ᠎ᠳᠦ ᠲᠠᠯᠠᠷᠬᠠᠵᠤ ᠪᠠᠢᠬᠤ᠎ᠪᠠᠨ ᠢᠯᠡᠳᠬᠡᠪᠡ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠪᠣᠯᠣᠨ᠎ᠠ᠂ ᠨᠡᠭᠦᠷᠡᠰᠦ᠂ ᠴᠢᠯᠠᠭᠤᠨ ᠲᠤᠰᠤ ᠪᠠᠢᠭᠠᠯᠢ ᠵᠢᠨ ᠰᠢᠲᠠᠮᠠᠬᠠᠢ ᠬᠡᠢ᠂ ᠰᠢᠨ᠎ᠡ ᠡᠨᠧᠷᠭᠢ ᠵᠡᠷᠭᠡ ᠡᠬᠢ ᠪᠠᠶᠠᠯᠢᠭ᠋ ᠡᠯᠪᠡᠭ ᠪᠠᠢᠵᠤ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ᠎ᠶᠢ ᠡᠭᠦᠷᠭᠡᠯᠡᠵᠦ ᠪᠠᠢᠳᠠᠭ᠃ ᠣᠳᠣᠬᠠᠨ᠎ᠳᠤ᠂ ᠪᠦᠬᠦ ᠣᠷᠣᠨ᠎ᠢᠶᠠᠷ᠎ᠢᠶᠠᠨ ᠶᠠᠭ ᠶᠡᠷᠦᠩᠬᠡᠢ ᠱᠦᠵᠢ ᠰᠢ᠎ᠶᠢᠨ ᠫᠢᠩ᠎ᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠦ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠎ᠶᠢᠨ《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠣᠲᠣ᠌ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠶᠢ ᠶᠡᠬᠡ ᠪᠡᠷ ᠬᠥᠭᠵᠢᠭᠦᠯᠵᠦ ᠂ ᠤᠯᠠᠮᠵᠢᠯᠠᠯᠲᠤ ᠡᠨᠧᠷᠭᠢ᠎ᠶᠢ ᠴᠡᠪᠡᠷ ᠠᠷᠢᠭᠤᠨ ᠥᠨᠳᠥᠷ ᠪᠦᠲᠦᠮᠵᠢᠲᠡᠶ ᠠᠰᠢᠭ᠍ᠯᠠᠬᠤ᠎ᠶᠢ ᠦᠷᠭᠦᠯᠵᠢᠯᠡᠨ ᠠᠬᠢᠭᠤᠯᠵᠤ᠂ ᠰᠢᠨ᠎ᠡ ᠡᠨᠧᠷᠭᠢ᠎ᠶᠢ ᠨᠡᠭᠡᠭᠡᠨ ᠠᠰᠢᠭ᠍ᠯᠠᠬᠤ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠴᠢᠯᠠᠭᠤᠨ ᠲᠤᠰᠤ ᠪᠠᠢᠭᠠᠯᠢ ᠵᠢᠨ ᠰᠢᠲᠠᠮᠠᠬᠠᠢ ᠬᠡᠢ ᠵᠡᠷᠭᠡ ᠡᠬᠢ ᠪᠠᠶᠠᠯᠢᠭ᠋ ᠎ᠤᠨ ᠨᠥᠭᠡᠴᠡ ᠎ᠶᠢ ᠨᠡᠮᠡᠭᠳᠡᠭᠦᠯᠦᠨ ᠦᠢᠯᠡᠳᠪᠦᠷᠢᠯᠡᠬᠦ ᠡᠷᠴᠢᠮ᠎ᠢ ᠴᠢᠩᠭᠠᠷᠠᠭᠤᠯᠵᠤ᠂ ᠨᠡᠭᠦᠷᠡᠰᠦ ᠴᠠᠬᠢᠯᠭᠠᠨ ᠴᠢᠯᠠᠭᠤᠨ ᠲᠤᠰᠤ ᠪᠠᠢᠭᠠᠯᠢ ᠵᠢᠨ ᠰᠢᠲᠠᠮᠠᠬᠠᠢ ᠬᠡᠢ ᠰᠠᠯᠬᠢ ᠭᠡᠷᠡᠯ᠎ᠢ ᠵᠡᠷᠭᠡ᠎ᠪᠡᠷ ᠴᠢᠬᠤᠯᠠᠴᠢᠯᠠᠭᠰᠠᠨ ᠣᠯᠠᠨ ᠡᠨᠧᠷᠭᠢ ᠬᠠᠷᠢᠯᠴᠠᠨ ᠨᠥᠬᠥᠪᠦᠷᠢᠯᠡᠬᠦ ᠡᠨᠧᠷᠭᠢ ᠬᠠᠩᠭᠠᠬᠤ ᠰᠢᠰᠲᠧᠮ᠎ᠢ ᠪᠦᠷᠢᠯᠳᠦᠭᠦᠯᠬᠦ ᠵᠢ ᠠᠬᠢᠭᠤᠯᠵᠤ ᠪᠠᠢᠨ᠎ᠠ᠃ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠪᠦᠯᠦᠭᠯᠡᠯ ᠨᠢ ᠥᠪᠥᠷ ᠮᠣᠩᠭᠣᠯ ᠯᠤᠭ᠎ᠠ ᠴᠢᠯᠠᠭᠤᠨ ᠲᠤᠰᠤ ᠪᠠᠢᠭᠠᠯᠢ ᠵᠢᠨ ᠰᠢᠲᠠᠮᠠᠬᠠᠢ ᠬᠡᠢ ᠎ᠶᠢ ᠬᠠᠢᠨ ᠰᠢᠨᠵᠢᠯᠡᠵᠦ ᠨᠡᠭᠡᠭᠡᠨ ᠠᠰᠢᠭ᠍ᠯᠠᠬᠤ᠂ ᠴᠢᠯᠠᠭᠤᠨ ᠲᠣᠰᠣ᠌ ᠪᠣᠯᠪᠠᠰᠤᠷᠠᠭᠤᠯᠬᠤ ᠬᠢᠮᠢ᠎ᠶᠢᠨ ᠠᠵᠤ ᠦᠢᠯᠡᠳᠪᠦᠷᠢ᠂ ᠴᠢᠯᠠᠭᠤᠨ ᠲᠤᠰᠤ ᠪᠠᠢᠭᠠᠯᠢ ᠵᠢᠨ ᠰᠢᠲᠠᠮᠠᠬᠠᠢ ᠬᠡᠢ ᠎ᠶᠢᠨ ᠪᠣᠷᠤᠯᠠᠭᠤᠯᠭ᠎ᠠ ᠵᠡᠷᠭᠡ ᠬᠦᠷᠢᠶᠡᠨ᠎ᠳᠦ ᠰᠠᠢᠨ ᠰᠠᠢᠬᠠᠨ ᠬᠠᠮᠲᠤᠷᠠᠯᠴᠠᠭᠠᠨ ᠎ᠤ ᠬᠠᠷᠢᠯᠴᠠᠭ᠎ᠠ᠎ᠪᠠᠨ ᠪᠠᠲᠤᠯᠠᠭᠰᠠᠭᠠᠷ ᠢᠷᠡᠵᠠᠢ᠃ ᠢᠷᠡᠭᠡᠳᠦᠢ᠎ᠳᠦ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠪᠦᠯᠦᠭᠯᠡᠯ ᠣᠳᠣ᠌᠎ᠶᠢᠨ ᠪᠠᠢᠭ᠎ᠠ ᠬᠠᠮᠲᠤᠷᠠᠯᠴᠠᠭᠠᠨ᠎ᠤ ᠵᠦᠢᠯᠡᠰ᠎ᠢ ᠰᠠᠢᠲᠤᠷ ᠠᠳᠬᠤᠭᠰᠠᠨ ᠰᠠᠭᠤᠷᠢᠨ ᠳᠡᠭᠡᠷ᠎ᠡ᠂ ᠮᠡᠷᠭᠡᠵᠢᠯ᠂ ᠪᠡᠯᠡ ᠮᠥᠩᠭᠥ᠂ ᠴᠢᠳᠠᠪᠤᠷᠢᠲᠠᠨ ᠵᠡᠷᠭᠡ᠎ᠶᠢᠨ ᠳᠠᠪᠠᠭᠤᠯᠢᠭ᠋᠎ᠢᠶᠠᠨ ᠦᠷᠭᠦᠯᠵᠢᠯᠡᠨ ᠪᠠᠳᠠᠷᠠᠭᠤᠯᠵᠤ᠂ ᠴᠢᠯᠠᠭᠤᠨ ᠲᠤᠰᠤ ᠪᠠᠢᠭᠠᠯᠢ ᠵᠢᠨ ᠰᠢᠲᠠᠮᠠᠬᠠᠢ ᠬᠡᠢ᠎ᠶᠢ ᠬᠠᠢᠨ ᠰᠢᠨᠵᠢᠯᠡᠵᠦ ᠨᠡᠭᠡᠭᠡᠨ ᠠᠰᠢᠭᠯᠠᠬᠤ᠂ ᠴᠢᠯᠠᠭᠤᠨ ᠲᠤᠰᠤ ᠪᠣᠯᠪᠠᠰᠤᠷᠠᠭᠤᠯᠬᠤ ᠬᠢᠮᠢ᠎ᠶᠢᠨ ᠠᠵᠤ ᠦᠢᠯᠡᠰ᠎ᠦᠨ ᠬᠡᠯᠪᠡᠷᠢ ᠎ᠵᠢ ᠬᠤᠪᠢᠷᠠᠭᠤᠯᠤᠨ ᠲᠠᠰ ᠳᠡᠪᠰᠢᠭᠦᠯᠬᠦ᠂ ᠰᠢᠨ᠎ᠡ ᠡᠨᠧᠷᠭᠢ᠎ᠶᠢᠨ ᠠᠭᠤᠰᠤᠯᠴᠠᠨ ᠬᠥᠭᠵᠢᠬᠦ᠂ ᠴᠢᠯᠠᠭᠤᠨ ᠲᠤᠰᠤ ᠪᠠᠢᠭᠠᠯᠢ ᠵᠢᠨ ᠰᠢᠲᠠᠮᠠᠬᠠᠢ ᠬᠡᠢ᠎ᠶᠢᠨ ᠦᠵᠦᠭᠦᠷᠯᠢᠭ ᠦᠢᠯᠡᠴᠢᠯᠡᠭᠡ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠤ᠂ ᠥᠪᠥᠷ ᠮᠣᠩᠭᠣᠯ ᠯᠤᠭ᠎ᠠ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠶᠢ ᠭᠦᠨᠵᠡᠭᠡᠢᠷᠡᠭᠦᠯᠵᠦ᠂ ᠲᠥᠷᠥᠯ ᠵᠦᠢᠯ᠎ᠦᠨ ᠬᠠᠮᠵᠢᠯᠴᠠᠭ᠎ᠠ᠎ᠶᠢ ᠴᠢᠩᠭᠠᠳᠬᠠᠨ᠂ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠠᠬᠢᠭᠤᠯᠵᠤ᠂ ᠭᠣᠣᠯᠳᠠᠯᠭ᠎ᠠ᠎ᠲᠠᠢ ᠲᠥᠷᠥᠯ ᠵᠦᠢᠯ ᠎ᠢ ᠡᠷᠲᠡ ᠨᠠᠢᠳᠠᠪᠤᠷᠢᠵᠢᠭᠤᠯᠵᠤ᠂ ᠡᠷᠲᠡ ᠦᠷ᠎ᠡ ᠪᠦᠲᠦᠮᠵᠢ ᠣᠯᠬᠤ᠎ᠶᠢ ᠬᠠᠮᠲᠤ ᠪᠠᠷ ᠠᠬᠢᠭᠤᠯᠵᠤ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠦ ᠶᠡᠬᠡ ᠲᠠᠯ᠎ᠠ᠎ᠳᠤ ᠨᠠᠩ ᠰᠠᠢᠨ ᠦᠢᠯᠡᠴᠢᠯᠡᠬᠦ ᠵᠢ ᠬᠦᠰᠡᠵᠦ ᠪᠠᠢᠨ᠎ᠠ᠃ ᠪᠢᠳᠡ ᠤᠷᠤᠭᠰᠢᠲᠠᠢ᠂ ᠰᠠᠨᠠᠭ᠎ᠠ ᠠᠮᠤᠷ᠂ ᠰᠡᠳᠬᠢᠯ᠎ᠳᠦ ᠲᠠᠭᠠᠳᠠᠢ᠂ ᠰᠡᠳᠬᠢᠯ ᠠᠮᠤᠷ ᠬᠥᠭᠵᠢᠯᠲᠡ᠎ᠶᠢᠨ ᠣᠷᠴᠢᠨ ᠨᠦᠭᠦᠴᠡᠯ᠎ᠢ ᠬᠦᠴᠦᠯᠡᠨ ᠪᠤᠢ ᠪᠣᠯᠭᠠᠵᠤ᠂ ᠳᠤᠮᠳᠠᠳᠤ ᠤᠯᠤᠰ᠎ᠤᠨ ᠴᠢᠯᠠᠭᠤᠨ ᠲᠤᠰᠤᠨ ᠎ᠤ ᠪᠦᠯᠦᠭᠯᠡᠯ ᠎ᠦᠨ ᠥᠪᠥᠷ ᠮᠣᠩᠭᠣᠯ᠎ᠳᠠᠬᠢ ᠬᠥᠭᠵᠢᠯᠲᠡ᠎ᠶᠢᠨ ᠪᠠᠢᠷᠢᠰᠢᠭᠤᠯᠤᠯᠲᠠ᠎ᠶᠢ ᠪᠦᠬᠦ ᠬᠦᠴᠦᠨ᠎ᠢᠶᠡᠷ᠎ᠢᠶᠡᠨ ᠳᠡᠮᠵᠢᠵᠦ᠂ ᠬᠣᠶᠠᠷ ᠲᠠᠯ᠎ᠠ᠎ᠶᠢᠨ ᠰᠢᠨ᠎ᠡ ᠨᠢᠭᠡ ᠡᠭᠡᠯᠵᠢ᠎ᠶᠢᠨ ᠪᠠᠢᠯᠳᠤᠬᠤ ᠪᠣᠳᠣᠯᠭ᠎ᠠ ᠎ᠶᠢᠨ ᠬᠠᠮᠲᠤᠷᠠᠯᠴᠠᠭ᠎ᠠ᠎ᠶᠢᠨ ᠨᠡᠩ ᠤᠯᠠᠨ ᠪᠣᠳᠠᠲᠠᠢ᠎ᠶᠢ ᠡᠷᠬᠢᠮᠯᠡᠭᠰᠡᠨ ᠦᠷ᠎ᠡ ᠪᠦᠲᠦᠭᠡᠯ ᠣᠯᠬᠤ ᠎ᠶᠢ ᠠᠬᠢᠭᠤᠯᠤᠨ᠎ᠠ ᠭᠡᠵᠦ ᠬᠡᠯᠡᠪᠡ᠃

ᠳ᠋ᠠᠢ ᠾᠧᠦ ᠯᠢᠶᠠᠩ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠣᠷᠳᠣ᠌ ᠬᠤᠭᠤᠴᠠᠭᠠᠨ᠎ᠤ ᠲᠤᠷᠰᠢ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠪᠦᠯᠦᠭᠯᠡᠯ᠎ᠳᠦ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ᠎ᠳᠤ ᠲᠠᠯᠠᠷᠬᠠᠭᠰᠠᠨ ᠪᠥᠭᠡᠳ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠬᠥᠭᠵᠢᠯᠲᠡ᠎ᠶᠢᠨ ᠲᠥᠯᠦᠪᠵᠢᠭᠦᠯᠭᠡ ᠪᠣᠯᠣᠨ ᠲᠥᠷᠥᠯ ᠵᠦᠢᠯ᠎ᠦᠨ ᠪᠠᠢᠷᠢᠰᠢᠭᠤᠯᠤᠯᠲᠠ᠎ᠶᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠣᠢᠷ᠎ᠠ᠎ᠶᠢᠨ ᠵᠢᠯ᠎ᠡᠴᠡ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭᠵᠢᠯᠲᠡ ᠲᠣᠭᠲᠠᠭᠤᠨ᠎ᠤ ᠳᠤᠮᠳᠠ ᠤᠷᠤᠭᠰᠢᠯᠠᠵᠤ᠂ ᠬᠣᠶᠠᠷ ᠲᠠᠯ᠎ᠠ ᠎ᠶᠢᠨ ᠬᠠᠮᠲᠤᠷᠠᠯᠴᠠᠭᠠᠨ᠎ᠤ ᠰᠠᠭᠤᠷᠢ ᠯᠠᠪᠳᠠᠭᠤᠨ ᠪᠠᠲᠤᠲᠠᠢ ᠪᠤᠯᠵᠤ᠂ ᠡᠯᠪᠡᠭ ᠪᠠᠶᠠᠯᠢᠭ᠋ ᠦᠷ᠎ᠡ ᠪᠦᠲᠦᠭᠡᠯ ᠣᠯᠪᠡ᠃ ᠳᠠᠷᠠᠭᠠᠴᠢ᠎ᠶᠢᠨ ᠠᠯᠬᠤᠮ᠎ᠳᠤ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠪᠦᠯᠦᠭᠯᠡᠯ᠎ᠤᠨ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠎ᠤ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ ᠲᠠᠢ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠪᠡᠯᠡ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠬᠣᠶᠠᠷ ᠲᠠᠯ᠎ᠠ᠎ᠶᠢᠨ ᠴᠢᠯᠠᠭᠤᠨ ᠲᠣᠰᠣ᠌ ᠪᠠᠢᠭᠠᠯᠢ ᠵᠢᠨ ᠰᠢᠲᠠᠮᠠᠬᠠᠢ ᠬᠡᠢ᠎ᠶᠢ ᠬᠠᠢᠨ ᠰᠢᠨᠵᠢᠯᠡᠵᠦ ᠨᠡᠭᠡᠭᠡᠨ ᠠᠰᠢᠭᠯᠠᠬᠤ᠂ ᠰᠢᠨ᠎ᠡ ᠡᠨᠧᠷᠭᠢ᠎ᠶᠢᠨ ᠬᠥᠭᠵᠢᠯᠲᠡ᠂ ᠴᠢᠯᠠᠭᠤᠨ ᠲᠣᠰᠣ᠌ ᠪᠣᠯᠪᠠᠰᠤᠷᠠᠭᠤᠯᠬᠤ ᠬᠢᠮᠢ᠎ᠶᠢᠨ ᠠᠵᠤ ᠦᠢᠯᠡᠳᠪᠦᠷᠢ ᠵᠡᠷᠭᠡ ᠬᠦᠷᠢᠶᠡᠨ ᠎ᠳᠡᠬᠢ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣ᠌᠂ ᠪᠠᠢᠭᠠᠯᠢ᠎ᠶᠢᠨ ᠰᠢᠲᠠᠮᠠᠬᠠᠢ ᠬᠡᠢ᠂ ᠠᠭᠠᠷ᠎ᠤᠨ ᠠᠶᠠᠯᠠᠯ᠎ᠤᠨ ᠨᠡᠭᠦᠷᠡᠰᠦᠨ ᠲᠤᠰᠤ ᠵᠡᠷᠭᠡ ᠦᠢᠯᠡᠳᠬᠦᠨ ᠎ᠦ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢᠨ ᠪᠠᠲᠤᠯᠠᠭ᠎ᠠ᠎ᠶᠢ ᠦᠨᠡᠨ ᠬᠦ᠌ ᠰᠠᠢᠲᠤᠷ ᠬᠢᠵᠦ᠂ ᠤᠯᠤᠰ ᠎ᠤᠨ ᠡᠨᠧᠷᠭᠢ᠎ᠶᠢᠨ ᠠᠮᠤᠷ ᠲᠦᠪᠰᠢᠨ ᠎ᠢ ᠬᠠᠮᠠᠭᠠᠯᠠᠬᠤ᠂ ᠥᠪᠥᠷ ᠮᠣᠩᠭᠣᠯ᠎ᠤᠨ ᠠᠵᠤ ᠠᠬᠤᠢ ᠨᠡᠢᠭᠡᠮ ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠎ᠳᠦ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠤ ᠢᠯᠡᠳᠬᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠪᠦᠯᠦᠭᠯᠡᠯ᠎ᠦᠨ ᠳᠡᠳ᠋ ᠶᠡᠷᠦᠩᠬᠡᠢ ᠳᠠᠭᠠᠭᠠᠮᠠᠯ᠂ ᠨᠠᠮ᠎ᠤᠨ ᠤᠳᠤᠷᠢᠳᠬᠤ ᠳᠤᠭᠤᠢᠯᠠᠩ ᠎ᠤᠨ ᠪᠦᠷᠢᠯᠳᠦᠭᠦᠨ ᠷᠧᠨ ᠯᠢ ᠰᠢᠨ ᠬᠣᠶᠠᠷ ᠲᠠᠯ᠎ᠠ᠎ᠶᠢ ᠲᠥᠯᠥᠭᠡᠯᠡᠨ ᠭᠡᠷ᠎ᠡ ᠳ᠋ᠦ ᠭᠠᠷ᠎ᠤᠨ ᠦᠰᠦᠭ ᠵᠢᠷᠤᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号