ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ ᠎ᠶᠢᠨ ᠵᠥᠪᠯᠡᠯᠭᠡᠨ᠎ᠦ ᠲᠡᠷᠢᠭᠦᠯᠡᠭᠴᠢᠳ ᠎ᠦᠨ ᠬᠤᠷᠠᠯ ᠡᠴᠡ᠎ᠪᠠᠢᠴᠠᠭᠠᠨ ᠰᠤᠳᠤᠯᠬᠤ ᠠᠵᠢᠯ ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠰᠤᠳᠤᠯᠪᠠ
2026-04-25 12:03:50
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆


ᠵᠠᠩ ᠶᠠᠨ ᠺᠦᠨ ᠬᠤᠷᠠᠯ᠎ᠢ ᠡᠷᠭᠢᠯᠡᠵᠡᠢ


4 ᠰᠠᠷ᠎ᠠ᠎ᠶᠢᠨ 24 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠡ 75 ᠳ᠋ᠤᠭᠠᠷ ᠤᠳᠠᠭ᠎ᠠ᠎ᠶᠢᠨ ᠲᠡᠷᠢᠭᠦᠯᠡᠭᠴᠢᠳ᠎ᠦᠨ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠯᠥᠸᠧ ᡁᠢ ᠬ᠍ᠤ᠂ ᠴᠡᠴᠡᠭ᠂ ᠸᠧᠢ ᠭᠦᠸᠧ ᠨᠠᠨ᠂ ᠠᠨ ᠷᠦᠨ ᠱᠧᠩ ᠵᠢᠴᠢ ᠨᠠᠷᠢᠨ ᠪᠢᠴᠢᠭ ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠪᠠ᠃

ᠬᠤᠷᠠᠯ᠎ᠡᠴᠡ 《ᠳᠤᠮᠳᠠᠳᠤ ᠤᠯᠤᠰ ᠎ᠤᠨ ᠠᠷᠠᠳ ᠎ᠤᠨ ᠤᠯᠤᠰ ᠲᠦᠷᠦ᠎ᠶᠢᠨ ᠵᠥᠪᠯᠡᠯᠭᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠬᠣᠷᠢᠶ᠎ᠠ᠎ᠶᠢᠨ ᠪᠠᠢᠴᠠᠭᠠᠨ ᠰᠤᠳᠤᠯᠬᠤ ᠠᠵᠢᠯ᠎ᠢ ᠴᠢᠩᠭᠠᠳᠬᠠᠨ ᠰᠠᠢᠵᠢᠷᠠᠭᠤᠯᠬᠤ ᠬᠡᠷᠡᠭᠵᠢᠭᠦᠯᠬᠦ ᠠᠷᠭ᠎ᠠ》 ᠶ᠋ᠢ ᠬᠢᠨᠠᠨ ᠵᠥᠪᠯᠡᠵᠦ ᠪᠠᠲᠤᠯᠠᠪᠠ᠃

ᠬᠤᠷᠠᠯ᠎ᠡᠴᠡ᠂ ᠪᠠᠢᠴᠠᠭᠠᠨ ᠰᠤᠳᠤᠯᠤᠯᠲᠠ ᠬᠢᠬᠦ ᠪᠣᠯ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠨᠢᠭᠡ ᠵᠦᠢᠯ᠎ᠦᠨ ᠪᠠᠢᠩᠭᠤ᠎ᠶᠢᠨ ᠴᠢᠨᠠᠷᠲᠠᠢ᠂ ᠪᠦᠬᠦ ᠲᠠᠯ᠎ᠠ᠎ᠶᠢᠨ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠠᠢᠵᠤ᠂ ᠡᠯ᠎ᠡ ᠵᠦᠢᠯ᠎ᠦᠨ ᠲᠤᠰᠢᠶᠠᠯ ᠬᠠᠷᠢᠭᠤᠴᠠᠯᠭ᠎ᠠ ᠪᠡᠨ ᠭᠦᠢᠴᠡᠳᠬᠡᠬᠦ ᠠᠵᠢᠯ᠎ᠤᠨ ᠴᠢᠨᠠᠷ ᠴᠢᠨᠰᠠᠭ᠎ᠠ ᠦᠷ᠎ᠡ ᠠᠰᠢᠭ᠋᠎ᠢ ᠳᠡᠭᠡᠭᠰᠢᠯᠡᠭᠦᠯᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠎ᠶᠢᠨ《1571》ᠠᠵᠢᠯ ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠦᠪᠯᠡᠷᠡᠭᠦᠯᠵᠤ᠂ ᠪᠠᠢᠴᠠᠭᠠᠨ ᠰᠤᠳᠤᠯᠬᠤ ᠠᠵᠢᠯ᠎ᠢ ᠭᠦᠨᠵᠡᠭᠡᠢ ᠥᠷᠨᠢᠭᠦᠯᠵᠦ᠂ ᠪᠠᠢᠴᠠᠭᠠᠨ ᠰᠤᠳᠤᠯᠤᠯᠲᠠ᠎ᠶᠢᠨ ᠠᠷᠭ᠎ᠠ ᠮᠠᠶᠢᠭ᠋᠎ᠢᠶᠠᠨ ᠴᠢᠨᠠᠭᠰᠢᠳᠠ ᠰᠠᠢᠵᠢᠷᠠᠭᠤᠯᠵᠤ᠂ ᠪᠠᠢᠴᠠᠭᠠᠨ ᠰᠤᠳᠤᠯᠤᠯᠲᠠ᠎ᠶᠢᠨ ᠰᠤᠷᠲᠠᠯ᠎ᠢᠶᠠᠨ ᠬᠤᠪᠢᠷᠠᠭᠤᠯᠵᠤ᠂ ᠪᠠᠢᠴᠠᠭᠠᠨ ᠰᠤᠳᠤᠯᠤᠯᠲᠠ ᠎ᠶᠢᠨ ᠪᠣᠳᠠᠲᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠤ᠂ ᠠᠵᠢᠯ᠎ᠤᠨ ᠰᠠᠬᠢᠯᠭ᠎ᠠ ᠪᠠᠲᠤ ᠎ᠶᠢ ᠴᠢᠩᠳᠠᠯᠠᠵᠤ᠂ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠣᠯᠠᠨ ᠲᠦᠮᠡᠨ ᠎ᠦ ᠳᠤᠮᠳᠠ ᠭᠦᠨᠵᠡᠭᠡᠢᠷᠡᠨ᠂ ᠪᠣᠳᠠᠲᠠᠢ᠎ᠳᠤ ᠭᠦᠨᠵᠡᠭᠡᠢᠷᠡᠵᠦ᠂ ᠪᠠᠢᠳᠠᠯ᠎ᠢ ᠦᠨᠡᠨ ᠬᠦ᠌ ᠲᠣᠳᠣᠷᠬᠠᠢ ᠣᠢᠯᠠᠭᠠᠵᠤ᠂ ᠠᠰᠠᠭᠤᠳᠠᠯ᠎ᠢ ᠣᠨᠣᠪᠴᠢᠲᠠᠶ ᠡᠷᠢᠵᠦ᠂ ᠰᠠᠨᠠᠭᠤᠯᠭ᠎ᠠ᠎ᠶᠢ ᠪᠣᠳᠠᠲᠠᠢ᠎ᠪᠠᠷ ᠳᠤᠷᠠᠳᠴᠤ᠂ ᠴᠢᠨᠠᠷ ᠰᠠᠢᠲᠠᠢ ᠪᠠᠢᠴᠠᠭᠠᠨ ᠰᠤᠳᠤᠯᠤᠯᠲᠠ᠎ᠪᠠᠷ ᠵᠥᠪᠯᠡᠯᠭᠡ ᠬᠢᠵᠦ ᠲᠦᠷᠦ ᠵᠢᠨ ᠶᠠᠪᠤᠳᠠᠯ ᠎ᠢ ᠵᠥᠪᠯᠡᠬᠦ ᠎ᠳᠦ ᠴᠢᠬᠤᠯᠠ ᠲᠤᠯᠭᠠᠭᠤᠷᠢᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠤ ᠳᠤᠷᠠᠳᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号