ᠲᠤᠬᠠᠶ ᠶ᠋ᠢᠨ ᠲᠠᠯᠠᠪᠠᠶ ᠳ᠋ᠤ 3.2 ᠳ᠋ᠦᠩᠱᠢᠭᠤᠷ ᠲᠥᠭᠥᠷᠢᠭ ᠤ᠋ᠨ ᠭᠡᠷ᠎ᠡ ᠲᠣᠭ᠍ᠲᠠᠵᠤ
ᠮᠠᠨ ᠤ᠋ ᠤᠷᠤᠨ 90 ᠭᠠᠷᠤᠢ ᠬᠤᠪᠢ ᠬᠠᠮᠲᠤᠷᠠᠯᠴᠠᠭᠠᠨ ᠤ᠋ ᠰᠠᠨᠠᠮᠵᠢ ᠲᠤᠭᠳᠠᠵᠠᠢ
4 ᠰᠠᠷ᠎ᠠ ᠶ᠋ᠢᠨ 24 ᠤ᠋ ᠡᠳᠦᠷ 《ᠳᠠᠪᠠᠭᠤᠯᠢᠭ ᠢ᠋ᠶ᠋ᠡᠨ ᠨᠢᠭᠡᠳᠬᠡᠨ ᠬᠦᠴᠦᠨ ᠢ᠋ᠶ᠋ᠡᠨ ᠬᠤᠷᠠᠮᠳᠤᠭᠤᠯᠵᠤ᠂ ᠰᠢᠨ᠎ᠠ ᠵᠢ ᠲᠦᠪᠯᠡᠷᠡᠬᠦᠯᠦᠨ ᠳᠠᠯᠳᠠ ᠬᠦᠴᠦᠨ ᠢ᠋ ᠠᠭᠤᠳᠠᠯᠵᠦ᠂ ᠰᠢᠨ᠎ᠠ ᠨᠡᠮᠡᠭᠳᠡᠯ ᠢ᠋ ᠳᠠᠢᠴᠢᠯᠠᠬᠤ》 ᠪᠡᠷ ᠭᠤᠤᠯ ᠰᠡᠳᠦᠪ ᠪᠤᠯᠭᠠᠭᠰᠠᠨ 2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ ᠶ᠋ᠢᠨ ᠠᠷᠠᠯᠵᠢᠶᠠᠨ ᠤ᠋ ᠴᠤᠭ᠍ᠯᠠᠭᠠᠨ ᠲᠡᠭᠦᠰ ᠠᠮᠵᠢᠯᠲᠠ ᠲᠠᠶ ᠥᠨᠳᠥᠷᠯᠡᠪᠡ᠃ ᠲᠣᠰ ᠤᠳᠠᠭ᠎ᠠ ᠵᠢᠨ ᠠᠷᠠᠯᠵᠢᠶᠠᠨ ᠤ᠋ ᠴᠤᠭ᠍ᠯᠠᠭᠠᠨ ᠳ᠋ᠤ 8000 ᠱᠢᠬᠠᠮ ᠬᠥᠮᠦᠨ ᠣᠷᠣᠯᠴᠠᠵᠤ᠂ ᠲᠤᠬᠠᠶ ᠶ᠋ᠢᠨ ᠲᠠᠯᠠᠪᠠᠶ ᠳ᠋ᠤ 3.2 ᠳ᠋ᠦᠩᠱᠢᠭᠤᠷ ᠲᠥᠭᠥᠷᠢᠭ ᠤ᠋ᠨ ᠭᠡᠷ᠎ᠡ ᠲᠣᠭ᠍ᠲᠠᠵᠤ᠂ ᠠᠷᠠᠯᠵᠢᠶᠠᠨ ᠤ᠋ ᠴᠤᠭ᠍ᠯᠠᠭᠠᠨ ᠤ᠋ ᠬᠤᠭᠤᠴᠠᠭᠠᠨ ᠳ᠋ᠤ ᠲᠤᠭᠳᠠᠭᠰᠠᠨ ᠬᠠᠮᠲᠤᠷᠠᠯᠴᠠᠭᠠᠨ ᠤ᠋ ᠰᠠᠨᠠᠮᠵᠢ ᠶ᠋ᠢᠨ ᠲᠥᠷᠥᠯ ᠵᠦᠶ᠋ᠯ ᠤ᠋ᠨ ᠵᠤᠭᠤᠰ ᠤ᠋ᠨ ᠬᠡᠮᠵᠢᠶ᠎ᠠ 8 ᠳ᠋ᠦᠩᠱᠢᠭᠤᠷ ᠲᠥᠭᠥᠷᠢᠭ ᠲᠦ᠍ ᠬᠦᠷᠴᠡᠢ᠃
ᠲᠤᠰ ᠠᠷᠠᠯᠵᠢᠶᠠᠨ ᠤ᠋ ᠴᠤᠭᠯᠠᠭᠠᠨ ᠨᠢ ᠥᠪᠥᠷ ᠮᠣᠩᠭᠣᠯ ᠳ᠋ᠤ ᠭᠠᠵᠠᠷ ᠣᠷᠣᠨ ᠤ᠋ ᠪᠠᠨ ᠱᠢᠯᠢᠳᠡᠭ ᠰᠣᠶᠣᠯ ᠤ᠋ᠨ ᠡᠬᠢ ᠪᠠᠶᠠᠯᠢᠭ ᠢ᠋ ᠭᠦᠢᠴᠡᠳ ᠠᠭᠤᠳᠠᠯᠤᠨ ᠨᠡᠢᠳᠭᠡᠵᠦ᠍᠂ ᠳᠡᠯᠭᠡᠨ ᠦᠵᠡᠭᠦᠯᠵᠦ᠍᠂ ᠲᠤᠭᠯᠠᠯᠳᠠ ᠵᠢᠨ ᠡᠬᠢ ᠪᠠᠶᠠᠯᠢᠭ ᠵᠢᠡᠨ ᠪᠦᠬᠦ᠌ ᠲᠠᠯ᠎ᠠ ᠪᠠᠷ ᠲᠠᠨᠢᠯᠴᠠᠭᠤᠯᠬᠤ ᠳ᠋ᠤ ᠤᠯᠤᠰ ᠤ᠋ᠨ ᠲᠡᠰ ᠤ᠋ᠨ ᠳᠠᠪᠴᠠᠩ ᠬᠠᠩᠭᠠᠵᠠᠢ᠃ ᠴᠤᠭᠯᠠᠭᠠᠨ ᠳ᠋ᠤ 1500 ᠲᠡᠭ᠌ᠰᠢ ᠳᠥᠷᠪᠡᠯᠵᠢᠨ ᠮᠸᠲᠷ ᠳᠠᠯᠠᠪᠠᠢ ᠪᠦᠬᠦᠢ ᠥᠪᠥᠷ ᠮᠣᠩᠭᠣᠯ ᠤ᠋ᠨ ᠲᠤᠰᠭᠠᠢ ᠰᠡᠳᠦᠪᠲᠦ ᠦᠵᠡᠭᠦᠯᠭᠡ ᠶ᠋ᠢᠨ ᠲᠣᠭᠣᠷᠢᠭ ᠪᠠᠢᠭᠤᠯᠵᠤ᠂ ᠦᠵᠡᠭᠦᠯᠭᠡ ᠳ᠋ᠤ ᠣᠷᠣᠯᠴᠠᠭ᠍ᠰᠠᠨ 15 ᠨᠢᠭᠡᠴᠢ ᠡᠴᠡ 200 ᠭᠠᠷᠤᠢ ᠵᠦᠢᠯ ᠤ᠋ᠨ ᠱᠢᠯᠢᠳᠡᠭ ᠲᠣᠭ᠍ᠯᠠᠯᠲᠠ ᠶ᠋ᠢᠨ ᠲᠦᠷᠦᠯ ᠵᠦᠢᠯ ᠢ᠋ ᠲᠥᠪᠯᠡᠷᠡᠭᠦᠯᠦᠨ ᠦᠵᠡᠭᠦᠯᠵᠦ᠍᠂ ᠡᠬᠦᠨ ᠳᠤ ᠮᠤᠷᠢᠨ ᠬᠤᠭᠤᠷ᠂ ᠬᠥᠭᠡᠮᠡᠢ᠂ ᠤᠷᠳᠤ ᠶ᠋ᠢᠨ ᠳᠠᠭᠤᠤ ᠵᠡᠷᠭᠡ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠷᠠᠯᠢᠭ ᠤ᠋ᠨ ᠡᠬᠢ ᠪᠠᠶᠠᠯᠢᠭ ᠪᠣᠯᠤᠨ ᠤᠯᠠᠭᠠᠨᠮᠥ᠋ᠴᠢᠷ ᠤ᠋ᠨ ᠬᠤᠪᠢᠰᠭᠠᠯᠲᠤ ᠤᠳᠭ᠎ᠠ ᠤᠷᠠᠯᠢᠭ ᠤ᠋ᠨ ᠡᠬᠢ ᠪᠠᠶᠠᠯᠢᠭ ᠲᠦ᠍ ᠲᠦᠱᠢᠭ᠌ᠯᠡᠨ ᠳᠠᠭᠤ ᠳᠦᠷᠰᠦ ᠱᠢᠩᠭᠡᠭᠡᠯᠲᠡ᠂ ᠲᠣᠭᠠᠴᠢᠯᠠᠭ᠍ᠰᠠᠨ AI ᠮᠡᠷᠭᠡᠵᠢᠯ᠂ ᠵᠢᠷᠤᠭ ᠦᠰᠦᠭ᠌ᠲᠦ ᠵᠠᠷ ᠵᠡᠷᠭᠡ ᠤᠯᠠᠨ ᠡᠱᠢᠵᠢᠭ᠌ᠰᠡᠨ ᠬᠡᠯᠪᠡᠷᠢ ᠪᠡᠷ ᠪᠦᠬᠦ᠌ ᠲᠠᠯ᠎ᠠ ᠪᠠᠷ ᠢᠯᠡᠷᠡᠭᠦᠯᠪᠡ᠃
ᠲᠤᠰ ᠤᠳᠠᠭ᠎ᠠ ᠶ᠋ᠢᠨ ᠠᠷᠠᠯᠵᠢᠶᠠᠨ ᠤ᠋ ᠴᠤᠭ᠍ᠯᠠᠭᠠᠨ ᠨᠢ ᠥᠪᠥᠷ ᠮᠣᠩᠭᠣᠯ ᠤ᠋ᠨ ᠬᠡᠷᠡᠭ᠌ᠯᠡᠭᠡ ᠵᠢ ᠬᠥᠭ᠌ᠵᠢᠭᠡᠬᠦ᠌᠂ ᠠᠭᠤᠰᠤᠯᠴᠠᠯ ᠢ᠋ ᠳᠠᠢᠴᠢᠯᠠᠬᠤ᠂ ᠬᠤᠳᠠᠯᠳᠤᠭᠠᠨ ᠤ᠋ ᠠᠵᠠ ᠲᠣᠬᠢᠶᠠᠯ ᠢ᠋ ᠥᠷᠭᠡᠳᠭᠡᠬᠦ᠌ ᠬᠦᠴᠦᠲᠦ ᠬᠥᠳᠡᠯᠭᠡᠭᠦᠷ ᠪᠤᠯᠵᠤ᠂ ᠲᠣᠭ᠍ᠯᠠᠯᠲᠠ ᠶ᠋ᠢᠨ ᠠᠵᠤ ᠠᠬᠤᠢ ᠶ᠋ᠢᠨ ᠦᠷᠡᠵᠢᠭᠦᠯᠬᠦ᠌ ᠦᠢᠯᠡᠳᠦᠯ ᠢ᠋ ᠦᠷᠭᠦᠯᠵᠢᠯᠡᠨ ᠪᠠᠳᠠᠷᠠᠭᠤᠯᠤᠭᠰᠠᠨ ᠪᠠᠢᠨ᠎ᠠ᠃ ᠬᠥᠬᠡᠬᠣᠲᠠ ᠶ᠋ᠢᠨ ᠰᠣᠶᠣᠯ ᠵᠢᠭᠤᠯᠴᠢᠯᠠᠯ ᠤ᠋ᠨ ᠪᠡᠯᠡ ᠣᠷᠣᠭᠤᠯᠤᠯᠲᠠ ᠶ᠋ᠢᠨ ᠪᠦᠯᠦᠭ᠌ᠯᠡᠯ 《ᠪᠤᠭᠤᠷᠤᠯ ᠲᠡᠥᠬᠡ ᠵᠢᠨ ᠬᠦᠯᠦᠭ ᠤ᠋ᠨ ᠮᠠᠭ᠍ᠲᠠᠭᠠᠯ》᠂ ᠴᠡᠯᠡᠭᠡᠷ ᠲᠠᠯ᠎ᠠ ᠵᠢᠨ ᠠᠮᠠᠷᠠᠯᠲᠠ ᠶ᠋ᠢᠨ ᠣᠷᠣᠨ ᠪᠤᠯᠤᠨ ᠰᠣᠳᠣᠨ ᠳᠠᠭᠤᠤ ᠪᠥᠵᠢᠭ᠌ᠲᠦ ᠵᠦᠴᠦᠭᠡ ᠪᠡᠨ ᠭᠣᠣᠯᠳᠠᠯᠭ᠎ᠠ ᠲᠠᠶ ᠲᠠᠨᠢᠯᠴᠠᠭᠤᠯᠵᠤ᠂ ᠮᠤᠵᠢ ᠠᠯᠤᠰᠯᠠᠨ ᠲᠣᠭᠣᠷᠢᠨ ᠲᠣᠭ᠍ᠯᠠᠬᠤ᠂ ᠦᠵᠡᠮᠵᠢ ᠶ᠋ᠢᠨ ᠣᠷᠣᠨ ᠳ᠋ᠤ ᠲᠣᠭ᠍ᠯᠠᠯᠲᠠ ᠭᠠᠷᠭᠠᠬᠤ᠂ ᠰᠣᠶᠣᠯ ᠵᠢᠭᠤᠯᠴᠢᠯᠠᠯ ᠤ᠋ᠨ ᠬᠢᠨ ᠨᠡᠷ᠎ᠡ ᠬᠣᠯᠪᠣᠭᠠᠯᠠᠨ ᠬᠠᠮᠲᠤᠷᠠᠯᠴᠠᠬᠤ ᠵᠢ ᠲᠤᠬᠠᠢ ᠶ᠋ᠢᠨ ᠲᠠᠯᠠᠪᠠᠢ ᠳ᠋ᠤ ᠪᠡᠶᠡᠯᠡᠭᠦᠯᠵᠦ᠍᠂ ᠠᠷᠠᠯᠵᠢᠶᠡᠨ ᠤ᠋ ᠴᠤᠭᠯᠠᠭᠠᠨ ᠤ᠋ ᠰᠠᠨᠠᠮᠵᠢ ᠶ᠋ᠢᠨ ᠠᠷᠠᠯᠵᠢᠶ᠎ᠠ ᠲᠤᠬᠢᠷᠠᠯᠴᠠᠬᠤ ᠭᠣᠣᠯ ᠬᠦᠴᠦᠨ ᠪᠣᠯᠵᠠᠢ; ᠬᠥᠯᠥᠨ ᠪᠣᠢᠷ ᠬᠤᠳᠠ 8 ᠨᠢᠭᠡᠴᠢ ᠲᠠᠢ ᠬᠠᠮᠳᠤᠷᠠᠯᠴᠠᠭᠠᠨ ᠤ᠋ ᠰᠠᠨᠠᠮᠵᠢ ᠲᠤᠭᠳᠠᠨ᠂ ᠦᠬᠠᠶ ᠬᠣᠲᠠ ᠣᠷᠣᠨ ᠤ᠋ ᠭᠠᠳᠠᠨᠠᠬᠢ 5 ᠪᠠᠢᠭᠤᠯᠭ᠎ᠠ ᠨᠢᠭᠡᠴᠢ ᠲᠠᠢ ᠬᠠᠮᠲᠤᠷᠠᠯᠴᠠᠭᠠᠨ ᠤ᠋ ᠰᠠᠨᠠᠮᠵᠢ ᠲᠣᠭ᠍ᠲᠣᠣᠠᠵᠤ᠂ ᠠᠷᠠᠳ ᠤ᠋ᠨ ᠵᠠᠩ ᠦᠶ᠋ᠯᠡ ᠶ᠋ᠢᠨ ᠲᠣᠭ᠍ᠯᠠᠯᠲᠠ᠂ ᠤᠯᠠᠭᠠᠨᠮᠥ᠋ᠴᠢᠷ ᠤ᠋ᠨ ᠲᠣᠭᠣᠷᠢᠨ ᠲᠣᠭ᠍ᠯᠠᠯᠲᠠ ᠵᠢ ᠭᠤᠤᠯᠯᠠᠨ ᠬᠢᠬᠦ ᠪᠡᠷ ᠲᠤᠭᠳᠠᠵᠠᠢ; ᠮᠠᠨᠵᠤᠤᠷ ᠬᠤᠳᠠ ᠬᠢᠯᠢ ᠶ᠋ᠢᠨ ᠪᠣᠭᠣᠮᠲᠠ ᠶ᠋ᠢᠨ ᠳᠠᠪᠠᠭᠤᠯᠢᠭ ᠲᠠᠭᠠᠨ ᠲᠦᠱᠢᠭ᠌ᠯᠡᠨ ᠣᠷᠣᠰ ᠮᠣᠩᠭᠣᠯ᠂ ᠧᠦ᠋ᠷᠣᠫᠠ ᠲᠢᠪ ᠤ᠋ᠨ ᠤᠷᠠᠨ ᠰᠠᠢᠬᠠᠨ ᠤ᠋ ᠲᠣᠭ᠍ᠯᠠᠯᠲᠠ ᠶ᠋ᠢᠨ ᠰᠣᠶᠣᠯ ᠤ᠋ᠨ ᠬᠠᠮᠲᠤᠷᠠᠯᠴᠠᠭ᠎ᠠ ᠯᠤᠭ᠎ᠠ ᠭᠤᠤᠯᠳᠠᠯᠭ᠎ᠠ ᠲᠠᠶ ᠵᠣᠯᠭᠠᠭᠤᠯᠵᠤ᠂ ᠲᠣᠰ ᠭᠠᠵᠠᠷ ᠣᠷᠣᠨ ᠤ᠋ ᠪᠠᠨ ᠤᠷᠠᠨ ᠰᠠᠢᠬᠠᠨ ᠤ᠋ ᠲᠣᠭ᠍ᠯᠠᠯᠲᠠ ᠶ᠋ᠢᠨ《ᠭᠠᠳᠠᠭᠠᠳᠦ ᠳ᠋ᠤ ᠭᠠᠷᠬᠤ》 ᠶ᠋ᠢ ᠠᠬᠢᠭᠤᠯᠵᠤ᠂ ᠬᠢᠯᠢ ᠠᠯᠤᠰᠯᠠᠭ᠍ᠰᠠᠨ ᠤᠷᠠᠨ ᠰᠠᠢᠬᠠᠨ ᠤ᠋ ᠰᠣᠯᠢᠯᠴᠠᠭᠠᠨ ᠤ᠋ ᠵᠠᠮ ᠢ᠋ ᠨᠡᠪᠲᠡᠷᠡᠭᠦᠯᠪᠡ᠃
ᠠᠷᠠᠯᠵᠢᠶᠡᠨ ᠤ᠋ ᠴᠤᠭᠯᠠᠭᠠᠨ ᠳ᠋ᠤ ᠮᠠᠨ ᠤ᠋ ᠤᠷᠤᠨ ᠨᠡᠢᠲᠡ 4 ᠵᠦᠶ᠋ᠯ ᠤ᠋ᠨ ᠭᠡᠷ᠎ᠡ ᠲᠣᠭ᠍ᠲᠠᠨ᠂ 90 ᠭᠠᠷᠤᠢ ᠬᠤᠪᠢ ᠬᠠᠮᠲᠤᠷᠠᠯᠴᠠᠭᠠᠨ ᠤ᠋ ᠰᠠᠨᠠᠮᠵᠢ ᠲᠤᠭᠳᠠᠵᠤ᠂ ᠬᠠᠮᠲᠤᠷᠠᠨ ᠠᠵᠢᠯᠯᠠᠬᠤ ᠲᠠᠯ᠎ᠠ ᠨᠢ ᠪᠡᠭᠡᠵᠢᠩ᠂ ᠱᠠᠨᠳᠦ᠋ᠩ ᠵᠡᠷᠭᠡ ᠭᠠᠵᠠᠷ ᠤ᠋ᠨ ᠪᠠᠢᠭᠤᠯᠤᠮᠵᠢ ᠪᠡᠷ ᠭᠤᠤᠯᠯᠠᠵᠦ᠂ ᠪᠦᠬᠦ᠌ ᠤᠯᠤᠰ ᠤ᠋ᠨ ᠲᠤᠭᠤᠷᠢᠨ ᠲᠣᠭ᠍ᠯᠠᠯᠲᠠ᠂ ᠲᠢᠶᠠᠲ᠋ᠷ ᠤ᠋ᠨ ᠪᠠᠢᠩᠭᠤ ᠵᠢᠨ ᠲᠣᠭ᠍ᠯᠠᠯᠳᠠ᠂ ᠦᠵᠡᠮᠵᠢ ᠶ᠋ᠢᠨ ᠣᠷᠣᠨ ᠤ᠋ ᠰᠣᠶᠣᠯ ᠵᠢᠭᠤᠯᠴᠢᠯᠠᠯ ᠤ᠋ᠨ ᠲᠣᠭ᠍ᠯᠠᠯᠲᠠ ᠵᠢ ᠬᠠᠮᠲᠤ ᠪᠠᠷ ᠪᠠᠢᠭᠤᠯᠬᠤ᠂ ᠲᠣᠭ᠍ᠯᠠᠯᠲᠠ ᠶ᠋ᠢᠨ ᠤᠷᠠᠯᠢᠭ ᠤ᠋ᠨ IP ᠵᠢ ᠴᠤᠭᠴᠠᠯᠠᠬᠤ᠂ ᠬᠢᠯᠢ ᠠᠯᠤᠰᠯᠠᠭ᠍ᠰᠠᠨ ᠰᠣᠶᠣᠯ ᠤ᠋ᠨ ᠰᠣᠯᠢᠯᠴᠠᠭ᠎ᠠ᠂ ᠳᠠᠢᠰᠠᠨ ᠤ᠋ ᠲᠥᠬᠥᠭᠡᠷᠦᠮᠵᠢ ᠶ᠋ᠢᠨ ᠬᠠᠮᠲᠤᠷᠠᠯᠴᠠᠭ᠎ᠠ᠂ ᠲᠣᠭ᠍ᠯᠠᠯᠲᠠ ᠶ᠋ᠢᠨ ᠴᠢᠳᠠᠪᠤᠷᠢᠲᠠᠨ ᠤ᠋ ᠰᠣᠯᠢᠯᠴᠠᠭ᠎ᠠ ᠵᠡᠷᠭᠡ ᠪᠦᠬᠦ᠌ ᠠᠵᠤ ᠦᠢᠯᠡᠰ ᠤ᠋ᠨ ᠬᠡᠯᠬᠢᠶ᠎ᠡ ᠵᠢ ᠬᠠᠮᠤᠴᠤ᠂ ᠥᠪᠥᠷ ᠮᠣᠩᠭᠣᠯ ᠤ᠋ᠨ ᠤᠷᠲᠤ ᠶ᠋ᠢᠨ ᠳᠠᠭᠤᠤ᠂ ᠬᠦᠬᠡᠮᠠᠢ᠂ ᠮᠣᠷᠢᠨ ᠬᠤᠭᠤᠷ᠂ ᠲᠠᠯ᠎ᠠ ᠨᠤᠲᠤᠭ ᠤ᠋ᠨ ᠤᠯᠠᠭᠠᠨᠮᠥ᠋ᠴᠢᠷ ᠤ᠋ᠨ ᠣᠨᠴᠠᠯᠢᠭ᠍ᠲᠤ ᠲᠣᠭ᠍ᠯᠠᠯᠲᠠ ᠵᠢ ᠪᠦᠬᠦ᠌ ᠤᠯᠤᠰ ᠲᠦ᠍ ᠲᠦᠭᠡᠭᠡᠨ ᠳᠡᠯᠭᠡᠷᠡᠬᠦᠯᠬᠦ ᠵᠢ ᠠᠬᠢᠭᠤᠯᠪᠠ᠃ ᠡᠭᠦᠨ ᠤ᠋ᠬᠠᠮᠳᠤ ᠪᠠᠰᠠ ᠤᠯᠤᠰ ᠤ᠋ᠨ ᠳᠣᠲᠣᠭᠠᠳᠤ ᠶ᠋ᠢᠨ ᠱᠢᠯᠢᠳᠡᠭ ᠲᠤᠭᠯᠠᠯᠳᠠ᠂ ᠳᠠᠭᠤᠤ ᠬᠥᠭ᠌ᠵᠢᠮ ᠤ᠋ᠨ ᠨᠠᠢᠷ ᠪᠠ ᠪᠡᠶᠡᠴᠢᠯᠡᠨ ᠤᠢᠯᠠᠭᠠᠬᠤ ᠲᠣᠭ᠍ᠯᠠᠯᠲᠠ ᠵᠡᠷᠬᠡ ᠵᠢ ᠥᠪᠥᠷ ᠮᠣᠩᠭᠣᠯ ᠳ᠋ᠤ ᠤᠷᠤᠭᠤᠯᠵᠦ᠂ 《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ᠌ ᠤ᠋ᠨ ᠪᠠᠢᠭᠤᠯᠤᠯᠲᠠ ᠬᠢᠭᠡᠳ ᠪᠥᠬᠥ᠌ ᠣᠷᠣᠨ ᠪᠦᠰᠡ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠶ᠋ᠢᠨ ᠲᠠᠰ ᠳᠡᠪᠱᠢᠬᠦ᠌ ᠵᠢ ᠬᠦᠴᠦᠯᠡᠨ ᠠᠬᠢᠭᠤᠯᠤᠭᠰᠠᠨ ᠪᠠᠢᠨ᠎ᠠ᠃