2025 ᠤᠨ᠎ᠤ 9 ᠰᠠᠷ᠎ᠠ᠎ᠶ᠋ᠢᠨ 28᠎ᠤ᠋ ᠡᠳᠦᠷ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠪᠦᠯᠬᠦᠮᠳᠡᠯ ᠪᠠᠭ᠎ᠠ ᠰᠤᠷᠭᠠᠭᠤᠯᠢ ᠪᠣᠯᠤᠨ ᠯᠢᠤᠵᠸᠤ ᠬᠣᠲᠠ᠎ᠶ᠋ᠢᠨ ᠶᠣᠣ ᠪᠦ᠋ ᠵᠡᠭᠡᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠠᠩᠭᠢ᠎ᠶ᠋ᠢᠨ ᠲᠣᠭᠵᠡᠷᠭᠡ ᠪᠡᠷ ᠮᠠᠨᠳᠤᠵᠦ᠂ ᠮᠢᠩᠭᠠᠨ ᠭᠠᠵᠠᠷ᠎ᠢ ᠠᠯᠤᠰᠯᠠᠭ᠍ᠰᠠᠨ 《ᠡᠭᠦᠯᠡᠨ ᠲᠡᠪᠴᠡᠩ》 ᠳᠡᠭᠡᠷᠡᠬᠢ ᠭᠠᠷ ᠭᠠᠷ᠎ᠢᠶᠠᠨ ᠬᠣᠯᠪᠣᠯᠴᠠᠬᠤ ᠠᠵᠢᠯᠯᠠᠭ᠎ᠠ ᠨᠢ ᠡᠬᠡ ᠤᠯᠤᠰ᠎ᠤᠨ ᠤᠮᠠᠷᠠᠲᠤ ᠵᠢᠨ ᠬᠥᠬᠡᠬᠣᠲᠠ ᠪᠠ ᠡᠬᠡ ᠤᠯᠤᠰ᠎ᠤᠨ ᠡᠮᠦᠨᠡᠲᠦ ᠬᠢᠵᠠᠭᠠᠷ᠎ᠤᠨ ᠯᠢᠦᠵᠸᠤ ᠬᠣᠲᠠ᠎ᠶ᠋ᠢᠨ ᠬᠣᠶᠠᠷ ᠰᠤᠷᠭᠠᠭᠤᠯᠢ᠎ᠶ᠋ᠢᠨ 2000 ᠭᠠᠷᠤᠶ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠎ᠤ ᠰᠡᠳᠬᠢᠯ ᠵᠢᠷᠦᠭᠡ᠎ᠶᠢ ᠬᠣᠯᠪᠣᠪᠠ᠃
《ᠬᠥᠬᠡᠬᠣᠲᠠ ᠴᠦ᠍ ᠲᠡᠷᠡ ᠯᠢᠦᠵᠧᠦ ᠴᠦ᠍ ᠭᠡᠰᠡᠨ᠂ ᠪᠢᠳᠡ ᠪᠦᠷ ᠳᠤᠮᠳᠠᠳᠤ᠎ᠶ᠋ᠢᠨ ᠦᠨᠳᠦᠰᠦᠲᠡᠨ᠎ᠦ ᠦᠷ᠎ᠡ ᠬᠣᠢᠴᠢᠰ ᠮᠥᠨ᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ ᠬᠡᠷᠡᠭ᠌ᠲᠡᠢ!》 ᠪᠦᠯᠬᠦᠮᠳᠡᠯ ᠪᠠᠭ᠎ᠠ ᠰᠤᠷᠭᠠᠭᠤᠯᠢ᠎ᠶ᠋ᠢᠨ ᠳᠥᠷᠪᠡᠳᠦᠭᠡᠷ ᠣᠨ᠎ᠤ ᠨᠢᠭᠡᠳᠦᠭᠡᠷ ᠠᠩᠭᠢ᠎ᠶ᠋ᠢᠨ ᠲᠤᠶᠠᠭ᠎ᠠ ᠪᠣᠯ ᠡᠨᠡ ᠤᠳᠠᠭᠠᠨ᠎ᠤ ᠱᠢᠯᠦᠭ᠎ᠦᠨ ᠤᠷᠠᠨ ᠤᠩᠱᠢᠯᠭ᠎ᠠ᠎ᠵᠢᠨ ᠳᠠᠭᠠᠭᠤᠯᠤᠨ ᠤᠶᠠᠩᠭᠠᠯᠠᠬᠴᠢ ᠪᠣᠯᠤᠨ᠎ᠠ᠃ ᠲᠡᠭᠦᠨ᠎ᠦ ᠡᠪᠦᠭᠡ ᠳᠡᠭᠡᠳᠦᠰ ᠨᠢ ᠱᠢᠯᠢ᠎ᠶ᠋ᠢᠨ ᠭᠣᠣᠯ᠎ᠤᠨ ᠲᠠᠯ᠎ᠠ ᠨᠤᠲᠤᠭ᠎ᠤᠨ ᠮᠠᠯᠴᠢᠨ ᠪᠤᠯᠤᠨ᠎ᠠ᠂ ᠤᠳᠤ ᠲᠡᠷᠡ ᠨᠢᠭᠡᠨᠲᠡ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠨ ᠡᠵᠡᠮᠰᠢᠵᠦ ᠴᠢᠳᠠᠬᠰᠠᠨ ᠪᠠᠢᠯ᠎ᠠ᠃
ᠡᠭᠦᠨ᠎ᠲᠡᠶ ᠠᠳᠠᠯᠢ᠎ᠪᠠᠷ᠂ 《ᠠᠭᠤᠯᠠ ᠲᠠᠯ᠎ᠠ ᠤᠰᠤ ᠮᠦᠷᠡᠨ᠎ᠢ ᠳᠠᠪᠠᠵᠦ ᠰᠡᠳᠭᠢᠯ ᠨᠢᠭᠡᠳᠦᠨ ᠬᠠᠮᠲᠤ᠎ᠪᠠᠷ ᠤᠷᠤᠭ᠍ᠰᠢᠯᠠᠶ᠎ᠠ》 ᠭᠡᠬᠦ ᠭᠣᠣᠯ ᠰᠡᠳᠦᠪᠲᠦ ᠦᠨᠳᠦᠰᠦᠲᠡᠨ᠎ᠦ ᠪᠦᠯᠬᠦᠮᠳᠡᠯ᠎ᠦᠨ 《ᠭᠠᠷ ᠭᠠᠷ᠎ᠢᠶᠠᠨ ᠬᠣᠯᠪᠣᠯᠴᠠᠬᠤ》 ᠡᠭᠦᠯᠡᠨ ᠲᠡᠪᠴᠡᠩ᠎ᠤᠨ ᠨᠥᠬᠥᠷᠰᠡᠭ ᠰᠤᠷᠭᠠᠭᠤᠯᠢ᠎ᠶ᠋ᠢ ᠬᠠᠮᠲᠤ᠎ᠪᠠᠷ ᠪᠠᠢᠭᠤᠯᠬᠤ ᠠᠵᠢᠯᠯᠠᠭ᠎ᠠ 9 ᠰᠠᠷ᠎ᠠ᠎ᠶ᠋ᠢᠨ 26 ᠤ᠋ ᠡᠳᠦᠷ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠴᠢᠩᠱᠠᠨ ᠪᠠᠭ᠎ᠠ ᠰᠤᠷᠭᠠᠭᠤᠯᠢ᠎ᠶ᠋ᠢᠨ ᠬᠤᠢ ᠳ᠋ᠦᠩ ᠰᠤᠷᠭᠠᠭᠤᠯᠢ᠎ᠶ᠋ᠢᠨ ᠲᠣᠭᠣᠷᠢᠭ᠎ᠲᠤ ᠶᠠᠪᠤᠭ᠍ᠳᠠᠪᠠ᠃ ᠪᠦᠬᠦ᠌ ᠤᠯᠤᠰ᠎ᠤᠨ ᠠᠳᠠᠯᠢ ᠪᠤᠰᠤ ᠬᠤᠳᠠ᠎ᠠᠴᠠ ᠢᠷᠡᠭ᠌ᠰᠡᠨ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ 《ᠡᠭᠦᠯᠡᠨ ᠲᠠᠪᠴᠠᠩ》 ᠳ᠋ᠤ ᠴᠤᠭ᠍ᠯᠠᠷᠠᠵᠤ᠂ ᠪᠠᠷᠢᠮᠵᠢᠶ᠎ᠠ ᠠᠪᠢᠶ᠎ᠠ ᠵᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠪᠡᠷ ᠥᠪᠡᠷ᠎ᠦᠨ ᠨᠤᠲᠤᠭ ᠤᠰᠤ᠎ᠪᠠᠨ ᠣᠷᠣᠯᠠᠨ ᠥᠭᠦᠯᠡᠪᠡ᠃
《ᠬᠡᠳᠦᠢᠪᠡᠷ ᠮᠢᠩᠭᠠᠨ ᠠᠭᠤᠯᠠ ᠲᠦᠮᠡᠨ ᠮᠥᠷᠡᠨ ᠠᠯᠤᠰᠯᠠᠵᠤ ᠠᠳᠠᠯᠢ ᠪᠤᠰᠤ ᠠᠮᠢᠳᠤᠷᠠᠯ᠎ᠤᠨ ᠳᠠᠳᠭᠠᠯ᠎ᠲᠠᠶ ᠪᠤᠯᠤᠬᠰᠠᠨ ᠴᠦ᠍᠂ ᠮᠢᠨᠦ᠍ ᠦᠵᠡᠬᠦ᠌᠎ᠪᠡᠷ ᠨᠦᠬᠦᠭᠡ ᠲᠠᠯ᠎ᠠ᠎ᠶ᠋ᠢᠨ ᠪᠢᠴᠢᠬᠠᠨ ᠨᠠᠢᠵᠠ᠎ᠨᠠᠷ ᠲᠠᠨᠢᠯ ᠪᠤᠰᠤ ᠪᠢᠰᠢ ᠶᠤᠮ》 ᠭᠡᠵᠦ᠍ ᠴᠢᠩᠱᠠᠨ ᠪᠠᠭ᠎ᠠ ᠰᠤᠷᠭᠠᠭᠤᠯᠢ᠎ᠶ᠋ᠢᠨ ᠰᠣᠷᠣᠭ᠍ᠴᠢ ᠵᠠᠩ ᠢ ᠭᠸ ᠢᠨᠢᠶᠡᠮᠰᠦᠭ᠌ᠯᠡᠨ ᠬᠡᠯᠡᠭ᠌ᠰᠡᠨ᠎ᠢᠶᠡᠨ ᠵᠠᠯᠭᠠᠭᠠᠳ᠄ 《ᠤᠴᠢᠷ ᠨᠢ ᠪᠢᠳᠡ ᠪᠣᠯ ᠴᠥᠮ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠮᠡᠳᠡᠳᠡᠭ᠂ ᠴᠥᠮ ᠬᠢᠲᠠᠳ ᠥᠰᠥᠭ ᠪᠢᠴᠢᠳᠡᠭ᠂ ᠪᠢᠳᠡ ᠪᠣᠯ ᠴᠥᠮ ᠡᠬᠡ ᠣᠷᠣᠨ᠎ᠤ ᠶᠡᠬᠡ ᠬᠡᠷ ᠪᠦᠯᠢ᠎ᠶ᠋ᠢᠨ ᠨᠢᠭᠡ ᠭᠡᠱᠢᠭᠦᠨ ᠮᠥᠨ》 ᠭᠡᠯᠡ᠃
ᠡᠢᠮᠦᠷᠬᠦᠦ 《ᠡᠭᠦᠯᠡᠨ ᠲᠡᠪᠴᠡᠩ》 ᠤ᠋ᠨ ᠶᠠᠷᠢᠯᠴᠠᠭ᠎ᠠ ᠨᠢ ᠱᠢᠨ᠎ᠡ ᠬᠣᠲᠠ ᠲᠣᠭᠣᠷᠢᠭ᠎ᠤᠨ ᠡᠯ᠎ᠡ ᠰᠤᠷᠭᠠᠭᠤᠯᠢ᠎ᠶ᠋ᠢᠨ ᠬᠡᠪ᠎ᠦᠨ ᠪᠠᠢᠳᠠᠯ ᠪᠣᠯᠪᠠ᠃ ᠣᠳᠣᠬᠠᠨ᠎ᠳᠤ᠂ ᠱᠢᠨ᠎ᠡ ᠬᠣᠲᠠ ᠲᠣᠭᠣᠷᠢᠭ ᠨᠢᠭᠡᠨᠲᠡ ᠣᠷᠣᠨ᠎ᠤ ᠭᠠᠳᠠᠨᠠᠬᠢ 11 ᠳᠤᠮᠳᠠᠳᠤ ᠪᠠᠭ᠎ᠠ ᠰᠤᠷᠭᠠᠭᠤᠯᠢ ᠲᠠᠶ ᠬᠠᠪᠰᠤᠷᠤᠯᠴᠠᠭ᠎ᠠ ᠪᠠᠢᠭᠤᠯᠵᠤ᠂ ᠬᠣᠯᠪᠣᠭᠠᠯᠠᠨ ᠰᠤᠷᠤᠯᠴᠠᠬᠤ ᠬᠠᠮᠲᠤᠷᠠᠭ᠍ᠰᠠᠨ ᠬᠢᠴᠢᠶᠡᠯ᠂ ᠡᠭᠦᠯᠡᠨ ᠲᠡᠪᠴᠡᠩ᠎ᠦᠨ ᠬᠢᠴᠢᠶᠡᠯ᠎ᠦᠨ ᠲᠠᠩᠬᠢᠮ᠂ ᠰᠤᠳᠤᠯᠤᠨ ᠰᠤᠷᠤᠯᠴᠠᠵᠦ ᠵᠢᠭᠤᠯᠴᠢᠯᠠᠬᠤ ᠵᠡᠷᠭᠡ ᠠᠵᠢᠯᠯᠠᠭ᠎ᠠ ᠥᠷᠨᠢᠭᠦᠯᠪᠡ᠃
ᠱᠢᠨ᠎ᠡ ᠬᠤᠳᠠ ᠲᠣᠭᠣᠷᠢᠭ᠎ᠤᠨ ᠱᠧᠩ ᠯᠢ ᠵᠡᠭᠡᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠬᠣᠶᠠᠳᠤᠭᠠᠷ ᠠᠩᠬᠢ᠎ᠶ᠋ᠢᠨ ᠬᠡᠯᠡ ᠪᠢᠴᠢᠭ᠎ᠦᠨ ᠥᠷᠭᠡᠳᠭᠡᠭ᠌ᠰᠡᠨ ᠬᠢᠴᠢᠶᠡᠯ ᠳᠡᠭᠡᠷ᠎ᠡ᠂ ᠰᠤᠷᠤᠭ᠍ᠴᠢᠳ ᠶᠠᠭ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠵᠢᠡᠷ ᠲᠠᠩ ᠤᠯᠤᠰ᠎ᠤᠨ ᠱᠢᠯᠦᠭ ᠰᠦᠩ ᠤᠯᠤᠰ᠎ᠤᠨ ᠳᠠᠭᠤᠯᠠᠯ᠎ᠢ ᠤᠶᠠᠩᠭᠠᠯᠠᠵᠤ᠂ ᠳᠤᠮᠳᠠᠳᠤ᠎ᠶ᠋ᠢᠨ ᠬᠡᠯᠡᠨ᠎ᠦ ᠭᠤᠤ᠎ᠠ ᠰᠠᠢᠬᠠᠨ᠎ᠢ ᠣᠢᠯᠠᠭᠠᠵᠤ ᠪᠠᠢᠯ᠎ᠠ᠃
《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠨᠢ ᠬᠥᠮᠦᠰ᠎ᠦᠨ ᠤᠯᠤᠯᠴᠠᠭ᠎ᠠ ᠰᠣᠯᠢᠯᠴᠠᠭᠠᠨ᠎ᠤ ᠴᠢᠬᠤᠯᠠ ᠪᠠᠭᠠᠵᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠴᠢᠶᠠᠯᠠᠪᠤᠷᠢ ᠪᠣᠯᠤᠨ᠎ᠠ》᠃ ᠱᠢᠨ᠎ᠡ ᠬᠤᠳᠠ ᠲᠣᠭᠣᠷᠢᠭ᠎ᠤᠨ ᠰᠤᠷᠭᠠᠨ ᠬᠥᠮᠦᠵᠢᠯ᠎ᠦᠨ ᠲᠣᠪᠴᠢᠶᠠᠨ᠎ᠤ ᠳᠡᠳ᠋ ᠳᠠᠷᠤᠭ᠎ᠠ ᠱᠠᠩ ᠬᠤᠢ᠄ 《ᠪᠢᠳᠡ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠬᠡᠯᠡ ᠪᠢᠴᠢᠭ᠎ᠦᠨ ᠬᠢᠴᠢᠶᠡᠯ᠎ᠦᠨ ᠲᠠᠩᠬᠢᠮ᠎ᠤᠨ ᠥᠷᠭᠡᠳᠭᠡᠭ᠌ᠰᠡᠨ ᠵᠢᠭᠠᠨ ᠰᠤᠷᠭᠠᠯᠲᠠ᠎ᠳᠤ ᠣᠷᠣᠭᠤᠯᠵᠤ᠂ ᠰᠣᠩᠭᠣᠳᠠᠭ ᠤᠩᠱᠢᠯᠭ᠎ᠠ᠂ ᠤᠷᠠᠨ ᠪᠢᠴᠢᠯᠭᠡ᠎ᠶ᠋ᠢᠨ ᠵᠢᠭᠠᠨ ᠰᠤᠷᠭᠠᠯᠲᠠ᠂ ᠤᠯᠠᠮᠵᠢᠯᠠᠯᠲᠤ ᠰᠢ ᠵᠦᠴᠦᠭᠡ᠎ᠶ᠋ᠢ ᠰᠣᠨᠢᠷᠬᠠᠬᠤ ᠵᠡᠷᠭᠡ ᠬᠡᠯᠪᠡᠷᠢ᠎ᠪᠡᠷ ᠳᠠᠮᠵᠢᠨ᠂ ᠰᠤᠷᠤᠭ᠍ᠴᠢᠳ᠎ᠢ ᠰᠣᠶᠣᠯ᠎ᠤᠨ ᠨᠥᠯᠥᠭᠡᠯᠡᠯ ᠳᠤᠮᠳᠠ ᠠᠶᠠᠨ᠎ᠳᠠᠭᠠᠨ ᠬᠡᠯᠡ ᠰᠤᠷᠴᠤ᠌ ᠴᠢᠳᠠᠬᠤ ᠪᠣᠯᠭᠠᠵᠤ᠂ ᠬᠡᠯᠡᠨ᠎ᠦ ᠰᠤᠷᠤᠯᠴᠠᠯᠭ᠎ᠠ ᠳᠤᠮᠳᠠ ᠰᠣᠶᠣᠯ᠎ᠤᠨ ᠬᠠᠮᠲᠦ᠎ᠶᠢᠨ ᠲᠠᠨᠢᠯᠲᠠ᠎ᠶ᠋ᠢ ᠭᠦᠨᠵᠡᠭᠡᠢᠷᠡᠭᠦᠯᠪᠡ》 ᠭᠡᠵᠡᠢ᠃
ᠱᠢᠨ᠎ᠡ ᠬᠣᠲᠠ ᠲᠣᠭᠣᠷᠢᠭ᠎ᠤᠨ ᠰᠤᠷᠭᠠᠨ ᠬᠥᠮᠦᠵᠢᠯ᠎ᠦᠨ ᠦᠶ᠋ᠯᠡᠳᠦᠯᠭᠡ ᠨᠢ ᠬᠡᠯᠡᠨ᠎ᠦ ᠳᠠᠪᠬᠤᠷᠭ᠎ᠠ᠎ᠵᠢᠨ ᠳᠡᠳᠦᠢ ᠪᠢᠰᠢ᠂ ᠨᠠᠩ ᠴᠢᠨᠠᠬᠰᠢᠯᠠᠨ ᠳᠤᠮᠳᠠᠳᠤ᠎ᠶ᠋ᠢᠨ ᠰᠣᠶᠣᠯ᠎ᠤᠨ ᠬᠠᠮᠲᠤ᠎ᠶ᠋ᠢᠨ ᠲᠠᠨᠢᠯᠲᠠ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯᠬᠦᠷᠳᠡᠯᠡ ᠭᠦᠨᠵᠡᠭᠡᠢᠷᠡᠭᠦᠯᠪᠡ᠃ 《ᠱᠢᠨ᠎ᠡ ᠬᠣᠲᠠ ᠲᠤᠭᠤᠷᠢᠭ᠎ᠤᠨ ᠵᠢᠵᠢᠭ ᠠᠨᠠᠷ᠎ᠤᠨ ᠦᠷ᠎ᠡ》 ᠵᠢᠨ 1 + 6 + N ᠶᠡᠬᠡ ᠳᠤᠮᠳᠠ ᠪᠠᠭ᠎ᠠ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭ᠍ᠴᠠᠵᠢᠭᠤᠯᠤᠭ᠍ᠰᠠᠨ ᠣᠨᠴᠠᠯᠢᠭ᠍ᠲᠤ ᠬᠢᠴᠢᠶᠡᠯ᠎ᠦᠨ ᠪᠠᠢᠭᠤᠯᠤᠯᠲᠠ᠎ᠳᠤ᠂ 《ᠬᠡᠦᠬᠡᠳ᠎ᠤᠨ ᠢᠵᠢᠯᠢ ᠳᠠᠭᠤᠳᠠᠯᠭ᠎ᠠ ᠵᠢᠨ ᠬᠦᠮᠦᠵᠢᠯ》 ᠲᠥᠯᠥᠪᠯᠡᠭᠡ᠂ 《ᠵᠢᠵᠢᠭ ᠠᠨᠠᠷ᠎ᠤᠨ ᠦᠷ᠎ᠡ ᠳᠤᠮᠳᠠᠳᠤ᠎ᠶᠢ ᠦᠬᠦᠯᠡᠬᠦᠢ》 ᠵᠡᠷᠭᠡ ᠠᠵᠢᠯᠯᠠᠭ᠎ᠠ᠎ᠶ᠋ᠢᠨ ᠬᠡᠯᠪᠡᠷᠢ᠎ᠪᠡᠷ ᠳᠠᠮᠵᠢᠭᠤᠯᠤᠨ᠂ 8 ᠲᠦᠮᠡ ᠭᠠᠷᠤᠶ ᠰᠤᠷᠤᠭ᠍ᠴᠢ᠎ᠵᠢ ᠲᠡᠳᠡᠨ ᠣᠷᠣᠯᠴᠠᠭᠤᠯᠪᠠ᠃