4 ᠰᠠᠷ᠎ᠠ᠎ᠶ᠋ᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠪᠤᠭᠤᠲᠤ ᠬᠤᠳᠠ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠪᠡ᠃ ᠲᠡᠷᠡ᠂ ᠪᠤᠭᠤᠲᠤ ᠬᠣᠲᠠ ᠵᠢᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠬᠤᠷᠳᠤᠴᠠ ᠪᠡᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠪᠠᠢᠭᠠᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠤᠨ᠂ ᠠᠵᠤ ᠦᠶ᠋ᠯᠡᠳᠪᠦᠷᠢ᠎ᠶ᠋ᠢᠨ ᠲᠣᠭ᠍ᠲᠠᠭᠤᠨ ᠨᠡᠮᠡᠭ᠌ᠳᠡᠯ᠎ᠢ ᠪᠠᠲᠤᠯᠠᠵᠤ᠂ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃

4 ᠰᠠᠷ᠎ᠠ᠎ᠶ᠋ᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠪᠤᠭᠤᠲᠤ᠎ᠶ᠋ᠢᠨ ᠬᠥᠩᠭᠡᠨ ᠴᠠᠭᠠᠨ᠎ᠤ ᠦᠶ᠋ᠯᠡᠰ᠎ᠦᠨ ᠬᠢᠵᠠᠭᠠᠷᠲᠤ ᠺᠣᠮᠫᠠᠨᠢ᠎ᠳᠤ ᠬᠦᠷᠴᠦ᠍᠂ ᠠᠵᠤ ᠦᠶ᠋ᠯᠡᠰ᠎ᠦᠨ ᠪᠠᠢᠷᠢᠱᠢᠭᠤᠯᠤᠯᠲᠠ᠂ ᠦᠶ᠋ᠯᠡᠳᠪᠦᠷᠢᠯᠡᠯ ᠡᠵᠡᠩᠨᠡᠯᠲᠡ᠂ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠦᠭ᠌ᠰᠡᠨ ᠵᠡᠷᠭᠡ ᠪᠠᠢᠳᠠᠯ᠎ᠢ ᠨᠠᠷᠢᠨ ᠤᠢᠯᠠᠭᠠᠪᠠ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠸᠠᠩ ᠸᠧᠶ ᠵᠥᠩ ᠤᠷᠢᠳ ᠬᠣᠵᠢᠳ ᠲᠤᠮᠳᠠᠳᠤ ᠤᠯᠤᠰ᠎ᠤᠨ ᠴᠦᠮ᠎ᠡ ᠵᠢᠨ ᠠᠵᠤ ᠦᠢᠯᠡᠳᠪᠦᠷᠢ ᠵᠢᠨ ᠪᠦᠯᠦᠭᠯᠡᠯ᠎ᠤᠨ ᠤᠮᠠᠷᠠᠲᠤ᠎ᠶ᠋ᠢᠨ ᠴᠥᠮ᠎ᠡ᠎ᠶ᠋ᠢᠨ ᠲᠦᠯᠡᠰᠢ᠎ᠶ᠋ᠢᠨ ᠲᠣᠨᠣᠭ᠎ᠤᠨ ᠬᠢᠵᠠᠭᠠᠷᠲᠤ ᠺᠣᠮᠫᠠᠨᠢ ᠪᠣᠯᠤᠨ ᠪᠤᠭᠤᠲᠤ᠎ᠶ᠋ᠢᠨ ᠬᠥᠩᠭᠡᠨ ᠴᠠᠭᠠᠨ᠎ᠤ ᠦᠶ᠋ᠯᠡᠰ᠎ᠦᠨ ᠬᠢᠵᠠᠭᠠᠷᠲᠤ ᠺᠣᠮᠫᠠᠨᠢ᠎ᠳᠤ ᠬᠦᠷᠴᠦ᠍᠂ ᠦᠵᠡᠭᠦᠯᠭᠡ᠎ᠶ᠋ᠢᠨ ᠲᠢᠩᠬᠢᠮ᠎ᠢᠶᠡᠷ ᠲᠣᠭᠣᠷᠢᠨ ᠦᠵᠡᠵᠦ᠍᠂ ᠦᠶ᠋ᠯᠡᠳᠪᠦᠷᠢ ᠵᠢᠨ ᠲᠠᠰᠤᠭ᠎ᠢᠶᠡᠷ ᠪᠠᠢᠴᠠᠭᠠᠨ ᠦᠵᠡᠵᠦ᠍᠂ ᠠᠵᠤ ᠦᠶ᠋ᠯᠡᠰ᠎ᠦᠨ ᠪᠠᠢᠷᠢᠱᠢᠭᠤᠯᠤᠯᠲᠠ᠂ ᠦᠶ᠋ᠯᠡᠳᠪᠦᠷᠢᠯᠡᠯ ᠡᠵᠡᠩᠨᠡᠯᠲᠡ᠂ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠦᠭ᠌ᠰᠡᠨ ᠵᠡᠷᠭᠡ ᠪᠠᠢᠳᠠᠯ᠎ᠢ ᠨᠠᠷᠢᠨ ᠠᠰᠠᠭᠤᠪᠠ᠃ ᠲᠡᠷᠡ ᠠᠵᠤ ᠠᠬᠤᠢᠯᠠᠯᠤᠨᠬᠢᠨᠢ ᠲᠤᠰᠭᠠᠶ ᠮᠡᠷᠭᠡᠵᠢᠯ᠎ᠦᠨ ᠬᠦᠷᠢᠶ᠎ᠡ᠎ᠳᠤ ᠭᠦᠨᠵᠡᠭᠡᠢᠷᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠦᠨ᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠪᠣᠶ ᠪᠣᠯᠭᠠᠭᠠᠷᠠᠢ᠃ ᠲᠤᠭᠠᠴᠢᠯᠠᠭᠰᠠᠨ ᠤᠶᠤᠨᠴᠢᠯᠠᠭᠰᠠᠨ ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ᠎ᠢ ᠢᠳᠡᠪᠬᠢᠲᠡᠶ ᠬᠡᠷᠡᠭ᠌ᠯᠡᠵᠦ᠍᠂ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠬᠠᠨᠳᠤᠰᠢ᠎ᠶ᠋ᠢ ᠰᠠᠨᠠᠭᠠᠴᠢᠯᠠᠭ᠎ᠠ᠎ᠡᠴᠡ᠎ᠪᠠᠨ ᠡᠵᠡᠮᠳᠡᠨ᠂ ᠦᠶ᠋ᠯᠡᠳᠬᠦᠨ᠎ᠦ ᠪᠦᠲᠦᠴᠡ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠦᠶ᠋ᠯᠡᠳᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠦᠭᠡᠷᠡᠢ᠃ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠬᠣᠯᠪᠣᠭ᠍ᠳᠠᠯ ᠪᠦᠬᠦᠢ ᠲᠦᠷᠢᠮ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠤᠨ᠂ ᠪᠠᠢᠩᠭᠤ᠎ᠶ᠋ᠢᠨ ᠴᠢᠨᠠᠷᠲᠠᠢ ᠠᠵᠢᠯᠳᠠᠨ᠎ᠤ ᠠᠮᠤᠷ ᠲᠦᠪᠱᠢᠨ᠎ᠦ ᠬᠥᠮᠦᠵᠢᠯ ᠪᠣᠯᠪᠠᠰᠤᠷᠠᠯ᠎ᠢ ᠪᠣᠳᠠᠲᠠᠢᠵᠢᠭᠤᠯᠵᠤ᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠦᠨᠡᠨ ᠬᠦ᠌ ᠪᠠᠲᠤ ᠰᠠᠬᠢᠭᠠᠷᠠᠢ ᠭᠡᠵᠦ ᠵᠤᠷᠢᠭᠵᠢᠭᠤᠯᠪᠠ᠃ ᠸᠠᠩ ᠸᠧᠢ ᠵᠦᠩ᠂ ᠡᠯ᠎ᠡ ᠱᠠᠳᠤ ᠡᠯ᠎ᠡ ᠰᠠᠯᠠᠭ᠎ᠠ ᠮᠥᠴᠢᠷ᠎ᠦᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠰᠠᠢ᠌ᠨ ᠰᠠᠢᠬᠠᠨ ᠲᠦᠷᠦ᠍᠎ᠶ᠋ᠢᠨ ᠪᠤᠳᠤᠯᠭ᠎ᠠ᠎ᠶ᠋ᠢᠨ ᠣᠷᠴᠢᠨ ᠨᠦᠭᠦᠴᠡᠯ᠂ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠦᠭᠦᠴᠡᠯ᠂ ᠱᠢᠨ᠎ᠡ᠎ᠶ᠋ᠢ ᠡᠭᠦᠳᠬᠦ᠌ ᠣᠷᠴᠢᠨ ᠨᠦᠭᠦᠴᠡᠯ᠎ᠢ ᠢᠳᠡᠪᠬᠢᠲᠡᠢ ᠪᠤᠢ ᠪᠣᠯᠭᠠᠵᠤ᠂ ᠰᠠᠨᠠᠭᠠᠴᠢᠯᠠᠭ᠎ᠠ᠎ᠡᠴᠡ᠎ᠪᠠᠨ ᠲᠦᠷᠦᠭᠦᠯᠡᠨ ᠠᠵᠤ ᠠᠬᠤᠢᠯᠠᠯ᠎ᠤᠨ ᠬᠦᠴᠢᠷᠳᠡᠯ᠎ᠢ ᠱᠢᠢᠳᠪᠦᠷᠢᠯᠡᠵᠦ᠍᠂ ᠠᠵᠤ ᠠᠬᠤᠢᠯᠠᠯ᠎ᠢ ᠬᠠᠪᠰᠤᠷᠤᠨ ᠦᠢᠯᠡᠳᠪᠦᠷᠢᠯᠡᠯ᠎ᠢ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠥᠷᠭᠡᠳᠭᠡᠵᠦ᠍᠂ ᠱᠢᠨ᠎ᠡ᠎ᠶ᠋ᠢ ᠡᠭᠦᠳᠬᠦ᠌᠎ᠶ᠋ᠢ ᠠᠳᠭᠤᠵᠤ᠂ ᠦᠷ᠎ᠡ ᠠᠱᠢᠭ᠎ᠢ ᠨᠡᠮᠡᠭ᠌ᠳᠡᠭᠦᠯᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠢᠲᠡᠭᠡᠯ ᠪᠣᠯᠤᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠪᠤᠭᠤᠲᠤ ᠬᠤᠳᠠ ᠪᠣᠯ ᠠᠵᠤ ᠦᠢᠯᠡᠳᠪᠦᠷᠢ᠎ᠶ᠋ᠢᠨ ᠲᠤᠮᠤ ᠬᠤᠳᠠ ᠪᠣᠯᠤᠨ᠎ᠠ᠂ ᠠᠵᠤ ᠦᠢᠯᠡᠳᠪᠦᠷᠢ᠎ᠶ᠋ᠢᠨ ᠰᠠᠭᠤᠷᠢ᠎ᠶ᠋ᠢ ᠴᠢᠩᠭᠠᠳᠭᠠᠨ ᠦᠷ᠎ᠡ ᠠᠱᠢᠭ᠎ᠢ ᠨᠡᠮᠡᠭ᠌ᠳᠡᠭᠦᠯᠬᠦ᠌ ᠪᠠ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠶᠡᠬᠡᠪᠡᠷ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭ᠌ᠵᠢᠭᠦᠯᠵᠦ᠍᠂ ᠲᠡᠷᠢᠭᠦᠨ᠎ᠦ ᠦᠢᠯᠡᠳᠬᠦ᠌ ᠦᠢᠯᠡᠰ᠎ᠢᠶᠡᠷ ᠲᠤᠯᠭᠠᠭᠤᠷᠢᠯᠠᠯ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠂ ᠱᠢᠨ᠎ᠡ ᠡᠨᠧᠷᠭᠢ᠎ᠶ᠋ᠢᠨ ᠲᠣᠨᠣᠭ᠍ᠯᠠᠯ᠂ ᠪᠣᠯᠣᠳ ᠲᠡᠮᠦᠷ᠂ ᠬᠥᠩᠭᠡᠨ ᠴᠠᠭᠠᠨ᠎ᠤ ᠦᠶ᠋ᠯᠡᠰ ᠵᠡᠷᠭᠡ ᠳᠠᠪᠠᠭᠤᠯᠢᠭ᠎ᠲᠤ ᠤᠨᠴᠠᠯᠢᠬ᠍ᠳᠤ ᠬᠦᠷᠢᠶ᠎ᠡ᠎ᠶ᠋ᠢᠨ ᠲᠣᠭᠣᠷᠢᠨ᠎ᠳᠤ᠂ ᠬᠠᠨᠳᠤᠯᠭᠠᠲᠤ ᠴᠢᠨᠠᠷᠲᠠᠶ᠎ᠪᠠᠷ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠵᠦ᠍᠂ ᠲᠡᠷᠢᠭᠦᠨ᠎ᠦ ᠦᠶ᠋ᠯᠡᠳᠪᠦᠷᠢᠯᠡᠬᠦ᠌ ᠴᠢᠳᠠᠪᠤᠷᠢ ᠪᠣᠯᠤᠨ ᠳᠡᠭᠡᠳᠦ ᠲᠠᠰ᠎ᠤᠨ ᠦᠶ᠋ᠯᠡᠳᠬᠦᠨ᠎ᠦ ᠬᠠᠩᠭᠠᠯᠭ᠎ᠠ᠎ᠶ᠋ᠢ ᠲᠠᠰᠤᠷᠠᠯᠲᠠ ᠥᠬᠡᠶ ᠥᠷᠭᠡᠳᠭᠡᠬᠦ᠌ ᠬᠡᠷᠡᠭ᠌ᠲᠡᠶ᠃ ᠰᠠᠯᠬᠢᠨ ᠬᠦᠴᠦᠨ ᠭᠡᠷᠡᠯᠴᠢ ᠴᠡᠨᠡᠭ᠎ᠤᠨ ᠱᠢᠨ᠎ᠡ ᠡᠨᠧᠷᠭᠢ᠎ᠶ᠋ᠢᠨ ᠲᠡᠷᠢᠭᠦᠨ᠎ᠦ ᠪᠣᠬᠢᠷᠲᠤᠯ ᠦᠭᠡᠢ ᠡᠨᠧᠷᠭᠢ᠎ᠶ᠋ᠢᠨ ᠠᠴᠢᠶᠠᠯᠠᠪᠤᠷᠢ ᠶᠡᠬᠡ ᠠᠵᠤ ᠦᠢᠯᠡᠰ᠎ᠲᠡᠬᠢ ᠬᠡᠷᠡᠭ᠌ᠯᠡᠭᠡ᠎ᠶ᠋ᠢ ᠥᠷᠭᠡᠳᠭᠡᠵᠦ᠍᠂ ᠮᠥᠩᠭᠥᠨ ᠭᠦᠢᠯᠭᠡᠭᠡᠨ᠂ ᠤᠳᠤ ᠦᠶ᠎ᠡ᠎ᠶ᠋ᠢᠨ ᠪᠠᠷᠠᠭᠠᠨ᠎ᠤ ᠭᠦᠢᠯᠭᠡᠭᠡ᠂ ᠠᠵᠤ ᠦᠢᠯᠡᠳᠪᠦᠷᠢ᠎ᠶ᠋ᠢᠨ ᠵᠥᠭᠡᠯᠡᠨ ᠲᠤᠨᠤᠭ ᠪᠣᠯᠤᠨ ᠮᠡᠳᠡᠭᠡ ᠵᠠᠩᠭᠢ᠎ᠶ᠋ᠢᠨ ᠮᠡᠷᠭᠡᠵᠢᠯ ᠵᠡᠷᠭᠡ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠬᠡᠪᠴᠢᠢ᠎ᠡ ᠪᠣᠯᠤᠨ ᠲᠡᠰ ᠳᠠᠪᠬᠤᠷᠭ᠎ᠠ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠡᠨᠧᠷᠭᠢ᠎ᠶ᠋ᠢᠨ ᠬᠣᠷᠣᠭ᠍ᠳᠠᠯ ᠶᠡᠬᠡ᠂ ᠭᠠᠳᠠᠭ᠍ᠰᠢᠯᠠᠭᠤᠯᠤᠯᠲᠠ ᠶᠡᠬᠡ᠂ ᠬᠢᠷᠢ ᠲᠦᠪᠱᠢᠨ᠎ᠢᠶᠡᠷ ᠳᠣᠣᠷᠠᠲᠦᠷᠦᠯ ᠵᠦᠢᠯ᠎ᠢ ᠰᠣᠬᠣᠷ ᠪᠠᠯᠠᠢ᠎ᠪᠠᠷ ᠬᠥᠭ᠌ᠵᠢᠭᠦᠯᠬᠦ᠌᠎ᠶ᠋ᠢ ᠡᠷᠡᠰ ᠬᠣᠷᠢᠭ᠍ᠯᠠᠬᠤ ᠬᠡᠷᠡᠭ᠌ᠲᠡᠢ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠴᠧᠨ ᡁᠢ ᠴᠠᠩ᠂ ᠢᠦᠢ ᠯᠢ ᠱᠢᠨ ᠣᠷᠣᠯᠴᠠᠵᠠᠢ᠃