ᠯᠢ ᠴᠢᠶᠠᠩ ᠪᠣᠯᠤᠨ ᠯᠠᠤᠰ᠎ᠤᠨ ᠵᠠᠰᠠᠭ᠎ᠤᠨ ᠣᠷᠳᠣᠨ᠎ᠤ ᠶᠡᠷᠦᠩᠬᠡᠢ ᠰᠠᠢᠳ ᠰᠦᠩᠰᠠᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠠᠢ
4 ᠰᠠᠷ᠎ᠠ᠎ᠶ᠋ᠢᠨ 25᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠣᠯᠤᠨ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠦ᠋ᠨ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠣᠶ᠎ᠶ᠋ᠢ ᠪᠡᠯᠭᠡᠯᠡᠪᠡ᠃
ᠰᠢ ᠵᠢᠨ ᠫᠢᠩ᠂ ᠳᠤᠮᠳᠠᠳᠤ ᠯᠠᠤᠰ ᠬᠣᠶᠠᠷ ᠤᠯᠤᠰ ᠪᠣᠯ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ ᠨᠡᠢᠭᠡᠮ ᠵᠢᠷᠤᠮᠳᠤ ᠬᠥᠷᠰᠢ ᠤᠯᠤᠰ ᠮᠥᠨ᠂ ᠬᠦᠰᠡᠯᠡᠩ ᠢᠲᠡᠭᠡᠯ ᠪᠢᠱᠢᠷᠡᠯ ᠨᠢᠭᠡᠲᠡᠢ᠂ ᠨᠡᠢᠭᠡᠮ᠎ᠦᠨ ᠪᠠᠢᠭᠤᠯᠤᠯ ᠠᠳᠠᠯᠢᠬᠠᠨ᠂ ᠬᠥᠭ᠌ᠵᠢᠯᠲᠡ᠎ᠶ᠋ᠢᠨ ᠵᠠᠮ ᠣᠢᠷᠠᠯᠴᠠᠭ᠎ᠠ ᠪᠠᠢᠵᠤ᠂ ᠬᠣᠶᠠᠷ ᠨᠠᠮ ᠬᠣᠶᠠᠷ ᠤᠯᠤᠰ᠎ᠤᠨ ᠠᠬᠠᠮᠠᠳ ᠨᠢᠭᠡ ᠦᠶ᠎ᠡ᠎ᠶ᠋ᠢᠨ ᠤᠳᠤᠷᠢᠳᠭᠤ ᠬᠥᠮᠦᠰ᠎ᠦᠨ ᠪᠡᠶ᠎ᠡ᠎ᠪᠡᠷ᠎ᠢᠶᠡᠨ ᠴᠣᠭ᠍ᠴᠠᠯᠠᠨ ᠪᠠᠢᠭᠤᠯᠤᠭ᠍ᠰᠠᠨ 《ᠨᠥᠬᠥᠷ ᠪᠥᠭᠡᠳ ᠠᠬ᠎ᠠ ᠳᠡᠭᠦᠦ》 ᠵᠢᠨ ᠨᠥᠬᠥᠷᠯᠡᠯ ᠶᠠᠪᠤᠬᠤ ᠲᠤᠳᠤᠮ ᠪᠠᠲᠤᠵᠢᠵᠤ ᠪᠠᠢᠨ᠎ᠠ᠃ ᠣᠳᠣᠬᠠᠨ᠎ᠳᠤ᠂ ᠬᠣᠶᠠᠷ ᠲᠠᠯ᠎ᠠ᠎ᠪᠠᠷ᠎ᠢᠶᠠᠨ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠲᠦᠪᠱᠢᠨ ᠪᠦᠬᠦᠢ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠲᠦᠷᠭᠡᠨ ᠪᠠᠢᠭᠤᠯᠵᠤ᠂ ᠡᠯ᠎ᠡ ᠲᠡᠰ ᠳᠠᠪᠬᠤᠷᠭ᠎ᠠ᠎ᠶ᠋ᠢᠨ ᠶᠠᠪᠤᠯᠴᠠᠭ᠎ᠠ ᠨᠡᠩ ᠨᠢᠭ᠍ᠲᠠᠷᠠᠵᠤ᠂ ᠡᠯ᠎ᠡ ᠬᠦᠷᠢᠶᠡᠨ᠎ᠦ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠢᠷᠡᠵᠦ᠍᠂ ᠲᠤᠰ ᠲᠤᠰ᠎ᠤᠨ ᠭᠣᠣᠯᠯᠠᠭ᠍ᠴᠢ ᠠᠱᠢᠭ ᠲᠤᠰᠠ᠎ᠳᠤ ᠬᠣᠯᠪᠣᠭ᠍ᠳᠠᠬᠤ ᠪᠠ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠡᠷᠡᠰ ᠳᠡᠮᠵᠢᠯᠴᠡᠵᠦ᠍᠂ ᠭᠠᠵᠠᠷ ᠣᠷᠣᠨ ᠪᠠ ᠳᠡᠯᠡᠬᠡᠢ ᠳ᠋ᠠᠬᠢᠨ᠎ᠳᠤ ᠡᠷᠬᠢᠮ ᠨᠠᠨᠳᠢᠨ ᠲᠣᠭ᠍ᠲᠠᠭᠤᠨ ᠴᠢᠨᠠᠷ ᠪᠠ ᠲᠣᠭ᠍ᠲᠠᠭᠠᠯᠲᠤ ᠴᠢᠨᠠᠷ᠎ᠢ ᠨᠡᠮᠡᠷᠢᠯᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠨᠠᠮ ᠪᠣᠯᠤᠨ ᠵᠠᠰᠠᠭ᠎ᠤᠨ ᠣᠷᠳᠣᠨ ᠢᠮᠠᠭ᠍ᠲᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠪᠣᠯᠤᠨ ᠠᠯᠤᠰ ᠬᠡᠳᠤ᠎ᠶ᠋ᠢᠨ ᠬᠠᠷᠠᠭᠠᠰᠤ ᠡᠴᠡ ᠳᠤᠮᠳᠠᠳᠤ ᠯᠠᠤᠰ᠎ᠤᠨ ᠬᠠᠷᠢᠯᠴᠠᠭ᠎ᠠ᠎ᠳᠤ ᠬᠠᠨᠳᠤᠵᠤ᠂ ᠯᠠᠤᠰᠢ ᠳᠤᠮᠳᠠᠳᠤ ᠤᠯᠤᠰ᠎ᠤᠨ ᠬᠦᠷᠰᠢ ᠵᠡᠷᠭᠡᠯᠡᠳᠡᠭᠡ᠎ᠶᠢᠨ ᠭᠠᠳᠠᠭᠠᠳᠤ ᠬᠠᠷᠢᠯᠴᠠᠭᠠᠨ᠎ᠤ ᠴᠢᠬᠤᠯᠠ ᠴᠢᠭ᠌ᠯᠡᠯ᠎ᠢᠶᠡᠷ ᠦᠵᠡᠭ᠌ᠰᠡᠭᠡᠷ ᠢᠷᠡᠵᠠᠢ᠃ ᠪᠢ ᠳᠤᠷᠠᠲᠠᠶ᠎ᠠ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠦ᠋ᠨ᠎ᠲᠡᠶ ᠬᠠᠮᠲᠤ᠎ᠪᠠᠷ ᠴᠢᠷᠮᠠᠢᠵᠤ᠂ ᠳᠤᠮᠳᠠᠳᠤ ᠯᠠᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠣᠶ ᠵᠢᠴᠢ 《ᠳᠤᠮᠳᠠᠳᠤ ᠯᠠᠤᠰ᠎ᠤᠨ ᠨᠥᠬᠥᠷᠯᠡᠯ᠎ᠦᠨ ᠣᠨ》 ᠢ᠋ᠶ᠋ᠠᠷ ᠠᠵᠠ ᠲᠣᠬᠢᠶᠠᠯ ᠪᠣᠯᠭᠠᠵᠤ᠂ ᠪᠠᠢᠯᠳᠤᠬᠤ ᠪᠣᠳᠣᠯᠭ᠎ᠠ᠎ᠶ᠋ᠢᠨ ᠢᠲᠡᠭᠡᠯᠴᠡᠭᠡ᠎ᠪᠡᠨ ᠨᠡᠮᠡᠭ᠌ᠳᠡᠭᠦᠯᠵᠦ᠍᠂ ᠤᠯᠠᠮᠵᠢᠯᠠᠯᠲᠤ ᠨᠥᠬᠥᠷᠯᠡᠯ᠎ᠢᠶᠡᠨ ᠪᠠᠳᠠᠷᠠᠭᠤᠯᠵᠤ᠂ ᠡᠯ᠎ᠡ ᠬᠦᠷᠢᠶᠡᠨ᠎ᠦ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠨᠠᠩ ᠣᠯᠠᠨ ᠦᠷ᠎ᠡ ᠪᠦᠲᠦᠭᠡᠯ ᠤᠯᠬᠤ᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠠᠩ ᠰᠠᠢᠨ ᠪᠤᠶᠠᠨ ᠦᠶ᠋ᠯᠡᠳᠦᠨ᠎ᠡ ᠭᠡᠵᠦ᠍ ᠴᠢᠬᠤᠯᠠᠴᠢᠯᠠᠪᠠ᠃
ᠲᠦᠩᠯᠦ᠋ᠨ᠂ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠲᠤᠷᠰᠢ᠂ ᠬᠣᠶᠠᠷ ᠨᠠᠮ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠦ ᠬᠣᠭᠣᠷᠣᠨᠳᠣᠬᠢ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠤᠬᠰᠠᠨ ᠨᠥᠬᠥᠷᠰᠡᠭ ᠬᠠᠷᠢᠯᠴᠠᠭ᠎ᠠ ᠲᠠᠰᠤᠷᠠᠯᠲᠠ ᠦᠭᠡᠢ ᠨᠡᠩ ᠥᠨᠳᠥᠷ ᠲᠦᠪᠱᠢᠨ᠎ᠳᠦ ᠬᠦᠷᠴᠦ᠍᠂ ᠯᠠᠤᠰ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠳᠤᠮᠳᠠᠳᠤ ᠤᠯᠤᠰ᠎ᠤᠨ ᠨᠠᠮ᠂ ᠵᠠᠰᠠᠭ᠎ᠤᠨ ᠣᠷᠳᠣᠨ ᠪᠣᠯᠤᠨ ᠠᠷᠠᠳ ᠲᠦᠮᠡᠨ᠎ᠦ ᠤᠷᠳᠤ ᠬᠤᠭᠤᠴᠠᠭᠠᠨ᠎ᠤ ᠲᠤᠷᠱᠢᠬᠢ ᠡᠷᠬᠢᠮ ᠨᠠᠨᠳᠢᠨ ᠳᠡᠮᠵᠢᠯᠭᠡ ᠪᠣᠯᠤᠨ ᠲᠤᠰᠠᠯᠠᠮᠵᠢ᠎ᠳᠤ ᠲᠠᠯᠠᠷᠬᠠᠵᠤ ᠪᠠᠢᠨ᠎ᠠ᠂ ᠯᠠᠤᠰ᠎ᠤᠨ ᠬᠢᠨ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠢᠮᠠᠭ᠍ᠲᠠ ᠪᠠᠲᠤ ᠰᠠᠬᠢᠵᠤ᠂ ᠳᠤᠮᠳᠠᠳᠤ ᠤᠯᠤᠰ᠎ᠤᠨ ᠲᠤᠰ ᠪᠡᠶ᠎ᠡ᠎ᠶ᠋ᠢᠨ ᠭᠣᠣᠯᠯᠠᠭ᠍ᠴᠢ ᠠᠱᠢᠭ ᠲᠤᠰᠠ᠎ᠪᠠᠨ ᠬᠠᠮᠠᠭᠠᠯᠠᠬᠤ᠎ᠶ᠋ᠢ ᠳᠡᠮᠵᠢᠵᠦ᠍᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠯᠠᠤᠰ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠱᠢᠨ᠎ᠡ ᠲᠠᠪᠤᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠦᠷᠭᠦᠯᠵᠢᠯᠡᠨ ᠰᠠᠢᠲᠤᠷ ᠨᠠᠢᠳᠠᠪᠤᠷᠢᠵᠢᠭᠤᠯᠵᠤ᠂ ᠯᠠᠤᠰ ᠳᠤᠮᠳᠠᠳᠤ᠎ᠶ᠋ᠢᠨ ᠤᠯᠠᠮᠵᠢᠯᠠᠯᠲᠤ ᠨᠥᠬᠥᠷᠯᠡᠯ ᠪᠣᠯᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠳᠠᠰᠤᠷᠠᠯᠳᠠ ᠦᠭᠡᠢ ᠱᠢᠨ᠎ᠡ ᠦᠷ᠎ᠡ ᠪᠦᠲᠦᠭᠡᠯ᠎ᠲᠡᠶ ᠪᠣᠯᠭᠠᠨ᠎ᠠ ᠭᠡᠵᠦ᠍ ᠢᠯᠡᠳᠭᠡᠪᠡ᠃
ᠲᠤᠰ ᠡᠳᠦᠷ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠣᠯᠤᠨ ᠯᠠᠤᠰ᠎ᠤᠨ ᠵᠠᠰᠠᠭ᠎ᠤᠨ ᠣᠷᠳᠣᠨ᠎ᠤ ᠶᠡᠷᠦᠩᠬᠡᠢ ᠰᠠᠢᠳ ᠰᠦᠩᠰᠠᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠬᠣᠶᠠᠷ ᠲᠠᠯ᠎ᠠ᠎ᠪᠠᠷ᠎ᠢᠶᠠᠨ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠭᠤ ᠬᠥᠮᠦᠨ᠎ᠦ ᠪᠠᠢᠯᠳᠤᠬᠤ ᠪᠤᠳᠤᠯᠭ᠎ᠠ᠎ᠶ᠋ᠢᠨ ᠬᠠᠮᠲᠤ᠎ᠶ᠋ᠢᠨ ᠲᠠᠨᠢᠯᠲᠠ᠎ᠪᠠᠷ ᠵᠢᠷᠤᠮᠯᠠᠯ ᠪᠣᠯᠭᠠᠵᠤ᠂ ᠬᠣᠶᠠᠷ ᠤᠯᠤᠰ᠎ᠤᠨ ᠡᠯ᠎ᠡ ᠶᠠᠮᠤᠨ ᠵᠥᠪᠯᠡᠯ ᠡᠯ᠎ᠡ ᠭᠠᠵᠠᠷ ᠣᠷᠣᠨ᠎ᠢ ᠵᠢᠯᠣᠭᠣᠳᠤᠨ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭᠠᠳᠭᠠᠵᠤ᠂ ᠬᠠᠮᠲᠤᠷᠠᠯᠴᠠᠭᠠᠨ᠎ᠤ ᠬᠦᠷᠢᠶ᠎ᠡ ᠴᠠᠷᠠᠭ᠎ᠠ᠎ᠪᠡᠨ ᠥᠷᠭᠡᠳᠭᠡᠵᠦ᠍᠂ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠵᠤ᠂ ᠳᠤᠮᠳᠠᠳᠤ ᠯᠠᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭ᠎ᠠ ᠨᠡᠩ ᠤᠯᠠᠨ ᠪᠣᠳᠠᠲᠠᠢ᠎ᠶ᠋ᠢ ᠡᠷᠬᠢᠮᠯᠡᠭ᠌ᠰᠡᠨ ᠦᠷ᠎ᠡ ᠪᠦᠲᠦᠭᠡᠯ ᠤᠯᠬᠤ᠎ᠶ᠋ᠢ ᠠᠬᠢᠭᠤᠯᠤᠶ᠎ᠠ ᠭᠡᠵᠦ ᠢᠯᠡᠳᠬᠡᠪᠡ᠃
ᠰᠦᠩᠰᠠᠢ᠂ 65 ᠵᠢᠯ᠎ᠦᠨ ᠲᠤᠷᠰᠢ᠂ ᠯᠠᠤᠰ ᠳᠤᠮᠳᠠᠳᠤ᠎ᠶ᠋ᠢᠨ ᠤᠯᠠᠮᠵᠢᠯᠠᠯᠲᠤ ᠨᠥᠬᠥᠷᠯᠡᠯ ᠪᠣᠯᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠢᠷᠡᠪᠡ᠃ ᠯᠠᠤᠰ᠎ᠤᠨ ᠬᠢᠨ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠭᠤ ᠬᠥᠮᠦᠨ᠎ᠦ ᠲᠤᠬᠢᠷᠠᠯᠴᠠᠭ᠍ᠰᠠᠠ ᠪᠠᠢᠯᠳᠤᠬᠤ ᠪᠤᠳᠤᠯᠭ᠎ᠠ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠯᠠᠤᠰ ᠳᠤᠮᠳᠠᠳᠤ᠎ᠶ᠋ᠢᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠤᠢ ᠵᠢᠴᠢ 《ᠯᠠᠤᠰ ᠳᠤᠮᠳᠠᠳᠤ᠎ᠶ᠋ᠢᠨ ᠨᠥᠬᠥᠷᠯᠡᠯ᠎ᠦᠨ ᠣᠨ》 ᠤ᠋ ᠡᠯ᠎ᠡ ᠵᠦᠢᠯ᠎ᠦᠨ ᠪᠡᠯᠭᠡᠯᠡᠬᠦ᠌ ᠠᠵᠢᠯᠯᠠᠭ᠎ᠠ᠎ᠶ᠋ᠢ ᠰᠠᠢᠲᠤᠷ ᠬᠢᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠦᠨᠡᠨ ᠪᠣᠳᠠᠲᠠᠢ ᠠᠱᠢᠭ ᠬᠦᠷᠲᠡᠭᠡᠨ᠎ᠡ ᠭᠡᠵᠦ᠍ ᠢᠯᠡᠳᠭᠡᠪᠡ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 25᠎ᠤ᠋ ᠴᠠᠬᠢᠯᠭᠠᠨ ᠮᠡᠳᠡᠭᠡ)