4 ᠰᠠᠷ᠎ᠠ᠎ᠶ᠋ᠢᠨ 25 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠣᠯᠤᠨ ᠸᠧᠷᠳ᠋ ᠬᠤᠱᠤᠤ᠎ᠶ᠋ᠢᠨ ᠶᠡᠷᠦᠩᠬᠡᠢᠯᠡᠭ᠌ᠴᠢ ᠨᠸᠢ᠌ᠸᠢᠰ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ᠎ᠶ᠋ᠢ ᠪᠡᠯᠭᠡᠯᠡᠪᠡ᠃
ᠰᠢ ᠵᠢᠨ ᠫᠢᠩ᠂ ᠳᠤᠮᠳᠠᠳᠤ ᠤᠯᠤᠰ ᠪᠣᠯᠤᠨ ᠸᠸᠷᠳ᠋ ᠬᠤᠱᠤᠤ ᠤᠯᠠᠮᠵᠢᠯᠠᠯᠲᠤ ᠨᠥᠬᠥᠷᠯᠡᠯ᠎ᠲᠡᠶ ᠪᠠᠢᠵᠤ᠂ ᠬᠣᠶᠠᠷ ᠤᠯᠤᠰ᠎ᠤᠨ ᠨᠥᠬᠥᠷᠯᠡᠯ ᠶᠠᠪᠤᠬᠤ ᠲᠤᠳᠤᠮ ᠱᠢᠨᠡᠳᠴᠦ᠍ ᠪᠠᠢᠨ᠎ᠠ᠃ ᠬᠠᠭᠠᠰ ᠵᠠᠭᠤᠨ᠎ᠤ ᠲᠤᠷᠰᠢ᠂ ᠬᠣᠶᠠᠷ ᠲᠠᠯ᠎ᠠ᠎ᠪᠠᠷ᠎ᠢᠶᠠᠨ ᠲᠤᠰ ᠲᠤᠰ᠎ᠤᠨ᠎ᠢᠶᠠᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠣᠢᠯᠠᠭᠠᠯᠴᠠᠨ ᠲᠡᠮᠵᠢᠯᠴᠡᠵᠥ᠍᠂ ᠬᠥᠭ᠌ᠵᠢᠯᠲᠡ ᠪᠣᠯᠤᠨ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠪᠠᠶᠠᠯᠢᠭ ᠦᠷ᠎ᠡ ᠪᠦᠲᠦᠮᠵᠢᠲᠡᠶ ᠬᠠᠮᠲᠤᠷᠠᠯᠴᠠᠭ᠎ᠠ ᠥᠷᠨᠢᠭᠦᠯᠵᠦ᠍᠂ ᠶᠡᠬᠡ ᠪᠠᠭ᠎ᠠ ᠤᠯᠤᠰ᠎ᠤᠨ ᠬᠠᠷᠢᠯᠴᠠᠨ ᠬᠦᠨᠳᠦᠳᠭᠡᠬᠦ᠌᠂ ᠨᠥᠬᠥᠷᠰᠡᠭ᠎ᠢᠶᠡᠷ ᠬᠠᠮᠲᠤᠷᠠᠯᠴᠠᠬᠤ ᠬᠡᠪ ᠳᠠᠭᠤᠷᠢᠶᠠᠯ᠎ᠢ ᠪᠤᠢ ᠪᠣᠯᠭᠠᠪᠠ᠃ ᠪᠢ ᠳᠤᠮᠳᠠᠳᠤ ᠸᠸᠷᠳ᠋ ᠬᠤᠱᠤᠤ᠎ᠶᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠢᠯᠡᠭ᠌ᠴᠢ ᠨᠸᠢ᠌ᠸᠢᠰ ᠲᠠᠢ ᠬᠠᠮᠲᠤ᠎ᠪᠠᠷ ᠴᠢᠷᠮᠠᠢᠵᠤ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠤᠯᠠᠨ ᠲᠠᠯ᠎ᠠ᠎ᠶ᠋ᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠳᠤᠮᠳᠠᠳᠤ ᠸᠸᠷᠳ᠋ ᠬᠤᠱᠤᠤ᠎ᠶᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠠᠭᠤᠯᠤᠭ᠍ᠳᠠᠬᠤᠨ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃
ᠨᠸᠢ᠌ᠸᠢᠰ᠂ ᠸᠸᠷᠳ᠋ ᠬᠤᠱᠤᠤ ᠵᠢᠨ ᠬᠢᠨ ᠬᠣᠶᠠᠷ ᠤᠯᠤᠰ᠎ᠤᠨ ᠬᠠᠭᠠᠰ ᠵᠠᠭᠤᠨ᠎ᠤ ᠲᠤᠷᠱᠢᠬᠢ ᠨᠥᠬᠥᠷᠰᠡᠭ ᠬᠠᠮᠲᠤᠷᠠᠯᠴᠠᠭ᠎ᠠ᠎ᠶ᠋ᠢ ᠳᠡᠭᠡᠳᠦ ᠬᠡᠮᠵᠢᠶ᠎ᠡ ᠪᠡᠷ ᠮᠠᠭ᠍ᠲᠠᠨ ᠰᠠᠢᠱᠢᠶᠠᠵᠤ᠂ ᠸᠸᠷᠳ᠋ ᠬᠤᠱᠤᠤ ᠵᠢᠨ ᠦᠷᠭᠦᠯᠵᠢᠯᠡᠬᠦ᠌ ᠬᠥᠭ᠌ᠵᠢᠯᠲᠡ᠎ᠳᠦ ᠦᠵᠡᠭᠦᠯᠦᠭ᠌ᠰᠡᠨ ᠳᠤᠮᠳᠠᠳᠤ ᠤᠯᠤᠰ᠎ᠤᠨ ᠡᠷᠬᠢᠮ ᠨᠠᠨᠳᠢᠨ ᠬᠤᠪᠢ ᠨᠡᠮᠡᠷᠢ᠎ᠳᠦ ᠲᠠᠯᠠᠷᠬᠠᠵᠤ ᠪᠠᠢᠨ᠎ᠠ᠃ ᠸᠸᠷᠳ᠋ ᠬᠤᠱᠤᠤ ᠵᠢᠨ ᠬᠢᠨ ᠳᠤᠷᠠᠲᠠᠶ᠎ᠠ ᠦᠷᠭᠦᠯᠵᠢᠯᠡᠨ ᠳᠤᠮᠳᠠᠳᠤ ᠤᠯᠤᠰ᠎ᠲᠠᠶ ᠬᠠᠮᠲᠤ᠎ᠪᠠᠷ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 50 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ᠍᠎ᠶ᠋ᠢᠨ ᠢᠲᠡᠭᠡᠯᠴᠡᠭᠡ᠎ᠪᠡᠨ ᠪᠡᠬᠢᠵᠢᠭᠦᠯᠵᠦ᠍᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠲᠠᠰᠤᠷᠠᠯᠳᠠ ᠦᠭᠡᠢ ᠪᠤᠶᠠᠨ ᠦᠢᠯᠡᠳᠦᠨ᠎ᠡ ᠭᠡᠵᠦ᠍ ᠢᠯᠡᠳᠭᠡᠪᠡ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 25᠎ᠤ᠋ ᠴᠠᠬᠢᠯᠭᠠᠨ ᠮᠡᠳᠡᠭᠡ)