ᠦᠪᠦᠷ ᠮᠤᠩᠭᠤᠯ᠎ᠤᠨ ᠤᠯᠤᠰ ᠲᠥᠷᠥ᠎ᠶ᠋ᠢᠨ ᠵᠥᠪᠯᠡᠯᠭᠡᠨ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠮᠠᠶᠢᠭ᠎ᠤᠨ ᠪᠠᠢᠴᠠᠭᠠᠨ ᠰᠤᠳᠤᠯᠤᠯᠲᠠ ᠥᠷᠨᠢᠭᠦᠯᠪᠡ
2026-04-26 12:02:54
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠴᠠᠭᠠᠨ ᠰᠤᠳᠤᠯᠬᠤ ᠳᠤᠭᠤᠢᠯᠠᠩ ᠬᠥᠬᠡᠬᠣᠲᠠ᠎ᠳᠤ 《ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ᠂ ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ》 ᠶ᠋ᠢᠨ ᠲᠣᠭᠣᠷᠢᠨ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠮᠠᠶᠢᠭ᠎ᠤᠨ ᠪᠠᠢᠴᠠᠭᠠᠨ ᠰᠤᠳᠤᠯᠤᠯᠲᠠ ᠥᠷᠨᠢᠭᠦᠯᠪᠡ᠃

ᠭᠡᠱᠢᠭᠦᠳ ᠤᠷᠢᠳ ᠬᠣᠵᠢᠳ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠂ ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ ᠵᠡᠷᠭᠡ ᠭᠠᠵᠠᠷ᠎ᠲᠤ ᠬᠦᠷᠴᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠡᠵᠡᠩᠨᠡᠯᠲᠡ ᠬᠠᠮᠢᠶᠠᠷᠤᠯᠲᠠ᠂ ᠭᠠᠳᠠᠭᠠᠳᠤ ᠠᠷᠠᠯᠵᠢᠶᠠᠨ᠎ᠤ ᠶᠡᠷᠦᠩᠬᠡᠢᠯᠡᠭ᠌ᠰᠡᠨ ᠦᠶ᠋ᠯᠡᠴᠢᠯᠡᠭᠡ ᠵᠢᠴᠢ ᠳ᠋ᠠᠢᠲ᠋ᠠ᠎ᠶ᠋ᠢᠨ ᠠᠵᠤ ᠦᠶ᠋ᠯᠡᠰ᠎ᠦᠨ ᠬᠠᠲᠠᠭᠤ ᠲᠤᠨᠤᠭ᠎ᠦᠨ ᠮᠡᠷᠭᠡᠵᠢᠯ᠎ᠦᠨ ᠱᠢᠨ᠎ᠡ ᠡᠭᠦᠳᠦᠯᠲᠡ ᠪᠣᠯᠤᠨ ᠬᠥᠭ᠌ᠵᠢᠯᠲᠡ ᠵᠡᠷᠭᠡ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠣᠢᠯᠠᠭᠠᠭ᠍ᠰᠠᠨ ᠪᠥᠭᠡᠳ ᠵᠥᠪᠳᠡᠯᠴᠡᠬᠦ ᠬᠤᠷᠠᠯ ᠬᠤᠷᠠᠯᠳᠤᠭᠤᠯᠵᠤ ᠰᠠᠨᠠᠯ᠎ᠢᠶᠠᠨ ᠰᠣᠯᠢᠯᠴᠠᠪᠠ᠃ ᠭᠡᠱᠢᠭᠦᠳ ᠡᠴᠡ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠠᠢᠭᠤᠯᠤᠭ᠍ᠳᠠᠬᠰᠠᠨ ᠨᠢ ᠥᠪᠥᠷ ᠮᠣᠩᠭᠣᠯ᠎ᠳᠤ ᠠᠪᠴᠤ᠌ ᠬᠡᠯᠡᠪᠡᠯ ᠴᠢᠬᠤᠯᠠ ᠶᠡᠬᠡ ᠬᠥᠭ᠌ᠵᠢᠯᠲᠡ᠎ᠶ᠋ᠢᠨ ᠠᠵᠠ ᠲᠣᠬᠢᠶᠠᠯ ᠪᠣᠯᠬᠤ ᠪᠥᠭᠡᠳ ᠪᠠᠰᠠ ᠴᠤ᠌ ᠢᠷᠠᠭᠤ ᠠᠯᠳᠠᠷᠲᠠᠢ᠂ ᠪᠡᠷᠬᠡ ᠬᠠᠲᠠᠭᠤᠵᠢᠯᠲᠠᠢ ᠡᠭᠦᠷᠭᠡ ᠪᠣᠯᠤᠨ᠎ᠠ ᠭᠡᠵᠦ ᠦᠵᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ᠎ᠬᠢᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠴᠢᠨᠠᠷ ᠰᠠᠢᠲᠠᠶ ᠪᠥᠲᠥᠭᠡᠨ ᠪᠠᠢᠭᠤᠯᠬᠤ᠎ᠶ᠋ᠢᠨ ᠲᠣᠭᠣᠷᠢᠨ᠎ᠳᠤ ᠴᠢᠭ᠌ᠯᠡᠭᠦᠯᠦᠯᠲᠦ ᠴᠢᠨᠠᠷᠲᠠᠶ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠤ᠌᠂ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠶ ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号