ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠥᠪᠥᠷ ᠮᠣᠩᠭᠣᠯ᠎ᠤᠨ ᠰᠠᠭᠤᠷᠢ ᠰᠤᠳᠤᠯᠭᠠᠨ ᠪᠠ ᠠᠵᠤ ᠦᠢᠯᠡᠰ᠎ᠦᠨ ᠰᠤᠳᠤᠯᠭᠠᠨ᠎ᠤ ᠬᠦᠷᠢᠶᠡᠯᠡᠩ᠎ᠪᠠᠢᠭᠤᠯᠤᠭᠳᠠᠪᠠ
2026-04-27 09:58:22
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠢᠷ᠎ᠠ ᠎ᠳᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠂ ᠬᠥᠬᠡᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠬᠥᠬᠡᠬᠣᠲᠠ᠎ᠳᠤ ᠬᠠᠮᠲᠤᠷᠠᠯᠴᠠᠭᠠᠨ᠎ᠤ ᠵᠥᠪᠯᠡᠯᠴᠡᠭᠡᠷ ᠲᠣᠭᠲᠠᠵᠤ᠂ ᠭᠤᠷᠪᠠᠨ ᠲᠠᠯ᠎ᠠ᠎ᠪᠠᠷ᠎ᠢᠶᠠᠨ ᠬᠠᠮᠳᠤᠷᠠᠨ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠥᠪᠥᠷ ᠮᠣᠩᠭᠣᠯ᠎ᠤᠨ ᠰᠠᠭᠤᠷᠢ ᠰᠤᠳᠤᠯᠭᠠᠨ ᠪᠠ ᠠᠵᠤ ᠦᠢᠯᠡᠰ᠎ᠦᠨ ᠰᠤᠳᠤᠯᠭᠠᠨ᠎ᠤ ᠬᠦᠷᠢᠶᠡᠯᠡᠩ᠎ᠢ ᠬᠠᠮᠲᠤ ᠪᠠᠷ ᠪᠠᠢᠭᠤᠯᠵᠤ᠂ ᠣᠷᠣᠨ ᠪᠦᠰᠡ᠎ᠶᠢᠨ ᠬᠠᠮᠵᠢᠯᠴᠠᠨ ᠰᠢᠨ᠎ᠡ᠎ᠶᠢ ᠡᠭᠦᠳᠬᠦ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃

ᠵᠥᠪᠯᠡᠯᠴᠡᠭᠡᠷ᠎ᠢ ᠦᠨᠳᠦᠰᠦᠯᠡᠪᠡᠯ᠂ ᠭᠤᠷᠪᠠᠨ ᠲᠠᠯ᠎ᠠ᠎ᠪᠠᠷ᠎ᠢᠶᠠᠨ 《ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠠᠮᠲᠤᠷᠠᠯᠴᠠᠵᠤ ᠬᠠᠮᠲᠤ ᠪᠠᠷ ᠠᠰᠢᠭ᠋ ᠬᠦᠷᠳᠡᠬᠦ᠂ ᠦᠷᠭᠦᠯᠵᠢᠯᠡᠨ ᠬᠥᠭᠵᠢᠬᠦ》ᠪᠡᠷ ᠵᠠᠷᠴᠢᠮ ᠪᠣᠯᠭᠠᠵᠤ᠂ ᠤᠷᠳᠤ ᠬᠤᠭᠤᠴᠠᠭᠠᠨ᠎ᠤ᠂ ᠲᠣᠭᠲᠠᠭᠤᠨ᠂ ᠦᠷᠭᠦᠯᠵᠢᠯᠡᠬᠦ ᠬᠥᠭᠵᠢᠯᠲᠡ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢ ᠪᠠᠢᠭᠤᠯᠵᠤ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠥᠪᠥᠷ ᠮᠣᠩᠭᠣᠯ᠎ᠤᠨ ᠰᠠᠭᠤᠷᠢ ᠰᠤᠳᠤᠯᠭᠠᠨ ᠪᠠ ᠠᠵᠤ ᠦᠢᠯᠡᠰ᠎ᠦᠨ ᠰᠤᠳᠤᠯᠭᠠᠨ᠎ᠤ ᠬᠦᠷᠢᠶᠡᠯᠡᠩ᠎ᠳᠦ ᠲᠦᠰᠢᠭᠯᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠮᠲᠤᠷᠠᠯᠴᠠᠭ᠎ᠠ ᠥᠷᠨᠢᠭᠦᠯᠬᠦ ᠪᠤᠯᠤᠨ᠎ᠠ᠃ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠰᠢᠨ᠎ᠡ᠎ᠶᠢ ᠡᠭᠦᠳᠬᠦ᠎ᠶᠢ ᠬᠥᠲᠥᠯᠥᠨ ᠳᠠᠭᠠᠭᠤᠯᠬᠤ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠲᠤᠯᠭᠠᠭᠤᠷᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠷᠥ᠎ᠶᠢᠨ ᠪᠣᠳᠣᠯᠭ᠎ᠠ᠂ ᠠᠵᠤ ᠦᠢᠯᠡᠰ ᠵᠡᠷᠭᠡ ᠬᠦᠷᠢᠶᠡᠨ᠎ᠳᠡᠬᠢ ᠡᠬᠢ ᠪᠠᠶᠠᠯᠢᠭ᠋᠎ᠤᠨ ᠳᠠᠪᠠᠭᠤᠯᠢᠭ᠋᠎ᠲᠠᠢ ᠤᠶᠠᠯᠳᠤᠭᠤᠯᠤᠨ᠂ ᠰᠤᠳᠤᠯᠭᠠᠨ᠎ᠤ ᠬᠦᠷᠢᠶᠡᠯᠡᠩ᠎ᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠯᠳᠡ᠂ ᠴᠢᠳᠠᠪᠤᠷᠢᠲᠠᠨ᠎ᠢ ᠬᠥᠮᠥᠵᠢᠭᠦᠯᠬᠦ᠂ ᠦᠷ᠎ᠡ ᠪᠦᠲᠦᠭᠡᠯ᠎ᠢ ᠤᠨᠳᠥᠥᠰᠢᠭᠤᠯᠬᠤ᠂ ᠠᠵᠤ ᠠᠬᠤᠢᠯᠠᠯ᠎ᠢ ᠨᠡᠪᠴᠢᠭᠦᠯᠬᠦ᠂ ᠨᠡᠢᠭᠡᠮ᠎ᠳᠦ ᠦᠢᠯᠡᠴᠢᠯᠡᠬᠦ᠎ᠶᠢ ᠨᠢᠭᠡ ᠴᠣᠭᠴᠠᠵᠢᠭᠤᠯᠤᠭᠰᠠᠨ ᠵᠠᠬ᠎ᠠ ᠳᠡᠯᠭᠡᠭᠦᠷᠴᠢᠯᠡᠭᠰᠡᠨ᠂ ᠳᠡᠯᠡᠬᠡᠢᠴᠢᠯᠡᠭᠰᠡᠨ ᠰᠢᠨ᠎ᠡ ᠬᠡᠯᠪᠡᠷᠢ᠎ᠶᠢᠨ ᠰᠤᠳᠤᠯᠤᠨ ᠨᠡᠭᠡᠭᠡᠬᠦ ᠪᠠᠢᠭᠤᠯᠤᠮᠵᠢ ᠪᠣᠯᠭᠠᠨ ᠪᠦᠳᠦᠭᠡᠨ ᠪᠠᠢᠭᠤᠯᠤᠨ᠎ᠠ ᠃

ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠥᠪᠥᠷ ᠮᠣᠩᠭᠣᠯ᠎ᠤᠨ ᠰᠠᠭᠤᠷᠢ ᠰᠤᠳᠤᠯᠭᠠᠨ ᠪᠠ ᠠᠵᠤ ᠦᠢᠯᠡᠰ᠎ᠦᠨ ᠰᠤᠳᠤᠯᠭᠠᠨ᠎ᠤ ᠬᠦᠷᠢᠶᠡᠯᠡᠩ᠎ᠢ ᠰᠢᠨ᠎ᠡ ᠬᠡᠯᠪᠡᠷᠢ᠎ᠶᠢᠨ ᠰᠤᠳᠤᠯᠤᠨ ᠨᠡᠭᠡᠭᠡᠬᠦ ᠪᠠᠢᠭᠤᠯᠤᠮᠵᠢ᠎ᠶᠢᠨ ᠬᠡᠯᠪᠡᠷᠢ᠎ᠪᠡᠷ ᠪᠠᠢᠭᠤᠯᠵᠤ᠂ 《1 ᠰᠠᠭᠤᠷᠢ ᠰᠤᠳᠤᠯᠭᠠᠨ᠎ᠤ ᠰᠠᠭᠤᠷᠢᠨ + 1 ᠳᠤᠮᠳᠠ ᠵᠡᠷᠭᠡ᠎ᠶᠢᠨ ᠲᠤᠷᠰᠢᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ + 1 ᠦᠷ᠎ᠡ ᠪᠦᠲᠦᠭᠡᠯ᠎ᠢ ᠤᠯᠠᠷᠢᠭᠤᠯᠤᠨ ᠨᠡᠪᠴᠢᠭᠦᠯᠬᠦ ᠲᠥᠪ + X ᠰᠢᠨ᠎ᠡ᠎ᠶᠢ ᠡᠭᠦᠳᠬᠦ ᠠᠵᠢᠯ ᠦᠢᠯᠡᠰ᠎ᠦᠨ ᠬᠡᠯᠲᠡᠰ》᠎ᠢ᠋  ᠪᠠᠢᠷᠢᠰᠢᠭᠤᠯᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠢ ᠪᠣᠢᠵᠢᠭᠤᠯᠬᠤ ᠪᠠ ᠥᠪᠥᠷ ᠮᠣᠩᠭᠣᠯ᠎ᠤᠨ ᠠᠵᠤ ᠦᠢᠯᠡᠰ᠎ᠦᠨ ᠬᠥᠭᠵᠢᠯᠲᠡ᠎ᠳᠦ ᠦᠢᠯᠡᠴᠢᠯᠡᠬᠦ ᠬᠡᠷᠡᠭᠴᠡᠭᠡ᠎ᠳᠦ ᠵᠤᠬᠢᠴᠠᠭᠤᠯᠤᠨ᠂ ᠡᠨᠧᠷᠭᠢ᠂ ᠬᠢᠮᠢ᠎ᠶᠢᠨ ᠠᠵᠤ ᠦᠢᠯᠡᠳᠪᠦᠷᠢ᠂ ᠰᠢᠨ᠎ᠡ ᠮᠠᠲᠧᠷᠢᠶᠠᠯ᠂ ᠣᠶᠤᠨᠴᠢ ᠦᠢᠯᠡᠳᠬᠡᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠠᠵᠤ ᠦᠢᠯᠡᠰ᠎ᠦᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠮᠡᠷᠭᠡᠵᠢᠯ᠂ ᠴᠢᠳᠠᠪᠤᠷᠢᠲᠠᠨ ᠵᠡᠷᠭᠡ ᠴᠢᠨᠠᠷ ᠰᠠᠢᠲᠠᠢ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠬᠤᠷᠠᠮᠳᠤᠭᠤᠯᠵᠤ᠂ ᠬᠡᠷᠡᠭᠯᠡᠭᠡᠨ᠎ᠦ ᠰᠠᠭᠤᠷᠢ ᠰᠤᠳᠤᠯᠭᠠᠨ᠂ ᠵᠠᠩᠭᠢᠯᠠᠭ᠎ᠠ᠎ᠶᠢᠨ ᠮᠡᠷᠭᠡᠵᠢᠯ᠎ᠢ ᠨᠡᠭᠡᠭᠡᠨ ᠬᠥᠭᠵᠢᠭᠦᠯᠬᠦ᠂ ᠦᠷ᠎ᠡ ᠪᠦᠲᠦᠭᠡᠯ᠎ᠢ ᠰᠢᠯᠵᠢᠭᠦᠯᠦᠨ ᠤᠨᠳᠥᠥᠰᠢᠭᠤᠯᠬᠤ ᠵᠡᠷᠭᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠯᠠᠭ᠎ᠠ᠎ᠶᠢ ᠬᠠᠮᠵᠢᠯᠴᠠᠨ ᠥᠷᠨᠢᠭᠦᠯᠵᠦ᠂ ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠠᠵᠤ ᠦᠢᠯᠡᠰᠵᠢᠭᠦᠯᠦᠨ ᠨᠠᠢᠳᠠᠪᠤᠷᠢᠵᠢᠭᠤᠯᠬᠤ᠎ᠶᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠣᠷᠣᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠳᠦ ᠪᠠᠲᠤ ᠪᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠨᠭᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号