ᠰᠦᠩ ᠴᠢᠩ ᠯᠢᠩ ᠪᠠᠭᠠᠴᠤᠳ ᠬᠡᠦᠬᠡᠳ᠎ᠦᠨ ᠡᠭᠦᠳᠦᠯᠲᠡ᠎ᠶ᠋ᠢᠨ ᠱᠠᠩᠨᠠᠯ᠎ᠤᠨ ᠥᠪᠥᠷ ᠮᠣᠩᠭᠣᠯ ᠣᠷᠣᠨ᠎ᠤ ᠰᠢᠯᠭᠠᠷᠠᠭᠤᠯᠬᠤ ᠠᠵᠢᠯᠯᠠᠭ᠎ᠠ ᠡᠬᠢᠯᠡᠪᠡ
2026-04-27 15:05:22
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠬᠣᠷᠢᠨ ᠨᠢᠭᠡᠳᠦᠭᠡᠷ ᠬᠤᠭᠤᠴᠠᠭᠠᠨ᠎ᠤ ᠰᠥᠩ ᠴᠢᠩ ᠯᠢᠩ ᠪᠠᠭᠠᠴᠤᠳ ᠬᠡᠦᠬᠡᠳ᠎ᠦᠨ ᠡᠭᠦᠳᠦᠯᠲᠡ᠎ᠶ᠋ᠢᠨ ᠱᠠᠩᠨᠠᠯ᠎ᠤᠨ ᠥᠪᠥᠷ ᠮᠣᠩᠭᠣᠯ ᠣᠷᠣᠨ᠎ᠤ ᠰᠢᠯᠭᠠᠷᠠᠭᠤᠯᠬᠤ ᠠᠵᠢᠯᠯᠠᠭ᠎ᠠ ᠬᠥᠬᠡᠬᠣᠲᠠ᠎ᠳᠤ ᠡᠬᠢᠯᠡᠪᠡ᠃

ᠠᠵᠢᠯᠯᠠᠭ᠎ᠠ᠎ᠶ᠋ᠢ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠡᠴᠡ ᠭᠤᠤᠯᠯᠠᠨ ᠡᠷᠭᠢᠯᠡᠵᠦ᠍᠂ ᠮᠠᠨ᠎ᠤ ᠣᠷᠣᠨ᠎ᠤ ᠵᠠᠯᠠᠭᠤᠴᠤᠳ ᠪᠠᠭᠠᠴᠤᠳ᠎ᠲᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠵᠢᠡᠨ ᠳᠡᠯᠭᠡᠨ ᠦᠵᠡᠭᠦᠯᠬᠦ᠌ ᠪᠠ ᠰᠣᠯᠢᠯᠴᠠᠬᠤ ᠲᠠᠪᠴᠠᠩ ᠬᠠᠨᠭᠭᠠᠵᠤ ᠥᠭ᠌ᠴᠡᠶ᠃ ᠠᠵᠢᠯᠯᠠᠭ᠎ᠠ ᠡᠬᠢᠯᠡᠭ᠌ᠰᠡᠨ᠎ᠡᠴᠡ ᠨᠠᠭᠠᠰᠢ᠂ ᠪᠥᠬᠥ᠌ ᠣᠷᠣᠨ᠎ᠤ 12 ᠠᠢᠮᠠᠭ ᠬᠣᠲᠠ᠎ᠶ᠋ᠢᠨ ᠨᠡᠢᠳᠡ 1650 ᠪᠦᠳᠦᠭᠡᠯ ᠤᠷᠤᠯᠴᠠᠪᠠ᠂ ᠡᠭᠦᠨ᠎ᠳᠦ ᠡᠭᠦᠳᠦᠨ ᠪᠦᠳᠦᠭᠡᠯᠳᠡ ᠵᠢᠨ ᠪᠦᠲᠦᠭᠡᠯ 463 ᠵᠦᠶ᠋ᠯ᠂ ᠵᠣᠬᠢᠶᠠᠮᠠᠯ ᠣᠶᠤᠨ ᠴᠢᠳᠠᠪᠤᠷᠢ (ᠫᠷᠤᠭ᠌ᠷᠠᠮ ᠨᠠᠢᠷᠠᠭᠤᠯᠬᠤ) ᠶ᠋ᠢᠨ ᠪᠦᠲᠦᠭᠡᠯ 627 ᠵᠦᠶ᠋ᠯ᠂ ᠪᠦᠲᠦᠭᠡᠯᠴᠢ ᠦᠢᠯᠡᠳᠬᠦᠨ137 ᠵᠦᠶ᠋ᠯ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠤᠷᠠᠨ ᠵᠢᠷᠤᠭ᠎ᠤᠨ ᠪᠦᠲᠦᠭᠡᠯ 423 ᠵᠦᠶ᠋ᠯ ᠪᠤᠢ᠃

ᠠᠵᠢᠯᠯᠠᠭ᠎ᠠ᠎ᠨᠢ ᠪᠥᠬᠥ᠌ ᠤᠯᠤᠰ᠎ᠤᠨ ᠡᠯ᠎ᠡ ᠬᠦᠷᠢᠶᠡᠨ᠎ᠦ 19 ᠲᠤᠰᠭᠠᠶ ᠮᠡᠷᠭᠡᠵᠢᠯᠲᠡᠨ᠎ᠢ ᠤᠷᠢᠵᠤ ᠬᠢᠨᠠᠨ ᠲᠣᠭ᠍ᠲᠠᠭᠠᠬᠤ ᠪᠦᠯᠬᠦᠮ ᠪᠠᠢᠭᠤᠯᠤᠨ ᠲᠤᠰᠭᠠᠶ ᠮᠡᠷᠭᠡᠵᠢᠯ᠎ᠦᠨ ᠬᠢᠨᠠᠨ ᠲᠣᠭ᠍ᠲᠠᠭᠠᠯᠲᠠ ᠬᠢᠯᠭᠡᠵᠦ᠍᠂ ᠡᠴᠦᠰ᠎ᠲᠦ 172 ᠪᠦᠳᠦᠭᠡᠯ᠎ᠢ ᠡᠭᠦᠳᠦᠯᠲᠡ᠎ᠶ᠋ᠢᠨ ᠪᠦᠲᠦᠭᠡᠯ ᠪᠠ ᠵᠣᠬᠢᠶᠠᠮᠠᠯ ᠣᠶᠤᠨ ᠴᠢᠳᠠᠪᠤᠷᠢ (ᠫᠷᠤᠭ᠌ᠷᠠᠮ ᠨᠠᠢᠷᠠᠭᠤᠯᠬᠤ) ᠶ᠋ᠢᠨ ᠱᠢᠯᠢᠳᠡᠭ ᠲᠥᠷᠥᠯ ᠵᠦᠶ᠋ᠯ ᠵᠢᠡᠷ ᠲᠠᠰ ᠳᠡᠪᠱᠢᠭᠦᠯᠵᠦ᠍᠂ ᠡᠴᠦᠰ᠎ᠦᠨ ᠦᠨᠡᠯᠡᠯᠲᠡ ᠬᠢᠯᠭᠡᠵᠦ᠍᠂ ᠨᠣᠮ ᠬᠠᠶᠠᠯᠴᠠᠭᠠᠨ᠎ᠳᠤ ᠣᠷᠣᠯᠴᠠᠭᠤᠯᠪᠠ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠤᠷᠠᠨ ᠵᠢᠷᠤᠭ᠎ᠤᠨ 40 ᠪᠦᠲᠦᠭᠡᠯ᠎ᠨᠢ ᠡᠴᠦᠰ᠎ᠦᠨ ᠦᠨᠡᠯᠡᠯᠲᠡ᠎ᠬᠢᠯᠭᠡᠬᠦ ᠲᠤᠬᠠᠶ᠎ᠶ᠋ᠢᠨ ᠲᠠᠯᠠᠪᠠᠶ᠎ᠶ᠋ᠢᠨ ᠦᠵᠡᠭᠦᠯᠭᠡ᠎ᠶ᠋ᠢᠨ ᠭᠣᠭ᠍ᠴᠣᠭ᠎ᠠ᠎ᠳᠤ ᠣᠷᠣᠪᠠ᠃ ᠡᠭᠦᠳᠦᠯᠲᠡ᠎ᠶ᠋ᠢᠨ ᠪᠦᠲᠦᠭᠡᠯ᠂ ᠵᠣᠬᠢᠶᠠᠮᠠᠯ ᠣᠶᠤᠨ ᠴᠢᠳᠠᠪᠤᠷᠢ (ᠫᠷᠤᠭ᠌ᠷᠠᠮ ᠨᠠᠢᠷᠠᠭᠤᠯᠬᠤ) ᠶ᠋ᠢᠨ ᠪᠦᠲᠦᠭᠡᠯ᠎ᠳᠦ ᠠᠯᠲᠠᠨ ᠱᠠᠩᠨᠠᠯ᠂ ᠮᠥᠩᠭᠥᠨ ᠱᠠᠩᠨᠠᠯ᠂ ᠬᠦᠷᠡᠯ ᠱᠠᠩᠨᠠᠯ ᠲᠣᠬᠢᠷᠠᠭᠤᠯᠵᠤ᠂ ᠰᠤᠶᠤᠯ᠎ᠤᠨ ᠪᠦᠲᠦᠭᠡᠯᠴᠢ ᠦᠢᠯᠡᠳᠬᠦᠨ ᠳ᠋ᠤ ᠴᠢᠭᠯᠡᠬᠦᠯᠦᠨ 《ᠰᠠᠨᠰᠠᠷ᠎ᠤᠨ ᠵᠢᠭᠤᠯᠴᠢᠯᠠᠯ》᠂ 《ᠢᠷᠡᠭᠡᠳᠦᠶ᠎ᠶ᠋ᠢᠨ ᠡᠨᠧᠷᠭᠢ》 ᠭᠡᠬᠦ᠌ ᠬᠣᠶᠠᠷ ᠭᠤᠤᠯ ᠰᠡᠳᠦᠪ᠎ᠲᠦ ᠱᠢᠯᠢᠳᠡᠭ ᠱᠠᠩᠨᠠᠯ ᠲᠣᠬᠢᠷᠠᠭᠤᠯᠪᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠤᠷᠠᠨ ᠵᠢᠷᠤᠭ᠎ᠤᠨ ᠪᠦᠲᠦᠭᠡᠯ᠎ᠳᠦ ᠱᠠᠩᠨᠠᠯ ᠲᠣᠬᠢᠷᠠᠭᠤᠯᠤᠭᠰᠠᠨ ᠦᠭᠡᠢ᠃ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠬᠢᠨᠠᠨ ᠲᠣᠭ᠍ᠲᠠᠭᠠᠭ᠍ᠰᠠᠨ ᠬᠢᠷᠢ ᠪᠦᠲᠦᠮᠵᠢ᠎ᠪᠡᠷ ᠱᠢᠯᠢᠳᠡᠭ ᠪᠦᠲᠦᠭᠡᠯ᠎ᠢ ᠱᠢᠯᠢᠨ ᠰᠣᠩᠭᠣᠵᠤ ᠬᠣᠷᠢᠨ ᠨᠢᠭᠡᠳᠦᠭᠡᠷ ᠬᠤᠭᠤᠴᠠᠭᠠᠨ᠎ᠤ ᠰᠥᠩ ᠴᠢᠩ ᠯᠢᠩ ᠪᠠᠭᠠᠴᠤᠳ ᠬᠡᠦᠬᠡᠳ᠎ᠦᠨ ᠡᠭᠦᠳᠦᠯᠲᠡ᠎ᠶ᠋ᠢᠨ ᠱᠠᠩᠨᠠᠯ᠎ᠤᠨ ᠪᠥᠬᠥ᠌ ᠤᠯᠤᠰ᠎ᠤᠨ ᠱᠢᠯᠭᠠᠷᠠᠭᠤᠯᠬᠤ ᠠᠵᠢᠯᠯᠠᠭ᠎ᠠ᠎ᠳᠤ ᠣᠷᠣᠯᠴᠠᠭᠤᠯᠬᠤ ᠪᠤᠯᠤᠨ᠎ᠠ᠃

ᠲᠤᠰ ᠤᠷᠤᠯᠳᠤᠭᠠᠨ ᠨᠢ ᠰᠦᠨᠭ ᠴᠢᠨᠭ ᠯᠢᠨᠭ᠎ᠦᠨ 《ᠢᠷᠡᠭᠡᠳᠤᠢ ᠵᠢ ᠡᠬᠦᠳᠬᠦ》 ᠤᠢᠯᠠᠭᠠᠭᠳᠠᠬᠤᠨ᠎ᠢ ᠪᠠᠷᠢᠮᠳᠠᠯᠠᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠎ᠪᠡᠷ ᠦᠨᠳᠦᠰᠦᠨ ᠡᠭᠦᠷᠭᠡ ᠪᠣᠯᠭᠠᠵᠤ᠂ ᠱᠢᠨᠵᠢᠯᠡᠬᠦ᠌ ᠤᠬᠠᠭᠠᠨᠳᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢ ᠤᠯᠠᠮᠵᠢᠯᠠᠵᠤ᠂ ᠵᠠᠯᠠᠭᠤᠴᠤᠳ ᠪᠠᠭᠠᠴᠤᠳ᠎ᠤᠨ ᠱᠢᠨᠵᠢᠯᠡᠬᠦ᠌ ᠤᠬᠠᠭᠠᠨ᠎ᠤ ᠳᠤᠷ᠎ᠠ ᠰᠣᠨᠢᠷᠬᠠᠯ᠂ ᠱᠢᠨ᠎ᠡ᠎ᠶ᠋ᠢ ᠡᠭᠦᠳᠬᠦ᠌ ᠤᠬᠠᠮᠰᠠᠷ ᠪᠣᠯᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠴᠢᠩᠭᠠᠳᠭᠠᠵᠤ᠂ ᠵᠠᠯᠠᠭᠤᠴᠤᠳ ᠪᠠᠭᠠᠴᠤᠳ᠎ᠤᠨ ᠤᠯᠤᠰ᠎ᠢᠶᠠᠨ ᠬᠠᠢᠷᠠᠯᠠᠬᠤ ᠰᠡᠳᠭᠢᠯᠭᠡ ᠪᠣᠯᠤᠨ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠶ᠋ᠢ ᠬᠥᠮᠦᠵᠢᠭᠦᠯᠵᠦ᠍᠂ ᠰᠣᠯᠢᠯᠴᠠᠭᠠᠨ᠎ᠤ ᠲᠠᠪᠴᠠᠩ᠎ᠬᠠᠩᠭᠠᠨ᠂ ᠱᠢᠨᠵᠢᠯᠡᠬᠦ᠌ ᠤᠬᠠᠭᠠᠨᠲᠠᠨ᠎ᠤ ᠳᠠᠯᠳᠠ ᠬᠦᠴᠦᠨ᠎ᠲᠡᠶ ᠵᠠᠯᠠᠭᠤᠴᠤᠳ ᠪᠠᠭᠠᠴᠤᠳ᠎ᠢ ᠬᠥᠮᠦᠵᠢᠭᠦᠯᠬᠦ᠌᠎ᠪᠡᠷ ᠵᠣᠷᠢᠯᠲᠠ ᠪᠣᠯᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号