ᠱᠢᠯᠢ᠎ᠶ᠋ᠢᠨ ᠭᠤᠤᠯ ᠠᠢᠮᠠᠭ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠵᠦ᠍ ᠪᠣᠶ
2026-04-27 14:36:41
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠦᠳ᠎ᠲᠦ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠠᠳᠠᠯ ᠦᠶ᠋ᠯᠡᠰ ᠪᠤᠰᠬᠠᠬᠤ᠂ ᠲᠤᠭᠢᠷᠠᠮᠵᠢᠳᠠᠢ ᠠᠵᠢᠯ᠎ᠤᠨ ᠪᠠᠢᠷᠢ ᠤᠯᠬᠤ ᠵᠢ ᠠᠬᠢᠭᠤᠯᠬᠤ᠎ᠶ᠋ᠢᠨ ᠲᠥᠯᠥᠭᠡ ᠱᠢᠯᠢ᠎ᠶ᠋ᠢᠨ ᠭᠤᠤᠯ ᠠᠢᠮᠠᠭ 《ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ᠂ ᠠᠷᠠᠳ᠎ᠤᠨ ᠠᠮᠢᠳᠤᠷᠠᠯ᠎ᠢᠶᠠᠷ ᠦᠨᠳᠦᠰᠦ ᠪᠣᠯᠭᠠᠬᠤ》 ᠵᠢ ᠬᠢᠴᠢᠶᠡᠵᠦ᠂ ᠠᠵᠢᠯ᠎ᠤᠨ ᠪᠠᠢᠷᠢ᠎ᠶ᠋ᠢᠨ ᠳᠠᠯᠳᠠ ᠬᠦᠴᠦᠨ᠎ᠢ ᠠᠭᠤᠳᠠᠯᠬᠤ᠂ ᠤᠷ᠎ᠠ ᠴᠢᠳᠠᠪᠤᠷᠢ ᠵᠢ ᠳᠡᠭᠡᠭ᠌ᠰᠢᠯᠡᠭᠦᠯᠬᠦ᠌᠂ ᠦᠶ᠋ᠯᠡᠴᠢᠯᠡᠭᠡᠨ᠎ᠦ ᠦᠷ᠎ᠡ ᠠᠱᠢᠭ᠎ᠢ ᠨᠡᠮᠡᠭ᠌ᠳᠡᠭᠦᠯᠬᠦ᠌ ᠭᠤᠷᠪᠠᠨ ᠶᠡᠬᠡ ᠵᠠᠩᠭᠢᠯᠠᠭ᠎ᠠ᠎ᠶ᠋ᠢᠨ ᠭᠣᠭ᠍ᠴᠣᠭ᠎ᠠ ᠵᠢ ᠴᠢᠡᠭᠭᠠᠳᠬᠠᠨ᠂ ᠠᠵᠢᠯ ᠣᠯᠭᠣᠬᠤ ᠠᠷᠭ᠎ᠠ ᠵᠠᠮ᠎ᠢ ᠢᠳᠡᠪᠬᠢᠲᠡᠶ ᠥᠷᠭᠡᠳᠭᠡᠨ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠤᠷᠤᠯᠭ᠎ᠠ ᠵᠢᠨ ᠨᠡᠮᠡᠭᠳᠡᠯ᠎ᠤᠨ ᠲᠤᠭᠳᠠᠭᠤᠨ ᠪᠠᠢᠬᠤ ᠵᠢ ᠪᠠᠲᠤᠯᠠᠵᠠᠢ᠃

ᠠᠵᠢᠯ᠎ᠤᠨ ᠪᠠᠢᠷᠢ ᠵᠢ ᠦᠷᠭᠡᠳᠭᠡᠵᠦ ᠤᠯᠠᠨ ᠠᠷᠭ᠎ᠠ ᠵᠠᠮ ᠵᠢᠠᠷ ᠠᠵᠢᠯ ᠤᠯᠬᠤ ᠵᠢ ᠠᠬᠢᠭᠤᠯᠪᠠ

4 ᠰᠠᠷ᠎ᠠ᠎ᠶ᠋ᠢᠨ ᠡᠬᠢ ᠪᠡᠷ᠂ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠱᠢᠩ ᠶᠣᠣ ᠪᠠᠯᠭᠠᠰᠤᠨ᠎ᠤ ᠵᠢᠮᠢᠰ ᠢᠳᠡᠰᠢᠨ ᠨᠤᠭᠤᠭᠠᠨ᠎ᠤ ᠬᠦᠯᠡᠮᠵᠢ᠎ᠳᠦ ᠤᠷᠢᠨ ᠳᠤᠯᠠᠭᠠᠨ ᠪᠥᠭᠡᠳ ᠠᠮᠢᠯᠠᠯ᠎ᠤᠨ ᠨᠣᠭᠣᠭᠠᠨ ᠦᠩᠭᠡ᠎ᠪᠡᠷ ᠪᠢᠯᠬᠠᠨ᠎ᠠ᠃ ᠡᠳᠦᠭᠡ ᠡᠨᠳᠡᠬᠢ ᠨᠢ ᠬᠤᠯᠠ ᠤᠢᠷ᠎ᠠ ᠳ᠋ᠠᠭᠠᠨ ᠠᠯᠳᠠᠷᠳᠠᠢ 《ᠱᠢᠩ ᠶᠣᠣ ᠵᠢᠨ ᠲᠠᠷᠪᠤᠰ》 ᠤ᠋ᠨ ᠣᠨᠴᠠᠯᠢᠭ᠍ᠲᠤ ᠠᠵᠤ ᠦᠶ᠋ᠯᠡᠰ᠎ᠤᠨ ᠬᠦᠷᠢᠶᠡᠯᠡᠡᠭ ᠲᠤᠭᠤᠷᠢᠭ ᠪᠤᠯᠪᠠ᠃ ᠲᠤᠰ ᠠᠵᠤ ᠦᠢᠯᠡᠰ᠎ᠦᠨ ᠬᠦᠷᠢᠶᠡᠯᠡᠩ ᠨᠢ ᠡᠩ ᠲᠡᠷᠢᠭᠦᠨ᠎ᠳᠦ ᠶᠠᠳᠠᠭᠤ᠎ᠡᠴᠠ ᠠᠩᠭᠢᠵᠢᠷᠠᠭ᠍ᠰᠠᠨ ᠬᠥᠳᠡᠯᠮᠦᠷᠢ ᠬᠦᠴᠦ᠍ ᠪᠣᠯᠤᠨ ᠬᠥᠳᠡᠭᠡ ᠲᠣᠰᠭᠣᠨ᠎ᠤ ᠬᠡᠷ᠎ᠢᠶᠡᠨ ᠰᠠᠬᠢᠵᠤ ᠬᠣᠴᠣᠷᠤᠭ᠍ᠰᠠᠨ ᠬᠥᠮᠦᠰ᠎ᠲᠦ ᠠᠵᠢᠯ᠎ᠤᠨ ᠪᠠᠢᠷᠢ ᠬᠠᠡᠭᠭᠠᠵᠦ᠂ ᠲᠠᠷᠢᠶᠠᠨ ᠭᠠᠵᠠᠷ᠎ᠤᠨ ᠬᠠᠮᠢᠶᠠᠷᠤᠯᠳᠠ᠂ ᠲᠡᠭᠦᠵᠦ᠍ ᠢᠯᠭᠠᠬᠤ᠎ᠡᠴᠡ ᠪᠣᠭᠣᠳᠠᠯᠯᠠᠵᠦ ᠵᠦᠭᠡᠭᠡᠪᠦᠷᠢᠯᠡᠨ᠂ ᠴᠢᠨᠠᠭᠰᠢᠯᠠᠪᠠᠯ ᠪᠣᠷᠣᠯᠠᠭᠤᠯᠬᠤ ᠪᠦᠬᠦ᠌ ᠬᠡᠯᠬᠢᠶᠡᠨ᠎ᠳᠦ ᠠᠵᠢᠯᠴᠢᠨ ᠡᠯᠰᠡᠵᠦ᠂ ᠵᠢᠯ ᠳᠤᠮᠳᠠᠴᠢ᠎ᠪᠠᠷ100 ᠭᠠᠷᠤᠢ ᠬᠦᠮᠦᠨ᠎ᠢ ᠬᠢᠬᠦ ᠠᠵᠢᠯ ᠲᠠᠢ ᠪᠤᠯᠭᠠᠵᠦ᠂ ᠬᠥᠮᠦᠨ ᠳᠤᠮᠳᠠᠴᠢ᠎ᠶ᠋ᠢᠨ ᠵᠢᠯ᠎ᠦᠨ ᠣᠷᠣᠯᠭ᠎ᠠ ᠵᠢ 1.5 ᠲᠦᠮᠡᠨ ᠲᠥᠭᠥᠷᠢᠭ᠎ᠡᠴᠡ ᠳᠡᠭᠡᠭ᠌ᠰᠢ ᠪᠤᠯᠭᠠᠪᠠ᠃ ᠠᠵᠤ ᠦᠶ᠋ᠯᠡᠰ᠎ᠦᠨ ᠬᠥᠭ᠌ᠵᠢᠯ ᠪᠠᠳᠠᠷᠠᠯ ᠨᠢ ᠲᠣᠰᠭᠣᠨ᠎ᠤ ᠠᠷᠠᠳ᠎ᠲᠤ ᠬᠡᠷ᠎ᠲᠡᠬᠡᠨ ᠠᠵᠢᠯ ᠤᠯᠬᠤ ᠰᠠᠢᠨ ᠲᠣᠬᠢᠶᠠᠯ᠎ᠢ ᠡᠭᠦᠳᠴᠦ᠍ ᠥᠭ᠌ᠴᠡᠶ᠃

ᠱᠢᠯᠤᠭᠤᠨ ᠬᠥᠬᠡ ᠬᠣᠱᠢᠭᠤᠨ᠎ᠤ ᠰᠠᠢᠨᠬᠤᠳᠳᠤᠭ ᠰᠤᠮᠤᠨ᠎ᠤ ᠮᠠᠯᠴᠢᠨ ᠵᠢᠶᠠ ᠵᠢᠶᠦ᠋ᠨ ᠬᠣᠩ ᠪᠣᠯᠤᠨ ᠲᠡᠭᠦᠨ᠎ᠤ ᠵᠡᠷᠭᠡᠯᠡᠳᠡᠭᠡ ᠠᠢᠯ᠎ᠤᠨ᠎ᠬᠢᠨ᠎ᠦ ᠠᠮᠢᠳᠤᠷᠠᠯ ᠴᠤ᠌ ᠨᠢᠭᠡ ᠬᠤᠪᠢ ᠣᠨᠴᠠᠭᠠᠶ ᠠᠵᠢᠯ᠎ᠡᠴᠡ ᠪᠣᠯᠵᠣ ᠬᠤᠪᠢᠷᠠᠯᠲᠠ ᠭᠠᠷᠴᠠᠶ᠃ ᠲᠡᠭᠦᠨ᠎ᠦ ᠪᠠᠢᠭ᠎ᠠ ᠭᠠᠴᠠᠭ᠎ᠠ ᠨᠢ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ ᠪᠠᠢᠷᠢᠯᠠᠵᠦ ᠪᠤᠶ᠃ 2025 ᠣᠨ᠎ᠳᠤ᠂ ᠲᠡᠷᠡ ᠲᠤᠬᠠᠢ᠎ᠶ᠋ᠢᠨ ᠭᠠᠵᠠᠷ᠎ᠡᠴᠨ ᠵᠣᠬᠢᠶᠠᠨ ᠪᠠᠢᠭᠤᠯᠤᠭ᠍ᠰᠠᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠵᠠᠰᠠᠬᠤ ᠠᠵᠢᠯ᠎ᠤᠨ ᠠᠵᠢᠯ ᠣᠯᠭᠣᠬᠤ᠎ᠪᠠᠷ ᠲᠡᠳᠬᠦᠮᠵᠢ᠎ᠶ᠋ᠢ ᠣᠷᠣᠯᠠᠭᠤᠯᠬᠤ ᠲᠦᠷᠦᠯ ᠵᠦᠢᠯ᠎ᠳᠦ ᠣᠷᠣᠯᠴᠠᠵᠤ᠂ ᠤᠷᠤᠨ ᠨᠤᠲᠤᠭ ᠲᠠᠭᠠᠨ ᠰᠠᠭᠤᠵᠦ ᠪᠠᠢᠭᠠᠳ 300 ᠭᠠᠷᠤᠢ ᠲᠥᠭᠥᠷᠢᠭ᠎ᠦᠨ ᠡᠳᠦᠷ ᠳᠤᠮᠳᠠᠴᠢ᠎ᠶ᠋ᠢᠨ ᠣᠷᠣᠯᠭ᠎ᠠ᠎ᠶ᠋ᠢ ᠪᠡᠶᠡᠯᠡᠭᠦᠯᠵᠠᠢ᠃

ᠡᠲᠡᠭᠡᠷ ᠪᠤᠳᠠᠳᠤ ᠵᠢᠱ᠌ᠢᠶ᠎ᠡ ᠨᠤᠬᠦᠳ ᠪᠤᠯ ᠱᠢᠯᠢ᠎ᠶ᠋ᠢᠨ ᠭᠤᠤᠯ ᠠᠢᠮᠠᠭ᠎ᠤᠨ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠬᠡᠷᠡᠭ᠌ᠯᠡᠨ ᠠᠵᠢᠯ ᠣᠯᠭᠣᠬᠤ ᠠᠷᠭ᠎ᠠ ᠵᠠᠮ᠎ᠢ ᠥᠷᠭᠡᠳᠭᠡᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭᠳᠡᠭᠦᠯᠦᠭᠰᠡᠨ ᠲᠤᠢᠮᠤ ᠵᠢᠷᠤᠭ ᠲᠦᠷᠰᠦ ᠪᠤᠯᠬᠤ ᠶᠤᠮ᠃ ᠣᠢᠷ᠎ᠠ᠎ᠶ᠋ᠢᠨ ᠵᠢᠯ᠎ᠳᠤ᠂ ᠪᠥᠬᠥ᠌ ᠠᠢᠮᠠᠭ᠎ᠢᠶᠠᠷ᠎ᠢᠶᠠᠨ ᠠᠵᠤ ᠦᠶ᠋ᠯᠡᠰ᠎ᠢᠶᠡᠷ ᠳᠠᠢᠴᠢᠯᠠᠬᠤ ᠪᠠ ᠣᠯᠠᠨ ᠡᠱᠢᠵᠢᠬᠦᠯᠦᠨ ᠥᠷᠭᠡᠳᠭᠡᠬᠦ᠌᠎ᠶ᠋ᠢ ᠵᠡᠷᠭᠡ᠎ᠪᠡᠷ ᠠᠳᠬᠤᠵᠦ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠠᠵᠢᠯ ᠣᠯᠭᠣᠯᠲᠠ᠎ᠶ᠋ᠢᠨ ᠳᠠᠯᠳᠠ ᠬᠦᠴᠦᠨ᠎ᠢ ᠠᠭᠤᠳᠠᠯᠤᠭᠰᠠᠨ ᠵᠢᠠᠷ ᠪᠠᠷᠠᠬᠤ ᠥᠬᠡᠶ ᠪᠠᠰᠠ ᠣᠯᠠᠨ ᠶᠠᠩᠵᠤ᠎ᠶ᠋ᠢᠨ ᠠᠮᠢᠳᠤᠯᠢᠭ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠥᠷᠭᠡᠳᠭᠡᠪᠡ᠃

ᠱᠢᠯᠢ᠎ᠶ᠋ᠢᠨ ᠭᠤᠤᠯ ᠠᠢᠮᠠᠭ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠷᠢᠱᠢᠭᠤᠯᠤᠯᠲᠠ᠎ᠶ᠋ᠢᠨ ᠲᠣᠭᠣᠷᠢᠨ᠎ᠳᠤ ᠠᠵᠤ ᠦᠶ᠋ᠯᠡᠰ ᠬᠢᠭᠡᠳ ᠠᠵᠢᠯ ᠣᠯᠭᠣᠯᠲᠠ᠎ᠶ᠋ᠢᠨ ᠵᠣᠬᠢᠴᠠᠯᠳᠤᠨ ᠬᠥᠭ᠌ᠵᠢᠬᠦ᠌᠎ᠶ᠋ᠢ ᠠᠬᠢᠭᠤᠯᠵᠦ᠂ ᠭᠣᠣᠯᠳᠠᠯᠭ᠎ᠠ᠎ᠲᠠᠶ ᠠᠵᠤ ᠦᠢᠯᠡᠰ᠂ ᠭᠣᠣᠯᠳᠠᠯᠭ᠎ᠠ᠎ᠲᠠᠶ ᠲᠥᠷᠥᠯ ᠵᠦᠢᠯ᠎ᠦᠨ ᠠᠵᠢᠯᠴᠢᠨ ᠬᠡᠷᠡᠭ᠌ᠯᠡᠬᠦ᠌᠎ᠶ᠋ᠢ ᠵᠣᠯᠭᠠᠭᠤᠯᠬᠤ ᠲᠣᠭ᠍ᠲᠠᠴᠠ᠎ᠶ᠋ᠢ ᠪᠠᠢᠭᠤᠯᠬᠤ᠎ᠪᠠᠷ ᠳᠠᠮᠵᠢᠨ᠂ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠠᠢᠭᠠᠳ ᠲᠤᠰ ᠭᠠᠵᠠᠷ᠎ᠤᠨ ᠬᠥᠳᠡᠯᠮᠦᠷᠢ ᠬᠦᠴᠦᠨ᠎ᠢ ᠡᠩ ᠲᠡᠷᠢᠭᠦᠨ᠎ᠳᠦ ᠡᠯᠰᠡᠨ ᠬᠡᠷᠡᠭ᠌ᠯᠡᠭᠦ ᠵᠢ ᠲᠠᠢᠴᠢᠯᠠᠪᠠ᠃ ᠡᠭᠦᠨ᠎ᠦ ᠬᠠᠮᠲᠤ᠂ ᠭᠤᠤᠯᠳᠠᠯᠭ᠎ᠠ᠎ᠲᠠᠶ ᠠᠵᠢᠯ ᠲᠥᠷᠥᠯ᠎ᠦᠨ ᠠᠵᠢᠯ ᠣᠯᠭᠣᠬᠤ ᠠᠵᠢᠯ᠎ᠤᠨ ᠪᠠᠢᠷᠢ᠎ᠶ᠋ᠢ ᠬᠠᠮᠲᠤᠷᠠᠨ ᠴᠤᠭ᠍ᠯᠠᠭᠤᠯᠵᠤ ᠨᠡᠢᠯᠡᠭᠦᠯᠬᠦ᠌ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠂ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠤᠷᠢᠳᠴᠢᠯᠠᠨ ᠰᠤᠳᠤᠯᠤᠨ ᠮᠠᠭᠠᠳᠯᠠᠵᠤ᠂ ᠠᠵᠤ ᠠᠬᠤᠢᠯᠠᠯ᠎ᠤᠨ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠯᠤᠭ᠎ᠠ ᠵᠣᠯᠭᠠᠭᠤᠯᠵᠤ᠂ ᠣᠢᠷ᠎ᠠ ᠬᠠᠪᠢ᠎ᠳᠠᠭᠠᠨ ᠲᠤᠬᠠᠶ᠎ᠶ᠋ᠢᠨ ᠭᠠᠵᠠᠷ᠎ᠲᠠᠭᠠᠨ ᠠᠵᠢᠯ ᠤᠯᠬᠤ ᠵᠢ ᠦᠷᠭᠡᠳᠭᠡᠪᠡ᠃ 2025 ᠣᠨ᠎ᠠᠴᠠ ᠨᠠᠭᠠᠰᠢ᠂ ᠪᠥᠬᠥ᠌ ᠠᠢᠮᠠᠭ᠎ᠤᠨ ᠰᠢᠨ᠎ᠡ ᠪᠡᠷ ᠠᠭᠤᠳᠠᠯᠤᠨ ᠨᠡᠮᠡᠭᠳᠡᠭᠦᠯᠦᠭᠰᠡᠨ ᠠᠵᠢᠯ᠎ᠤᠨ ᠪᠠᠢᠷᠢ 10 ᠲᠦᠮᠡ ᠭᠠᠷᠤᠶ ᠪᠣᠯᠵᠣ᠂ ᠠᠵᠤ ᠦᠶ᠋ᠯᠡᠰ᠎ᠢᠶᠡᠷ ᠠᠵᠢᠯ ᠣᠯᠭᠣᠯᠲᠠ᠎ᠶ᠋ᠢ ᠠᠬᠢᠭᠤᠯᠬᠤ᠂ ᠠᠵᠢᠯ ᠣᠯᠭᠣᠯᠲᠠ᠎ᠪᠠᠷ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠰᠠᠢᠨ ᠣᠷᠴᠢᠯ᠎ᠢ ᠪᠣᠶ ᠪᠣᠯᠭᠠᠵᠠᠢ᠃

ᠮᠡᠷᠭᠡᠵᠢᠯ᠎ᠦᠨ ᠪᠣᠯᠪᠠᠰᠤᠷᠠᠯ᠎ᠢ ᠴᠢᠩᠭᠠᠳᠭᠠᠵᠤ ᠠᠵᠢᠯ ᠤᠯᠭᠤᠯᠳᠠ ᠵᠢ ᠦᠨᠡᠨ ᠬᠦ᠌ ᠲᠡᠭᠡᠭᠰᠢᠯᠡᠭᠦᠯᠪᠡ

《ᠮᠡᠷᠭᠡᠵᠢᠯ ᠲᠠᠢ ᠪᠤᠯ ᠠᠵᠢᠯ ᠤᠯᠬᠤ᠎ᠳᠤ ᠵᠣᠪᠠᠬᠤ ᠤᠴᠢᠷ ᠦᠭᠡᠢ》᠂ ᠵᠡᠭᠦᠨ ᠦᠵᠦᠮᠦᠴᠢᠨ ᠬᠣᠱᠢᠭᠤᠨ᠎ᠤ 《ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠵᠠᠰᠠᠬᠤ ᠪᠣᠯᠪᠠᠰᠤᠷᠠᠯ》 ᠳᠡᠭᠡᠷ᠎ᠡ ᠮᠠᠯᠴᠢᠨ ᠲᠦᠮᠡᠨᠪᠠᠶᠠᠷ ᠬᠢᠴᠢᠶᠡᠯ ᠲᠠᠢᠯᠤᠮᠵᠢ᠎ᠶ᠋ᠢ ᠨᠠᠷᠢᠨ ᠬᠢᠨᠠᠮᠠᠭᠠᠶ ᠰᠣᠨᠣᠰᠴᠤ᠌᠂ ᠦᠬᠡᠷ ᠬᠣᠨᠢᠨ᠎ᠳᠤ ᠪᠠᠢᠩᠭᠤ ᠲᠣᠬᠢᠶᠠᠯᠳᠤᠳᠠᠭ ᠡᠪᠡᠳᠴᠢᠨ᠎ᠭᠡᠮ᠎ᠢ ᠣᠨᠣᠱᠢᠯᠠᠬᠤ ᠪᠠ ᠰᠡᠷᠭᠡᠢᠯᠡᠨ ᠵᠠᠰᠠᠬᠤ ᠠᠵᠢᠯ᠎ᠢ ᠭᠠᠷᠳᠠᠨ ᠪᠣᠯᠪᠠᠰᠤᠷᠠᠵᠤ ᠪᠠᠢᠪᠠ᠃ 《ᠥᠩᠭᠡᠷᠡᠭ᠌ᠰᠡᠨ᠎ᠳᠦ ᠮᠠᠯ ᠤᠨᠤᠭ᠎ᠠ ᠭᠡᠮᠨᠡᠪᠡᠯ ᠣᠯᠠᠩᠬᠢ ᠨᠢ ᠲᠤᠷᠱᠢᠯᠭ᠎ᠠ ᠳ᠋ᠠᠭᠠᠨ ᠲᠦᠱᠢᠭ᠌ᠯᠡᠵᠦ᠍ ᠪᠠᠢᠵᠠᠢ᠂ ᠤᠳᠤ ᠱᠢᠨᠵᠢᠯᠡᠬᠦ᠌ ᠤᠬᠠᠭᠠᠨᠴᠢ ᠠᠷᠭ᠎ᠠ᠎ᠶ᠋ᠢ ᠰᠤᠷᠴᠤ᠌ ᠡᠵᠡᠮᠱᠢᠭᠰᠡᠨ ᠵᠢᠡᠷ ᠰᠠᠨᠠᠭ᠎ᠠ ᠠᠮᠤᠷ ᠪᠣᠯᠵᠠᠢ》 ᠭᠡᠵᠦ ᠲᠦᠮᠡᠨᠪᠡᠶᠠᠷ ᠶᠠᠷᠢᠯ᠎ᠠ᠃

ᠭᠠᠵᠠᠷ ᠣᠷᠣᠨ᠎ᠤ ᠣᠨᠴᠠᠯᠢᠭ᠍ᠲᠤ ᠠᠵᠤ ᠦᠢᠯᠡᠰ᠎ᠦᠨ ᠳᠡᠰ ᠳᠡᠪᠱᠢᠬᠦ᠌ ᠬᠡᠷᠡᠭ᠌ᠴᠡᠭᠡ ᠱᠠᠭᠠᠷᠳᠠᠯᠭ᠎ᠠ ᠪᠠ ᠬᠥᠳᠡᠯᠮᠦᠷᠢᠴᠢᠳ᠎ᠦᠨ ᠠᠵᠢᠯ ᠣᠯᠵᠤ ᠠᠳᠠᠯ ᠦᠢᠯᠡᠰ ᠴᠣᠭ᠍ᠴᠠᠯᠠᠬᠤ ᠬᠦᠰᠡᠯ ᠡᠷᠡᠮᠡᠯᠵᠡᠯ᠎ᠯᠤᠭᠡ ᠨᠢᠭ᠍ᠲᠠ ᠤᠶᠠᠯᠳᠤᠭᠤᠯᠤᠨ᠂ ᠱᠢᠯᠢ᠎ᠶ᠋ᠢᠨ ᠭᠣᠣᠯ ᠠᠢᠮᠠᠭ 《ᠮᠡᠷᠭᠡᠵᠢᠯ ᠴᠢᠳᠠᠪᠤᠷᠢ᠎ᠪᠠᠷ ᠠᠯᠤᠰ ᠢᠷᠡᠭᠡᠳᠦᠶ᠎ᠶ᠋ᠢ ᠭᠡᠷᠡᠯᠲᠦᠭᠦᠯᠬᠦ᠌》 ᠲᠤᠰᠭᠠᠶ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠪᠡ᠃ ᠱᠢᠯᠤᠭᠤᠨ ᠬᠥᠬᠡ ᠬᠣᠱᠢᠭᠤᠨ᠎ᠳᠤ ᠡᠷᠬᠢᠯᠡᠭ᠌ᠰᠡᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠳᠤ 20 ᠭᠠᠷᠤᠶ ᠪᠦᠰᠡᠬᠦᠢ ᠤᠷᠤᠯᠴᠠᠵᠦ᠂ ᠤᠷ᠎ᠠ ᠮᠡᠷᠭᠡᠵᠢᠯ ᠵᠢᠡᠨ ᠲᠡᠭᠡᠭᠰᠢᠯᠡᠭᠦᠯᠪᠡ᠃ 《ᠦᠨᠳᠦᠰᠦᠲᠡᠨ᠎ᠤ ᠭᠠᠷ ᠤᠷᠠᠯᠠᠯ᠎ᠤᠨ ᠤᠷ᠎ᠠ ᠮᠡᠷᠭᠡᠵᠢᠯ᠎ᠢ ᠰᠠᠢᠲᠤᠷ ᠰᠤᠷᠴᠤ᠌ ᠡᠵᠡᠮᠰᠢᠭᠰᠡᠨ ᠵᠢᠡᠷ ᠪᠢ ᠠᠵᠢᠯᠯᠠᠬᠤ ᠲᠠᠰᠤᠭ ᠪᠠᠢᠭᠤᠯᠵᠤ᠂ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠵᠢᠡᠷ ᠨᠠᠷᠢᠯᠢᠭ ᠰᠠᠢᠬᠠᠨ ᠭᠠᠷ ᠤᠷᠠᠯᠠᠯ᠎ᠤᠨ ᠪᠦᠲᠦᠭᠡᠭ᠌ᠳᠡᠬᠦᠨ ᠵᠢᠡᠨ ᠨᠡᠡᠭ ᠤᠯᠠᠨ ᠬᠦᠮᠦᠨ᠎ᠳᠤ ᠲᠠᠨᠢᠭᠤᠯᠤᠨ᠎ᠠ》 ᠭᠡᠵᠦ ᠪᠤᠯᠪᠠᠰᠤᠷᠠᠯ᠎ᠳᠤ ᠤᠷᠤᠯᠴᠠᠭᠰᠠᠨ ᠨᠢᠭᠡ ᠰᠤᠷᠤᠭᠴᠢ ᠶᠠᠷᠢᠨ᠎ᠠ᠃

ᠣᠢᠷ᠎ᠠ᠎ᠶ᠋ᠢᠨ ᠵᠢᠯ᠎ᠦᠳ᠎ᠲᠦ᠂ ᠱᠢᠯᠢ᠎ᠶ᠋ᠢᠨ ᠭᠤᠤᠯ ᠠᠢᠮᠠᠭ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠭᠠᠵᠤ᠂ 《ᠠᠵᠢᠯ᠎ᠤᠨ ᠪᠠᠢᠷᠢ᠎ᠶ᠋ᠢᠨ ᠬᠡᠷᠡᠭ᠌ᠴᠡᠭᠡ ᠱᠠᠭᠠᠷᠳᠠᠯᠭ᠎ᠠ + ᠤᠷ᠎ᠠ ᠴᠢᠳᠠᠪᠤᠷᠢ᠎ᠶ᠋ᠢᠨ ᠪᠣᠯᠪᠠᠰᠤᠷᠠᠯ + ᠤᠷ᠎ᠠ ᠴᠢᠳᠠᠪᠤᠷᠢ᠎ᠶ᠋ᠢᠨ ᠦᠨᠡᠯᠡᠯᠲᠡ + ᠠᠵᠢᠯ ᠣᠯᠭᠣᠯᠲᠠ᠎ᠶ᠋ᠢᠨ ᠦᠶ᠋ᠯᠡᠴᠢᠯᠡᠭᠡ》 ᠵᠢᠨ ᠪᠥᠬᠥ᠌ ᠬᠡᠯᠬᠢᠶᠡᠨ᠎ᠦ ᠠᠵᠢᠯ᠎ᠤᠨ ᠲᠣᠭ᠍ᠲᠠᠴᠠ᠎ᠶ᠋ᠢ ᠬᠦᠴᠦᠯᠡᠨ ᠪᠠᠢᠭᠤᠯᠪᠠ᠃ ᠠᠵᠤ ᠠᠬᠤᠢᠯᠠᠯ᠎ᠤᠨ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠦ᠂ ᠠᠵᠢᠯ ᠤᠯᠬᠤ ᠬᠦᠰᠡᠯ ᠡᠷᠡᠮᠡᠯᠵᠡᠯ᠎ᠲᠡᠶ ᠮᠠᠯᠴᠢᠨ ᠲᠠᠷᠢᠶᠠᠴᠢᠨ᠎ᠳᠤ 《ᠪᠠᠢᠳᠠᠯ᠎ᠳᠤᠨᠢ ᠵᠤᠬᠢᠴᠠᠭᠤᠯᠤᠨ》 ᠬᠢᠴᠢᠶᠡᠯ ᠪᠤᠯᠪᠠᠰᠤᠷᠠᠯ ᠬᠦᠷᠲᠡᠭᠡᠵᠦ᠂ ᠬᠥᠮᠦᠨ ᠪᠠ ᠠᠵᠢᠯ᠎ᠤᠨ ᠪᠠᠢᠷᠢ᠎ᠶ᠋ᠢ ᠲᠥᠬᠥᠷᠵᠢᠭᠦᠯᠬᠦ᠌ ᠣᠨᠣᠪᠴᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠴᠢᠩᠭᠠᠳᠭᠠᠵᠤ᠂ ᠠᠵᠢᠯᠲᠠᠨ ᠡᠯᠰᠡᠬᠦ᠌ ᠴᠤᠭ᠍ᠯᠠᠭᠠᠨ ᠡᠷᠭᠢᠯᠡᠬᠦ᠌᠂ ᠠᠵᠢᠯ᠎ᠤᠨ ᠪᠠᠢᠷᠢ᠎ᠶ᠋ᠢᠨ ᠮᠡᠳᠡᠭᠡ ᠵᠠᠩᠭᠢ᠎ᠶ᠋ᠢ ᠨᠠᠷᠢᠯᠢᠭ ᠣᠨᠣᠪᠴᠢᠲᠠᠶ᠎ᠪᠠᠷ ᠬᠦᠷᠭᠡᠬᠦ᠌ ᠵᠢ ᠴᠢᠡᠭᠭᠠᠳᠬᠠᠪᠠ᠃ 2025 ᠣᠨ᠎ᠠᠴᠠ ᠨᠠᠭᠠᠰᠢ᠂ ᠰᠢᠯᠢ ᠵᠢᠨ ᠭᠤᠤᠯ ᠠᠢᠮᠠᠭ᠎ᠲᠤ ᠨᠥᠬᠥᠪᠥᠷᠢ᠎ᠶ᠋ᠢᠨ ᠴᠢᠨᠠᠷᠲᠠᠶ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ 10011 ᠬᠥᠮᠦᠨ ᠤᠳᠠᠭ᠎ᠠ ᠥᠷᠨᠢᠭᠦᠯᠵᠦ᠍᠂ ᠡᠭᠦᠨ᠎ᠳᠦ ᠮᠠᠯᠴᠢᠨ ᠲᠠᠷᠢᠶᠠᠴᠢᠨ ᠤᠯᠠᠨ ᠲᠦᠮᠡᠨ 5461 ᠬᠥᠮᠦᠨ ᠤᠳᠠᠭ᠎ᠠ ᠣᠷᠣᠯᠴᠠᠵᠠᠶ᠃

ᠮᠡᠷᠭᠡᠵᠢᠯ᠎ᠦᠨ ᠪᠣᠯᠪᠠᠰᠤᠷᠠᠯ᠎ᠡᠴᠠ ᠭᠠᠳᠠᠨ᠎ᠠ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠪᠤᠷᠢ᠎ᠶ᠋ᠢᠨ ᠰᠠᠯᠠᠭ᠎ᠠ ᠮᠥᠴᠢᠷ᠎ᠤᠨ ᠬᠢᠨ ᠪᠠᠰᠠ ᠦᠢᠯᠡᠰ ᠪᠤᠰᠭᠠᠬᠤ᠎ᠶ᠋ᠢ ᠬᠠᠪᠰᠤᠷᠤᠨ ᠲᠡᠳᠬᠦᠬᠦ᠌᠎ᠳᠦ ᠠᠡᠭᠬᠠᠷᠴᠦ᠂ ᠦᠢᠯᠡᠰ ᠪᠤᠰᠭᠠᠬᠤ ᠬᠦᠰᠡᠯ ᠡᠷᠡᠮᠡᠯᠵᠡᠯ᠎ᠲᠡᠶ ᠮᠠᠯᠴᠢᠨ ᠲᠠᠷᠢᠶᠠᠴᠢᠨ᠎ᠳᠤ 《ᠦᠢᠯᠡᠰ ᠪᠤᠰᠭᠠᠬᠤ ᠪᠣᠯᠪᠠᠰᠤᠷᠠᠯ + ᠦᠢᠯᠡᠰ ᠪᠤᠰᠭᠠᠬᠤ ᠵᠢᠭᠡᠯᠡᠯᠭᠡ》 ᠵᠢᠨ ᠳᠡᠮᠵᠢᠯᠭᠡ ᠬᠠᠩᠭᠠᠪᠠ᠃ ᠨᠢᠭᠡ ᠲᠠᠯ᠎ᠠ᠎ᠪᠠᠷ ᠠᠳᠠᠯ ᠦᠶ᠋ᠯᠡᠰ ᠴᠣᠭ᠍ᠴᠠᠯᠠᠬᠤ ᠪᠥᠬᠥ᠌ ᠶᠠᠪᠤᠴᠠ᠎ᠶ᠋ᠢ ᠬᠠᠮᠤᠷᠤᠭ᠍ᠰᠠᠨ ᠱᠢᠰᠲ᠋ᠧᠮ᠎ᠲᠡᠶ ᠪᠣᠯᠪᠠᠰᠤᠷᠠᠯ᠎ᠡᠷᠬᠢᠯᠡᠵᠦ᠂ ᠮᠠᠯᠴᠢᠨ ᠲᠠᠷᠢᠶᠠᠴᠢᠳ᠎ᠢ ᠬᠠᠪᠰᠤᠷᠤᠨ ᠲᠥᠷᠥᠯ ᠵᠦᠶ᠋ᠯ᠎ᠦᠨ ᠡᠵᠡᠩᠨᠡᠯᠲᠡ ᠬᠢᠭᠡᠳ ᠵᠠᠬ᠎ᠠ ᠳᠡᠯᠭᠡᠭᠦᠷ᠎ᠢ ᠨᠡᠭᠡᠭᠡᠨ ᠥᠷᠭᠡᠳᠭᠡᠬᠦ᠌ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠵᠦ᠍᠂ 2025 ᠣᠨ᠎ᠠᠴᠠ ᠨᠠᠭᠠᠰᠢ 313 ᠮᠠᠯᠴᠢᠨ ᠲᠠᠷᠢᠶᠠᠴᠢᠨ ᠤᠯᠠᠨ ᠲᠦᠮᠡᠨ᠎ᠢ ᠠᠳᠠᠯ ᠦᠶ᠋ᠯᠡᠰ ᠴᠣᠭ᠍ᠴᠠᠯᠠᠬᠤ ᠪᠣᠯᠪᠠᠰᠤᠷᠠᠯ᠎ᠳᠤ ᠣᠷᠣᠯᠴᠠᠭᠤᠯᠵᠠᠢ᠃

ᠰᠢᠯᠢᠳᠡᠭ ᠰᠠᠢᠨ ᠦᠶ᠋ᠯᠡᠴᠢᠯᠡᠭᠡ ᠪᠡᠷ ᠦᠷ᠎ᠡ ᠪᠦᠲᠦᠮᠵᠢ᠎ᠶ᠋ᠢ ᠠᠬᠢᠭᠤᠯᠵᠦ ᠠᠵᠢᠯ ᠣᠯᠬᠤ᠎ᠠᠷᠭ᠎ᠠ ᠵᠠᠮ᠎ᠢ ᠦᠷᠭᠡᠳᠭᠡᠪᠡ

《ᠥᠩᠭᠡᠷᠡᠭ᠌ᠰᠡᠨ᠎ᠳᠦ ᠠᠵᠢᠯ ᠡᠷᠢᠬᠦ᠌᠎ᠳᠡᠭᠡᠨ ᠭᠠᠵᠠᠷ ᠪᠣᠯᠭᠠᠨ᠎ᠠᠴᠠ ᠰᠤᠷᠠᠭ᠍ᠯᠠᠳᠠᠭ ᠪᠠᠢᠭ᠍ᠰᠠᠨ ᠡ᠂ ᠣᠲᠣ ᠪᠤᠯ ᠭᠠᠷ ᠤᠲᠠᠰᠤᠨ ᠳᠡᠭᠡᠷ᠎ᠡ ᠪᠡᠨ 〈ᠠᠵᠢᠯ᠎ᠤᠨ ᠪᠠᠢᠷᠢ〉 ᠵᠢᠨ ᠬᠤᠯᠪᠤᠭᠠᠰᠤ ᠡᠴᠡ ᠮᠡᠳᠡᠭᠡ ᠵᠠᠩᠭᠢ ᠵᠢ ᠰᠤᠡᠭᠭᠤᠨ ᠦᠵᠡᠬᠦ ᠪᠤᠯᠤᠭᠰᠠᠨ ᠵᠢᠠᠷ ᠦᠨᠡᠬᠡᠷ ᠲᠥᠬᠥᠮ ᠪᠣᠯᠵᠠᠶ》 ᠭᠡᠵᠦ ᠮᠠᠯᠴᠢᠨ ᠨᠠᠮᠢᠷᠠ ᠰᠦᠯᠵᠢᠶᠡᠨ ᠲᠠᠪᠴᠠᠩ ᠡᠴᠨ ᠪᠠᠨ ᠰᠤᠷᠠᠭ ᠵᠠᠡᠭᠭᠢ ᠬᠠᠢᠵᠦ᠂ ᠨᠢᠭᠡᠨ ᠠᠵᠦ ᠠᠬᠤᠢᠯᠠᠯ᠎ᠳᠤ ᠠᠵᠢᠯ᠎ᠤᠨ ᠪᠠᠢᠷᠢ ᠤᠯᠤᠭᠰᠠᠨ ᠲᠤᠬᠠᠢ ᠪᠡᠨ ᠤᠯᠵᠠᠭᠤᠷᠬᠠᠨ ᠶᠠᠷᠢᠯ᠎ᠠ᠃ ᠱᠢᠯᠢᠡᠭᠬᠣᠲᠠ᠎ᠶ᠋ᠢᠨ ᠰᠤᠯᠠ ᠠᠵᠢᠯ᠎ᠤᠨ ᠵᠠᠬ᠎ᠠ ᠳᠡᠯᠭᠡᠭᠦᠷ ᠡᠴᠡ ᠠᠵᠢᠯ ᠣᠯᠤᠭ᠍ᠰᠠᠨ ᠯᠢ ᠰᠢᠤᠸᠠᠢ ᠮᠸᠢ ᠬᠡᠯᠡᠬᠦ ᠳ᠋ᠡᠭᠡᠨ᠄ 《ᠡᠨᠳᠡ ᠢᠷᠡᠵᠦ᠍ ᠳᠠᠩᠰᠠᠯᠠᠭᠤᠯᠤᠭ᠍ᠰᠠᠨ᠎ᠤ ᠳᠠᠷᠠᠭ᠎ᠠ᠂ ᠦᠢᠯᠡᠴᠢᠯᠡᠭᠡᠨ᠎ᠤ ᠠᠵᠢᠯᠲᠠᠳ ᠤᠳᠠᠵᠤ ᠲᠦᠳᠡᠯ ᠦᠭᠡᠢ ᠪᠡᠷ ᠮᠢᠨᠤ ᠪᠤᠳᠤᠯ᠎ᠳᠤ ᠨᠡᠢᠴᠡᠭᠰᠡᠨ ᠡᠳᠦᠷ᠎ᠦᠨ ᠬᠦᠴᠦᠨ᠎ᠦ ᠠᠵᠢᠯ ᠬᠠᠷᠢᠯᠴᠠᠵᠦ ᠦᠭᠭᠦᠯ᠎ᠡ》 ᠭᠡᠪᠡ᠃

ᠡᠳᠡᠭᠡᠷ ᠤᠯᠠᠨ ᠲᠦᠭᠦᠮ ᠲᠦᠳᠡ ᠪᠦᠭᠡᠳ ᠰᠢᠯᠤᠭᠤᠨ ᠰᠠᠢᠬᠠᠨ ᠦᠢᠯᠡᠴᠢᠯᠡᠭᠡᠨ᠎ᠤ ᠠᠷᠤ᠎ᠳᠤ ᠱᠢᠯᠢ᠎ᠶ᠋ᠢᠨ ᠭᠤᠤᠯ ᠠᠢᠮᠠᠭ᠎ᠤᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠰᠠᠯᠠᠭ᠎ᠠ ᠮᠦᠴᠢᠷ᠎ᠤᠨ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠬᠦ᠌᠎ᠶ᠋ᠢᠨ ᠲᠥᠯᠥᠭᠡ ᠪᠥᠬᠥ᠌ ᠣᠷᠣᠨ ᠪᠦᠰᠡ᠎ᠶ᠋ᠢ ᠬᠠᠮᠤᠷᠤᠭ᠍ᠰᠠᠨ᠂ ᠳᠥᠭᠥᠮ ᠳᠥᠲᠡ ᠪᠥᠭᠡᠳ ᠪᠣᠯᠤᠮᠵᠢᠲᠠᠶ ᠦᠶ᠋ᠯᠡᠴᠢᠯᠡᠭᠡᠨ᠎ᠦ ᠲᠤᠤᠷᠵᠢᠯ᠎ᠢ ᠲᠦᠭᠦᠷᠵᠢᠭᠦᠯᠦᠭᠰᠡᠨ ᠬᠦᠴᠦ ᠴᠢᠷᠮᠠᠢᠯᠭ᠎ᠠ ᠵᠢ ᠤᠯᠵᠦ ᠮᠡᠳᠡᠵᠦ ᠪᠤᠯᠤᠨ᠎ᠠ᠃ 《ᠰᠦᠯᠵᠢᠶᠡᠨ ᠳᠡᠭᠡᠷ᠎ᠡ + ᠪᠤᠳᠠᠳᠤ ᠴᠤᠭᠴᠠ》 ᠵᠢᠨ ᠦᠢᠯᠡᠴᠢᠯᠡᠬᠦ ᠬᠤᠤᠰ ᠵᠠᠮ ᠵᠢᠠᠷ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠪᠠ ᠠᠵᠢᠯ ᠡᠷᠢᠬᠦ᠌ ᠬᠦᠰᠡᠯ ᠰᠠᠨᠠᠭ᠎ᠠ ᠵᠢ ᠣᠨᠣᠪᠴᠢᠲᠠᠶ ᠵᠣᠯᠭᠠᠯᠴᠠᠭᠤᠯᠵᠠᠢ᠃

ᠰᠦᠯᠵᠢᠶᠡᠨ ᠳᠡᠭᠡᠷ᠎ᠡ᠂ 《ᠠᠵᠢᠯ ᠣᠯᠭᠣᠯᠲᠠ᠎ᠶ᠋ᠢᠨ ᠱᠢᠯᠢ᠎ᠶ᠋ᠢᠨ ᠭᠤᠤᠯ》 ᠵᠢᠵᠢᠭ ᠫᠷᠤᠭ᠌ᠷᠠᠮ ᠨᠢ ᠦᠶ᠋ᠯᠡᠴᠢᠯᠡᠭᠡᠨ᠎ᠦ ᠭᠤᠤᠯ ᠬᠦᠶ᠋ᠰᠦ᠂ ᠬᠤᠷᠠᠮᠠᠯ ᠠᠵᠢᠯ᠎ᠤᠨ ᠪᠠᠢᠷᠢ᠎ᠶ᠋ᠢᠨ ᠣᠶᠤᠨᠴᠢ ᠵᠣᠬᠢᠴᠠᠭᠤᠯᠭ᠎ᠠ᠂ ᠲᠥᠷᠥ᠎ᠶ᠋ᠢᠨ ᠪᠣᠳᠣᠯᠭ᠎ᠠ ᠵᠢᠨ ᠤᠨᠤᠪᠴᠢᠳᠠᠢ ᠲᠠᠨᠢᠯᠴᠠᠭᠤᠯᠭ᠎ᠠ᠂ ᠰᠦᠯᠵᠢᠶᠡᠨ ᠳᠡᠭᠡᠷ᠎ᠡ ᠲᠣᠪᠴᠢ ᠨᠠᠮᠲᠠᠷ ᠨᠡᠢᠳᠡᠯᠡᠬᠦ ᠵᠡᠷᠭᠡ ᠴᠢᠳᠠᠮᠵᠢ᠎ᠲᠠᠶ᠃ ᠡᠭᠦᠨ᠎ᠦ ᠬᠠᠮᠲᠤ AI ᠮᠡᠷᠭᠡᠵᠢᠯ᠎ᠢ ᠣᠷᠣᠭᠤᠯᠤᠨ ᠠᠪᠴᠢᠷᠠᠵᠤ 《ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ》 ᠵᠢ ᠲᠠᠨᠢᠯᠴᠠᠭᠤᠯᠤᠨ ᠬᠦᠷᠭᠡᠵᠦ᠂ ᠮᠠᠯᠴᠢᠨ ᠲᠠᠷᠢᠶᠠᠴᠢᠨ᠎ᠳᠤ ᠨᠠᠩ ᠳᠥᠭᠥᠮ ᠳᠥᠲᠡ ᠥᠨᠳᠥᠷ ᠪᠦᠲᠦᠮᠵᠢᠲᠡᠶ ᠠᠵᠢᠯ ᠡᠷᠢᠬᠦ᠌ ᠱᠢᠨ᠎ᠡ ᠵᠠᠮ᠎ᠢ ᠬᠠᠩᠭᠠᠪᠠ᠃ ᠡᠨᠡ ᠵᠢᠯ᠎ᠡᠴᠡ ᠨᠠᠭᠠᠰᠢ᠂ 《ᠤᠷᠢᠬᠠᠨ ᠰᠠᠯᠬᠢ ᠠᠵᠢᠯᠯᠠᠭ᠎ᠠ》᠂ 《ᠤᠷᠢᠬᠠᠨ ᠬᠠᠪᠤᠷ᠎ᠤᠨ ᠬᠥᠯᠥᠰᠥᠨ ᠲᠠᠷᠢᠶᠠᠴᠢᠨ》 ᠵᠡᠷᠭᠡ ᠲᠤᠰᠭᠠᠶ ᠠᠵᠢᠯᠯᠠᠭ᠎ᠠ ᠪᠡᠷ 98 ᠲᠠᠯᠠᠪᠤᠷ ᠱᠢᠭᠤᠳ ᠨᠡᠪᠲᠡᠷᠡᠭᠦᠯᠭᠡ ᠬᠢᠵᠦ᠍᠂ 2.6 ᠲᠦᠮᠡᠨ ᠠᠵᠢᠯ᠎ᠤᠨ ᠪᠠᠢᠷᠢ᠎ᠳᠤ ᠠᠵᠢᠯᠴᠢᠨ ᠡᠯᠰᠡᠨ ᠬᠡᠷᠡᠭᠯᠡᠵᠠᠢ᠃ ᠰᠦᠯᠵᠢᠶᠡᠨ᠎ᠭᠠᠳᠠᠨ᠎ᠠ᠂ ᠬᠤᠳᠠ ᠬᠥᠳᠡᠭᠡ᠎ᠶ᠋ᠢ ᠬᠠᠮᠤᠷᠤᠭ᠍ᠰᠠᠨ ᠦᠢᠯᠡᠴᠢᠯᠡᠭᠡᠨ᠎ᠦ ᠲᠣᠣᠷ᠎ᠢ ᠢᠵᠢᠯ ᠠᠯᠬᠤᠮ᠎ᠢᠶᠠᠷ ᠨᠡᠭᠡᠭᠡᠵᠦ᠂ ᠨᠢᠭᠡ ᠪᠦᠯᠦᠭ ᠨᠡᠢᠭᠡᠮ ᠲᠣᠭᠣᠷᠢᠭ᠂ ᠬᠤᠳᠠᠯᠳᠤᠭᠠᠨ᠎ᠤ ᠲᠣᠭᠣᠷᠢᠭ᠎ᠲᠤ ᠪᠠᠢᠭᠤᠯᠤᠭ᠍ᠰᠠᠨ ᠠᠵᠢᠯ ᠣᠯᠭᠣᠬᠤ ᠦᠢᠯᠡᠴᠢᠯᠡᠭᠡᠨ᠎ᠦ ᠥᠷᠲᠡᠭᠡ ᠨᠢ ᠪᠦᠬᠦ᠌ ᠠᠢᠮᠠᠭ᠎ᠢ ᠬᠠᠮᠤᠷᠤᠭ᠍ᠰᠠᠨ 13 ᠪᠠᠷᠢᠮᠵᠢᠶᠠᠵᠢᠭ᠍ᠰᠠᠨ ᠠᠵᠢᠯᠴᠢᠨ ᠬᠡᠷᠡᠭ᠌ᠯᠡᠬᠦ᠌ ᠵᠠᠬ᠎ᠠ ᠳᠡᠯᠭᠡᠭᠦᠷ᠎ᠯᠦᠭᠡ ᠬᠠᠮᠵᠢᠯᠴᠠᠨ᠂ ᠦᠢᠯᠡᠴᠢᠯᠡᠭᠡ᠎ᠶ᠋ᠢ ᠰᠤᠮᠤ ᠱᠢᠶᠠᠩ ᠪᠠᠯᠭᠠᠰᠤ ᠪᠠ ᠭᠠᠴᠠᠭ᠎ᠠ ᠲᠣᠰᠭᠣᠨ ᠬᠦᠷᠲᠡᠯ᠎ᠡ ᠤᠷᠲᠤᠳᠭᠠᠪᠠ᠃ ᠡᠭᠦᠨ᠎ᠦ ᠬᠠᠮᠲᠤ᠂ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ᠌ ᠠᠵᠢᠯᠯᠠᠭ᠎ᠠ᠎ᠶ᠋ᠢ ᠣᠯᠠᠨ ᠤᠳᠠᠭ᠎ᠠ ᠵᠣᠬᠢᠶᠠᠨ ᠪᠠᠢᠭᠤᠯᠵᠤ᠂ ᠠᠵᠢᠯᠴᠢᠨ ᠬᠡᠷᠡᠭ᠌ᠯᠡᠬᠦ᠌ ᠠᠵᠤ ᠠᠬᠤᠢᠯᠠᠯ ᠪᠠ ᠠᠵᠢᠯ ᠡᠷᠢᠭ᠌ᠰᠡᠳ᠎ᠲᠦ ᠨᠢᠭᠤᠷᠲᠠᠨ ᠨᠡᠪᠲᠡᠷᠡᠯᠴᠡᠬᠦ᠌ ᠬᠥᠭᠥᠷᠭᠡ ᠵᠢ ᠨᠡᠪᠳᠡᠷᠡᠭᠦᠯᠵᠦ ᠥᠭ᠌ᠴᠡᠶ᠃ ᠡᠨᠡ ᠵᠢᠯ ᠪᠥᠬᠥ᠌ ᠠᠢᠮᠠᠭ ᠎ᠢᠶᠡᠷ᠎ᠢᠶᠡᠨ ᠬᠠᠮᠢᠶ᠎ᠠ ᠪᠥᠬᠥᠶ ᠠᠵᠢᠯᠯᠠᠭ᠎ᠠ᠎ᠳᠤ ᠲᠦᠱᠢᠭ᠌ᠯᠡᠨ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ᠌ ᠬᠤᠷᠠᠯ᠎ᠢ 10 ᠤᠳᠠᠭ᠎ᠠ ᠵᠤᠬᠢᠶᠠᠨ ᠪᠠᠢᠭᠤᠯᠵᠦ᠂ 6641 ᠠᠵᠢᠯ᠎ᠤᠨ ᠪᠠᠢᠷᠢ ᠬᠠᠩᠭᠠᠪᠠ᠃

ᠣᠨᠣᠪᠴᠢᠲᠠᠶ ᠪᠥᠭᠡᠳ ᠪᠦᠲᠦᠮᠵᠢᠲᠡᠶ ᠦᠶ᠋ᠯᠡᠴᠢᠯᠡᠬᠦ᠌᠎ᠶ᠋ᠢ ᠪᠠᠲᠤᠯᠠᠬᠤ᠎ᠶ᠋ᠢᠨ ᠲᠥᠯᠥᠭᠡ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠬᠢᠨ ᠦᠨᠳᠦᠰᠦᠨ ᠱᠠᠲᠤᠨ᠎ᠤ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠠᠵᠢᠯ ᠤᠯᠬᠤ ᠬᠦᠰᠡᠯ ᠡᠷᠡᠮᠡᠯᠵᠡᠯ᠎ᠲᠡᠶ ᠮᠠᠯᠴᠢᠨ ᠲᠠᠷᠢᠶᠠᠴᠢᠨ᠎ᠳᠤ 《ᠨᠢᠭᠡ ᠬᠥᠮᠦᠨ᠎ᠳᠦ ᠨᠢᠭᠡ ᠲᠠᠩᠰᠠ ᠡᠪᠬᠡᠮᠡᠯ᠎ᠲᠡᠶ ᠪᠠᠢᠬᠤ》 ᠠᠵᠢᠯ ᠣᠯᠭᠣᠯᠲᠠ᠎ᠶ᠋ᠢᠨ ᠬᠠᠪᠰᠤᠷᠤᠨ ᠲᠡᠳᠬᠦᠬᠦ᠌ ᠲᠠᠩᠰᠠ ᠪᠠᠢᠭᠤᠯᠵᠤ᠂ ᠬᠦᠮᠦᠨ ᠪᠦᠷᠢ᠎ᠳᠤ ᠬᠠᠷᠠᠭᠠᠯᠵᠠᠭᠰᠠᠨ ᠠᠵᠢᠯ ᠮᠡᠷᠭᠡᠵᠢᠯ᠎ᠦᠨ ᠵᠢᠯᠣᠭᠣᠳᠣᠯᠭ᠎ᠠ ᠪᠠ ᠠᠵᠢᠯ᠎ᠤᠨ ᠪᠠᠢᠷᠢ᠎ᠶ᠋ᠢᠨ ᠲᠠᠨᠢᠯᠴᠠᠭᠤᠯᠭ᠎ᠠ ᠥᠷᠨᠢᠭᠦᠯᠵᠦ᠍᠂ ᠦᠶ᠋ᠯᠡᠴᠢᠯᠡᠭᠡᠨ᠎ᠦ ᠵᠠᠭ᠍ᠪᠤᠷ᠎ᠢ 《ᠲᠦᠭᠡᠮᠡᠯ ᠬᠠᠷᠠᠭᠠᠯᠵᠠᠯᠲᠤ ᠦᠶ᠋ᠯᠡᠴᠢᠯᠡᠭᠡ》 ᠡᠴᠡ 《ᠲᠤᠢᠯ᠎ᠤᠨ ᠣᠨᠣᠪᠴᠢᠲᠠᠶ᠎ᠪᠠᠷ ᠴᠢᠳᠠᠪᠤᠷᠢ ᠣᠯᠭᠣᠬᠤ》 ᠲᠡᠢᠰᠢ ᠲᠠᠰ ᠳᠡᠪᠱᠢᠭᠦᠯᠵᠠᠢ᠃ ᠪᠦᠷᠢᠳᠭᠡᠯ ᠡᠴᠡ ᠦᠵᠡᠪᠡᠯ᠂ ᠣᠢᠷ᠎ᠠ᠎ᠶ᠋ᠢᠨ ᠵᠢᠯ᠎ᠳᠦ ᠪᠥᠬᠥ᠌ ᠠᠢᠮᠠᠭ᠎ᠢᠶᠠᠷ᠎ᠢᠶᠠᠨ ᠨᠡᠢᠲᠡ 8.2 ᠲᠦᠮᠡᠨ ᠮᠠᠯᠴᠢᠨ ᠲᠠᠷᠢᠶᠠᠴᠢᠨ᠎ᠳᠤ ᠠᠵᠢᠯ ᠣᠯᠭᠣᠵᠤ᠂ ᠨᠠᠩ ᠣᠯᠠᠨ ᠮᠠᠯᠴᠢᠨ ᠲᠠᠷᠢᠶᠠᠴᠢᠨ ᠲᠤᠭᠳᠠᠭᠤᠨ ᠵᠢᠠᠷ ᠠᠵᠢᠯ ᠤᠯᠵᠦ᠂ ᠣᠷᠣᠯᠭ᠎ᠠ ᠪᠡᠨ ᠨᠡᠮᠡᠭᠳᠡᠭᠦᠯᠵᠦ ᠪᠤᠢ᠃

ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠮᠥᠨ᠃ ᠠᠵᠤ ᠦᠶ᠋ᠯᠡᠰ᠎ᠦᠨ ᠳᠠᠯᠳᠠ ᠬᠦᠴᠦᠨ᠎ᠢ ᠭᠦᠨᠵᠡᠭᠡᠶ ᠠᠭᠤᠳᠠᠯᠵᠦ ᠠᠵᠢᠯ᠎ᠤᠨ ᠪᠠᠢᠷᠢ᠎ᠶ᠋ᠢ ᠦᠷᠭᠡᠳᠭᠡᠬᠦ᠎ᠡᠴᠡ ᠠᠪᠤᠭᠠᠳ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠦᠷᠲᠡᠯ᠎ᠡ᠂ ᠳᠠᠬᠢᠭᠠᠳ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠠᠭᠤᠰᠤᠯᠴᠠᠯ᠎ᠤᠨ ᠦᠶ᠋ᠯᠡᠴᠢᠯᠡᠭᠡᠨ᠎ᠦ ᠦᠷ᠎ᠡ ᠠᠱᠢᠭ᠎ᠢ ᠨᠡᠮᠡᠭ᠌ᠳᠡᠭᠦᠯᠬᠦ᠌ ᠬᠦᠷᠲᠡᠯ᠎ᠡ᠂ ᠱᠢᠯᠢ᠎ᠶ᠋ᠢᠨ ᠭᠤᠤᠯ ᠠᠢᠮᠠᠭ ᠪᠣᠳᠠᠲᠠᠶ᠎ᠶ᠋ᠢ ᠡᠷᠬᠢᠮᠯᠡᠭ᠌ᠰᠡᠨ᠂ ᠨᠠᠷᠢᠯᠢᠭ ᠣᠨᠣᠪᠴᠢᠲᠠᠶ᠂ ᠬᠦᠴᠦᠨ ᠪᠦᠬᠦᠢ ᠠᠷᠭ᠎ᠠ ᠬᠡᠮᠵᠢᠶ᠎ᠡ᠎ᠪᠡᠷ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌ 《ᠵᠠᠮ》 ᠢ᠋ ᠲᠠᠰᠤᠷᠠᠯᠲᠠ ᠥᠬᠡᠶ ᠥᠷᠭᠡᠳᠭᠡᠵᠦ᠍ ᠪᠠᠢᠨ᠎ᠠ᠃ ᠡᠳᠦᠭᠡ ᠡᠨᠡ ᠬᠦ᠌ ᠥᠷᠭᠡᠨ ᠠᠭᠤᠳᠠᠮ ᠲᠠᠯ᠎ᠠ ᠨᠤᠲᠤᠭ᠎ᠲᠤ᠂ ᠤᠯᠠᠮ᠎ᠠᠴᠠ ᠤᠯᠠᠨ ᠮᠠᠯᠴᠢᠨ ᠲᠠᠷᠢᠶᠠᠴᠢᠨ ᠤᠷᠤᠨ ᠨᠤᠲᠤᠭ ᠲᠠᠭᠠᠨ ᠰᠠᠭᠤᠵᠦ ᠪᠠᠢᠭᠠᠳ ᠠᠵᠢᠯᠴᠢ ᠬᠥᠳᠡᠯᠮᠦᠷᠢᠴᠢ ᠬᠣᠶᠠᠷ ᠭᠠᠷ᠎ᠢᠶᠠᠷ᠎ᠢᠶᠠᠨ ᠥᠪᠡᠷ᠎ᠦᠨ ᠰᠠᠢ᠌ᠨ ᠰᠠᠢᠬᠠᠨ ᠠᠮᠢᠳᠤᠷᠠᠯ᠎ᠢᠶᠠᠨ ᠴᠣᠭ᠍ᠴᠠᠯᠠᠵᠤ᠂ ᠬᠢᠬᠦ ᠡᠴᠡ ᠠᠵᠢᠯ ᠲᠠᠢ᠂ ᠬᠢᠭᠰᠡᠨ ᠠᠵᠢᠯ ᠨᠢ ᠦᠷ᠎ᠡ ᠪᠦᠲᠦᠮᠵᠢᠳᠡᠢ ᠪᠠᠢᠵᠦ᠂ ᠤᠷᠤᠯᠭ᠎ᠠ ᠪᠡᠨ ᠨᠡᠮᠡᠭᠳᠡᠭᠦᠯᠦᠨ ᠴᠢᠨᠡᠭᠡᠯᠢᠭ ᠰᠠᠢᠨ ᠠᠮᠢᠳᠤᠷᠠᠬᠤ ᠢᠳᠡᠭᠡᠯ ᠵᠤᠷᠢᠭ᠎ᠢ ᠨᠢ ᠨᠡᠡᠭᠳᠡ ᠬᠦᠪᠴᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号