ᠭᠠᠷᠠᠭ᠎ᠤᠨ ᠵᠢᠷᠭᠤᠭᠠᠨ᠎ᠤ ᠥᠷᠯᠥᠭᠡ ᠡᠷᠲᠡ᠂ ᠠᠯᠠᠱᠠ ᠠᠢᠮᠠᠭ᠎ᠤᠨ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠨᠢᠭᠡᠨ ᠰᠠᠭᠤᠭᠠᠯᠢ ᠠᠷᠠᠳ᠎ᠤᠨ ᠠᠰᠠᠷ᠎ᠲᠤ᠂ ᠨᠡᠢᠭᠡᠮ᠎ᠦᠨ ᠠᠵᠢᠯ᠎ᠤᠨ ᠦᠢᠯᠡᠴᠢᠯᠡᠭᠡ ᠵᠢᠨ ᠥᠷᠲᠡᠭᠡᠨ᠎ᠦ ᠠᠵᠢᠯᠲᠠᠨ ᠪᠠ ᠱᠢᠷ᠎ᠠ ᠡᠯᠢᠭᠡᠪᠴᠢ ᠡᠮᠦᠰᠦᠭ᠌ᠰᠡᠨ ᠰᠠᠢᠨ ᠳᠤᠷᠠᠴᠤᠳ ᠬᠣᠶᠠᠳᠤᠭᠠᠷ ᠳᠡᠰ᠎ᠤᠨ ᠵᠡᠮᠳᠡᠭ ᠪᠤᠯᠤᠭᠰᠠᠨ ᠰᠠᠭᠤᠭᠠᠯᠢ ᠠᠷᠠᠳ ᠮᠠ ᠮᠧᠶ ᠹᠠᠩ᠎ᠤᠨ ᠭᠡᠷ᠎ᠲᠦ ᠳᠠᠬᠢᠨᠲᠠ ᠬᠦᠷᠴᠦ᠍ ᠢᠷᠡᠪᠡ᠃ ᠭᠡᠷ᠎ᠢ ᠨᠢ ᠴᠡᠪᠡᠷᠯᠡᠵᠦ᠍᠂ ᠴᠠᠬᠢᠯᠭᠠᠨ ᠬᠡᠷᠡᠭ᠌ᠯᠡᠬᠦ᠌ ᠱᠢᠲᠠᠮᠠᠬᠠᠶ ᠬᠡᠶ ᠬᠡᠷᠡᠭ᠌ᠯᠡᠬᠦ᠌ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ᠂ ᠰᠤᠯᠠ ᠵᠣᠭᠣᠭ ᠳᠡᠯᠭᠡᠨ᠎ᠡ ᠁ ᠨᠠᠷᠢᠨ ᠨᠢᠮᠪᠠᠶ ᠦᠶ᠋ᠯᠡᠴᠢᠯᠡᠭᠡ ᠨᠢ ᠮᠠ ᠮᠧᠶ ᠹᠠᠩ᠎ᠤᠨ ᠰᠡᠳᠭᠢᠯ᠎ᠢ ᠳᠤᠯᠠᠭᠠᠴᠠᠭᠤᠯᠪᠠ᠃
《ᠬᠡᠦᠬᠡᠳ᠎ᠤᠳ ᠬᠠᠵᠠᠭᠤ᠎ᠳᠤ ᠪᠠᠢᠬᠤ ᠦᠭᠡᠢ᠂ ᠰᠠᠢᠨ ᠲᠤᠷᠠᠴᠤᠳ ᠦᠷᠭᠦᠯᠵᠢ ᠨᠠᠮᠢ᠋ᠢ ᠬᠠᠷᠠᠭᠠᠯᠵᠠᠳᠠᠭ᠃ ᠪᠢᠳᠡ ᠨᠢᠭᠡ ᠭᠡᠷ᠎ᠦᠨ ᠬᠥᠮᠦᠨᠮᠡᠲᠤ ᠲᠤᠳᠤᠨᠤ ᠪᠠᠢᠳᠠᠭ》 ᠭᠡᠵᠦ ᠮᠠ ᠮᠧᠢ ᠹᠠᠩ ᠰᠡᠳᠭᠢᠯ ᠳᠣᠭ᠍ᠳᠣᠯᠤᠨ ᠬᠡᠯᠡᠪᠡ᠃
ᠤᠢ᠍ᠢᠷ᠎ᠡ ᠶ᠋ᠢᠨ ᠵᠢᠯ ᠡᠴᠡ ᠨᠠᠭᠠᠰᠢ᠂ ᠠᠯᠠᠱᠠ ᠠᠢᠮᠠᠭ ᠳᠤᠮᠳᠠᠳᠤ᠎ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠰᠠᠢ᠌ᠨ ᠳᠤᠷ᠎ᠠ ᠶ᠋ᠢᠨ ᠦᠢᠯᠡᠴᠢᠯᠡᠭᠡ ᠪᠣᠯᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ ᠶ᠋ᠢᠨ ᠡᠭᠦᠳᠦᠨ ᠪᠠᠢᠭᠤᠯᠤᠯᠲᠠ᠎ᠶ᠋ᠢᠨ ᠭᠦᠨᠵᠡᠭᠡᠢ ᠠᠭᠤᠰᠤᠯᠴᠠᠯ᠎ᠢ ᠭᠠᠵᠠᠷ ᠣᠷᠣᠨ ᠤ ᠪᠠᠢᠳᠠᠯ᠎ᠳᠠᠭᠠᠨ ᠲᠤᠬᠢᠷᠠᠭᠤᠯᠤᠨ ᠠᠬᠢᠭᠤᠯᠵᠤ᠂ 《ᠨᠠᠮ᠎ᠤᠨ ᠪᠠᠢᠭᠤᠯᠤᠯᠲᠠ + ᠰᠠᠢ᠌ᠨ ᠳᠤᠷ᠎ᠠ᠎ᠶ᠋ᠢᠨ ᠦᠢᠯᠡᠴᠢᠯᠡᠭᠡ + ᠨᠡᠢᠭᠡᠮ᠎ᠦᠨ ᠵᠠᠰᠠᠯᠲᠠ》᠂ 《ᠲᠤᠰᠭᠠᠢ ᠨᠡᠢᠭᠡᠮ᠎ᠦᠨ ᠠᠵᠢᠯ + ᠰᠠᠢ᠌ᠨ ᠳᠤᠷ᠎ᠠ᠎ᠶ᠋ᠢᠨ ᠦᠢᠯᠡᠴᠢᠯᠡᠭᠡ》᠂ 《ᠵᠠᠰᠠᠭ᠎ᠤᠨ ᠣᠷᠳᠣᠨ᠎ᠤ ᠵᠢᠯᠤᠭᠤᠳᠤᠯᠭ᠎ᠠ + ᠠᠵᠤ ᠠᠬᠤᠢᠯᠠᠯ᠎ᠤᠨ ᠳᠡᠮᠵᠢᠯᠭᠡ + ᠰᠠᠢ᠌ᠨ ᠳᠤᠷ᠎ᠠ᠎ᠶ᠋ᠢᠨ ᠬᠠᠮᠵᠢᠯᠴᠠᠭ᠎ᠠ》 ᠵᠡᠷᠭᠡ ᠤᠯᠠᠨ ᠡᠱᠢᠵᠢᠭ᠌ᠰᠡᠨ ᠵᠠᠭ᠍ᠪᠤᠷ᠎ᠢ ᠰᠦᠪᠡᠭ᠌ᠴᠢᠯᠡᠨ ᠬᠡᠷᠡᠭ᠌ᠵᠢᠭᠦᠯᠵᠦ᠍᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ《ᠪᠢᠴᠢᠯ ᠬᠦᠴᠦᠨ》 ᠵᠢᠡᠷ ᠦᠨᠳᠦᠰᠦᠲᠡᠨ᠎ᠦ ᠪᠦᠯᠬᠦᠮᠳᠡᠯ᠎ᠦᠨ 《ᠶᠡᠬᠡ ᠬᠦᠴᠦᠨ》 ᠢ᠋ ᠨᠢᠭ᠍ᠲᠠᠷᠠᠭᠤᠯᠵᠤ᠂ ᠰᠠᠢ᠌ᠨ ᠳᠤᠷ᠎ᠠ᠎ᠶ᠋ᠢᠨ ᠦᠢᠯᠡᠴᠢᠯᠡᠭᠡ ᠪᠦᠬᠦᠨ ᠨᠢ ᠦᠨᠳᠦᠰᠦᠲᠡᠨ᠎ᠦ ᠪᠦᠯᠬᠦᠮᠳᠡᠯ᠎ᠦᠨ ᠰᠡᠳᠭᠢᠯ ᠵᠢᠷᠦᠬᠡᠨ ᠤ ᠬᠥᠭᠥᠷᠭᠡ᠎ᠶ᠋ᠢ ᠪᠤᠰᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠷᠢᠯᠴᠠᠨ ᠰᠢᠬᠢᠳᠭᠡᠵᠦ ᠬᠠᠮᠲᠤ ᠪᠡᠷ ᠠᠭᠤᠰᠤᠯᠴᠠᠵᠤ᠂ ᠬᠦᠰᠡᠯ ᠡᠷᠡᠮᠡᠯᠵᠡᠯ᠎ᠢᠶᠡᠨ ᠬᠠᠮᠲᠤ ᠪᠡᠷ ᠲᠡᠷᠭᠡᠯᠰᠢᠭᠦᠯᠬᠦ ᠵᠤᠯ ᠵᠢᠷᠭᠠᠯᠲᠤ ᠵᠢᠷᠤᠭ ᠲᠦᠰᠦᠪ᠎ᠢ ᠵᠢᠷᠤᠭᠯᠠᠭᠰᠠᠨ ᠪᠠᠢᠨ᠎ᠠ᠃
ᠠᠯᠠᠱᠠ ᠠᠢᠮᠠᠭ᠎ᠤᠨ ᠬᠢᠨ 《ᠭᠠᠵᠠᠷ ᠠᠭᠤᠳᠠᠮ ᠬᠥᠮᠦᠨ ᠴᠥᠭᠡᠨ᠂ ᠬᠡᠷᠡᠭ᠌ᠴᠡᠭᠡ ᠱᠠᠭᠠᠷᠳᠠᠯᠭ᠎ᠠ ᠣᠯᠠᠨ ᠶᠠᠩᠵᠤ》 ᠵᠢᠨ ᠪᠠᠢᠬᠤ ᠪᠣᠳᠠᠲᠤ ᠪᠠᠢᠳᠠᠯ ᠪᠠ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ 《ᠲᠠᠷᠬᠠᠯᠲᠠ ᠨᠢ ᠦᠷᠭᠡᠨ᠂ ᠬᠦᠴᠦᠨ᠎ᠨᠢ ᠲᠠᠷᠠᠬᠠᠶ ᠪᠤᠲᠠᠷᠬᠠᠶ》 ᠪᠠᠢᠬᠤ ᠪᠣᠳᠠᠲᠤ ᠪᠠᠢᠳᠠᠯ ᠤᠨ ᠡᠮᠦᠨ᠎ᠡ᠂ 285 ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠵᠢᠭ᠍ᠰᠠᠭᠠᠯ᠎ᠤᠨ ᠭᠠᠵᠠᠷ (ᠥᠷᠲᠡᠭᠡ ᠴᠡᠭ) ᠲᠤ᠌ ᠲᠦᠱᠢᠭ᠌ᠯᠡᠨ᠂ 《ᠨᠠᠰᠤᠲᠠᠢᠴᠤᠳ ᠬᠡᠤᠬᠡᠳ ᠪᠠᠭᠠᠴᠤᠳ ᠬᠦᠴᠢᠷᠳᠡᠯᠲᠡᠢ ᠬᠦᠮᠦᠰ》 ᠵᠡᠷᠭᠡ ᠭᠤᠤᠯᠳᠠᠯᠭ᠎ᠠ ᠲᠠᠶ ᠬᠥᠮᠦᠰ ᠲᠦ ᠠᠩᠬᠠᠷᠤᠯ᠎ᠢᠶᠠᠨ ᠲᠥᠪᠯᠡᠷᠡᠭᠦᠯᠵᠦ᠍᠂ 《ᠵᠠᠬᠢᠶᠠᠯᠠᠭ᠎ᠠ ᠵᠢᠨ ᠬᠡᠯᠪᠡᠷᠢ》 ᠶ᠋ᠢᠨ ᠦᠶ᠋ᠯᠡᠴᠢᠯᠡᠭᠡ᠎ᠵᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠬᠡᠷᠡᠭ᠌ᠴᠡᠭᠡ ᠱᠠᠭᠠᠷᠳᠠᠯᠭ᠎ᠠ ᠨᠢᠭᠡ ᠪᠦᠷᠢᠳᠦ ᠴᠥᠮ ᠨᠠᠷᠢᠯᠢᠭ ᠣᠨᠣᠪᠴᠢᠲᠠᠶ ᠬᠠᠷᠢᠭᠤᠯᠲᠠ ᠥᠭ᠌ᠪᠡ᠃ ᠡᠵᠡᠨ᠎ᠡ ᠬᠣᠰᠢᠭᠤᠨ ᠤ ᠰᠠᠢᠬᠠᠨᠲᠤᠤᠷᠠᠢ ᠨᠡᠢᠭᠡᠮ ᠲᠣᠭᠣᠷᠢᠭ᠋ ᠨᠢ《ᠨᠠᠰᠤᠲᠠᠢᠴᠤᠳ ᠤ᠋ᠨ ᠬᠠᠯᠠᠮᠵᠢᠯᠠᠯ》᠂ 《ᠬᠡᠥᠬᠡᠳ ᠪᠠᠭᠠᠴᠤᠳ᠎ᠤᠨ ᠬᠠᠮᠠᠭᠠᠯᠠᠯ》 ᠵᠡᠷᠭᠡ ᠦᠢᠯᠡᠴᠢᠯᠡᠭᠡᠨ᠎ᠦ ᠲᠦᠷᠦᠯ ᠲᠡᠮᠳᠡᠭ᠎ᠢ ᠢᠳᠡᠪᠬᠢᠲᠡᠢ ᠡᠭᠦᠳᠴᠦ᠂ ᠦᠢᠯᠡᠴᠢᠯᠡᠭᠡ ᠨᠢ ᠨᠡᠢ᠍ᠢᠳᠡ 2000 ᠬᠥᠮᠥᠨ ᠤᠳᠠᠭ᠎ᠠ᠎ᠶᠢ ᠳᠠᠪᠡᠪᠡ; ᠠᠯᠠᠱᠠ ᠵᠡᠭᠦᠨ ᠬᠣᠰᠢᠭᠤᠨ᠎ᠤ ᠦᠷᠡᠰ ᠨᠡᠢᠭᠡᠮ ᠲᠣᠭᠣᠷᠢᠭ᠋ ᠨᠢ《ᠭᠡᠷ ᠪᠦᠯᠢ ᠵᠢᠨ ᠲᠥᠯᠥᠪᠯᠡᠭᠡ》 ᠶ᠋ᠢ ᠭᠦᠨᠵᠡᠭᠡᠢ ᠬᠡᠷᠡᠭᠵᠢᠭᠦᠯᠵᠦ᠂ 127 ᠨᠠᠰᠤᠲᠠᠨ ᠳᠤ ᠡᠷᠡᠭᠦᠯ ᠮᠡᠨᠳᠦ᠎ᠶᠢᠨ ᠲᠠᠩᠰᠠ ᠡᠪᠬᠡᠮᠡᠯ ᠪᠠᠢᠭᠤᠯᠤᠨ ᠥᠭᠴᠦ᠂ ᠬᠣᠭᠣᠯᠠ ᠤᠮᠳᠠ ᠬᠦᠷᠭᠡᠬᠦ᠂ ᠡᠮᠴᠢᠯᠡᠭᠡ ᠰᠤᠪᠢᠯᠠᠯᠲᠠ ᠵᠡᠷᠭᠡ ᠦᠢᠯᠡᠴᠢᠯᠡᠭᠡ᠎ᠶᠢ ᠥᠷᠨᠢᠭᠦᠯᠪᠡ; ᠬᠤᠶᠠᠷᠬᠤᠳᠳᠤᠭ᠎ᠤᠨ ᠬᠦᠳᠡᠭᠡ ᠵᠢᠨ ᠠᠮᠢ ᠠᠬᠤᠢ᠎ᠶᠢᠨ ᠨᠡᠭᠦᠳᠡᠯ ᠠᠷᠠᠳ᠎ᠤᠨ ᠵᠢᠱ᠌ᠢᠶ᠎ᠡ ᠦᠵᠡᠭᠦᠯᠬᠦ ᠤᠷᠤᠨ᠎ᠤ ᠬᠤᠶᠠᠷᠬᠤᠳᠳᠤᠭ ᠨᠡᠢᠭᠡᠮ ᠲᠣᠭᠣᠷᠢᠭ᠋ ᠨᠢ ᠰᠢᠨ᠎ᠡ᠎ᠶᠢ ᠡᠭᠦᠳᠦᠨ《ᠵᠢᠷᠭᠤᠭᠠᠨ ᠬᠠᠯᠠᠮᠵᠢ》ᠵᠢᠨ ᠦᠢᠯᠡᠴᠢᠯᠡᠭᠡ ᠥᠷᠨᠢᠭᠦᠯᠵᠦ᠂ 《ᠬᠡᠥᠬᠡᠳ ᠪᠠᠭᠠᠴᠤᠳ᠎ᠢ ᠬᠠᠮᠠᠭᠠᠯᠠᠬᠤ》᠂ 《ᠨᠠᠰᠤᠲᠠᠢᠴᠤᠳ᠎ᠢ ᠬᠠᠢᠷᠠᠯᠠᠬᠤ》᠂ 《ᠠᠷᠠᠳ᠎ᠲᠤ ᠲᠥᠬᠥᠮ ᠦᠵᠡᠭᠦᠯᠬᠦ》᠂ 《ᠡᠮᠡᠭᠲᠡᠢᠴᠦᠳ᠎ᠢ ᠬᠠᠯᠠᠮᠵᠢᠯᠠᠬᠤ》᠂ 《ᠣᠶᠤᠨᠴᠢ ᠪᠡᠷ ᠵᠠᠰᠠᠬᠤ》᠂ 《ᠬᠠᠮᠲᠤ᠎ᠪᠠᠷ ᠪᠠᠶ᠋ᠢᠭᠤᠯᠬᠤ》 ᠵᠡᠷᠭᠡ ᠵᠢᠷᠭᠤᠭᠠᠨ ᠲᠠᠯ᠎ᠠ᠎ᠶᠢ ᠬᠠᠮᠤᠷᠴᠤ᠂ 200 ᠭᠠᠷᠤᠢ ᠬᠡᠦᠬᠡᠳ᠎ᠲᠦ ᠰᠦᠢᠳᠬᠡᠯ ᠬᠤᠷᠢᠶᠠᠬᠤ ᠦᠭᠡᠢ ᠪᠡᠷ ᠠᠰᠠᠷᠠᠨ ᠬᠠᠮᠢᠶᠠᠷᠬᠤ ᠪᠠ ᠳᠤᠷ᠎ᠠ ᠰᠣᠨᠢᠷᠬᠠᠯ᠎ᠤᠨ ᠬᠢᠴᠢᠶᠡᠯ ᠬᠠᠩᠭᠠᠵᠤ᠂ ᠬᠦᠴᠢᠷᠳᠡᠯᠳᠡᠢ 50 ᠬᠡᠦᠬᠡᠳ᠎ᠢ ᠬᠠᠪᠰᠤᠷᠤᠨ ᠬᠦᠰᠡᠯ ᠮᠦᠷᠦᠭᠡᠳᠦᠯ᠎ᠢ ᠨᠢ ᠪᠡᠶᠡᠯᠡᠭᠦᠯᠦᠭᠰᠡᠨ᠎ᠤ ᠬᠠᠮᠲᠤ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠲᠠᠢᠯᠤᠮᠵᠢ᠂ ᠠᠯᠪᠠᠨ ᠵᠢᠷᠤᠮ᠎ᠤᠨ ᠡᠮᠴᠢᠯᠡᠭᠡ ᠵᠡᠷᠭᠡ ᠰᠠᠢᠨ ᠳᠤᠷ᠎ᠠ᠎ᠶᠢᠨ ᠠᠵᠢᠯᠯᠠᠭ᠎ᠠ᠎ᠶᠢ ᠵᠣᠬᠢᠶᠠᠨ ᠪᠠᠢᠭᠤᠯᠪᠠ ᠁ ᠡᠳᠡᠭᠡᠷ ᠤᠯᠠᠨ ᠰᠡᠳᠬᠢᠯ᠎ᠢ ᠳᠤᠯᠠᠭᠠᠴᠡᠭᠤᠯᠤᠭᠰᠠᠨ ᠦᠢᠯᠡᠴᠢᠯᠡᠭᠡᠨᠦᠭᠦᠳ ᠨᠢ ᠦᠨᠳᠦᠰᠦᠲᠡᠨ᠎ᠨᠦᠭᠦᠳ ᠦᠨ ᠤᠯᠠᠨ ᠲᠦᠮᠡᠨ᠎ᠦ ᠵᠢᠷᠭᠠᠯᠲᠦ ᠲᠥᠷᠥᠭᠳᠡᠯ ᠬᠦᠷᠳᠡᠮᠵᠢ᠎ᠵᠢᠨ ᠲᠥᠷᠥᠭᠳᠡᠯ᠎ᠢ ᠦᠨᠡᠨ ᠬᠦ᠌ ᠨᠡᠮᠡᠭᠳᠡᠭᠦᠯᠦᠭᠰᠡᠨ ᠪᠠᠢᠨ᠎ᠠ᠃
《ᠰᠠᠢᠨ ᠳᠤᠷ᠎ᠠ᠎ᠶᠢᠨ ᠦᠢᠯᠡᠴᠢᠯᠡᠭᠡ + ᠲᠣᠣᠷᠵᠢᠯ᠎ᠤᠨ ᠬᠠᠮᠢᠶᠠᠷᠤᠯᠲᠠ》 ᠵᠢᠨ ᠵᠠᠭᠪᠤᠷ᠎ᠲᠤ ᠲᠦᠰᠢᠭᠯᠡᠵᠤ᠂ ᠲᠤᠰ ᠠᠢᠮᠠᠭ᠎ᠤᠨ ᠬᠢᠨ ᠵᠠᠰᠠᠯᠲᠠ᠎ᠶᠢᠨ ᠭᠣᠣᠯᠳᠠᠯᠭ᠎ᠠ᠎ᠪᠠᠨ ᠳᠣᠷᠣᠭ᠍ᠰᠢ ᠶᠠᠪᠤᠭᠤᠯᠬᠤ᠂ ᠡᠬᠢ ᠪᠠᠶᠠᠯᠢᠭ᠋᠎ᠢ ᠳᠣᠷᠣᠭ᠍ᠰᠢ ᠪᠠᠭᠤᠯᠭᠠᠬᠤ ᠶᠢ ᠠᠬᠢᠭᠤᠯᠵᠤ᠂ ᠰᠠᠢᠨ ᠳᠤᠷ᠎ᠠ᠎ᠶᠢᠨ ᠦᠢᠯᠡᠴᠢᠯᠡᠭᠡ᠎ᠶᠢ ᠦᠨᠳᠦᠰᠦᠨ ᠱᠠᠲᠤᠨ᠎ᠳᠤ ᠵᠠᠰᠠᠯᠲᠠ ᠲᠡᠢ ᠠᠭᠤᠰᠤᠯᠴᠠᠭᠤᠯᠵᠤ᠂ ᠡᠶ᠎ᠡ ᠨᠠᠢᠷᠲᠠᠢ ᠵᠣᠯ ᠵᠢᠷᠭᠠᠯᠲᠤ ᠭᠡᠷ ᠣᠷᠣᠨ᠎ᠢᠶᠠᠨ ᠭᠠᠷ ᠬᠣᠯᠪᠣᠨ ᠬᠠᠮᠲᠤ ᠪᠠᠷ ᠪᠦᠲᠦᠭᠡᠨ ᠪᠠᠶ᠋ᠢᠭᠤᠯᠪᠠ᠃ ᠬᠤᠶᠠᠷᠬᠤᠳᠳᠤᠭ᠎ᠤᠨ ᠬᠦᠳᠡᠭᠡ ᠵᠢᠨ ᠠᠮᠢ ᠠᠬᠤᠢ᠎ᠶᠢᠨ ᠨᠡᠭᠦᠳᠡᠯ ᠠᠷᠠᠳ᠎ᠤᠨ ᠵᠢᠱ᠌ᠢᠶ᠎ᠡ ᠦᠵᠡᠭᠦᠯᠬᠦ ᠤᠷᠤᠨ᠎ᠤ ᠬᠤᠶᠠᠷᠬᠤᠳᠳᠤᠭ ᠨᠡᠢᠭᠡᠮ ᠲᠣᠭᠣᠷᠢᠭ᠋ ᠲᠦ᠍᠂ 《ᠠᠷᠠᠳ᠎ᠤᠨ ᠪᠠᠢᠳᠠᠯ᠎ᠢ ᠵᠥᠪᠯᠡᠬᠦ ᠴᠠᠢ᠎ᠶᠢᠨ ᠦᠷᠦᠭᠡ》᠎ᠨᠢ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ《ᠰᠡᠳᠬᠢᠯ᠎ᠢᠶᠡᠨ ᠬᠣᠯᠪᠣᠬᠤ ᠦᠷᠳᠡᠭᠡ》ᠪᠣᠯᠵᠤ᠂ ᠰᠠᠢᠨ ᠲᠤᠷᠠᠴᠤᠳ ᠪᠠ ᠰᠠᠭᠤᠭᠠᠯᠢ ᠠᠷᠠᠳ ᠨᠢᠭᠡ ᠲᠠᠩᠬᠢᠮ᠎ᠳᠤ ᠰᠠᠭᠤᠵᠤ᠂ ᠨᠠᠮ ᠲᠠᠢᠪᠤᠭᠤ ᠠᠭᠤᠷ ᠠᠮᠢᠰᠬᠤᠯ᠎ᠤᠨ ᠳᠤᠮᠳᠠ ᠤᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠶᠢ ᠴᠤᠭᠯᠠᠭᠤᠯᠵᠤ᠂ ᠭᠡᠷ ᠪᠦᠯᠢ᠎ᠶᠢᠨ ᠵᠥᠷᠢᠴᠡᠯ ᠪᠣᠯᠣᠨ ᠬᠥᠷᠰᠢ ᠰᠠᠭᠠᠬᠠᠯᠲᠠ᠎ᠶᠢᠨ ᠵᠠᠭᠤᠷᠠᠯᠳᠤᠭᠠᠨ᠎ᠢ ᠰᠢᠢᠳᠪᠦᠷᠢᠯᠡᠵᠦ᠂ 《ᠪᠠᠭ᠎ᠠ ᠶᠠᠪᠤᠳᠠᠯ᠎ᠢ ᠲᠣᠣᠷᠵᠢᠯ᠎ᠡᠴᠡ ᠭᠠᠷᠭᠠᠬᠤ ᠦᠭᠡᠢ᠂ ᠬᠦᠴᠢᠷ ᠶᠠᠪᠤᠳᠠᠯ᠎ᠢ ᠨᠡᠢᠭᠡᠮ ᠲᠣᠭᠣᠷᠢᠭ᠋᠎ᠡᠴᠡ ᠭᠠᠷᠭᠠᠬᠤ ᠦᠭᠡᠢ》 ᠪᠠᠢᠬᠤ᠎ᠶᠢ ᠪᠡᠶᠡᠯᠡᠭᠦᠯᠵᠤ᠂ ᠨᠡᠢᠭᠡᠮ ᠲᠣᠭᠣᠷᠢᠭ᠋᠎ᠤᠨ ᠵᠥᠷᠢᠴᠡᠯ ᠡᠭᠦᠰᠬᠦ ᠨᠤᠷᠮ᠎ᠠ ᠮᠡᠳᠡᠭᠳᠡᠮ᠎ᠡ ᠪᠠᠭᠤᠷᠠᠪᠠ᠃ ᠠᠯᠠᠱᠠ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠮᠠᠯᠴᠢᠨ ᠨᠡᠢᠭᠡᠮ ᠲᠣᠭᠣᠷᠢᠭ᠋᠎ᠲᠤ᠂ 《ᠨᠡᠢᠭᠡᠮ ᠲᠣᠭᠣᠷᠢᠭ᠋ ᠲᠠᠪᠴᠠᠩ ᠬᠠᠨᠭᠭᠠᠬᠤ᠂ 〈ᠰᠢᠨ᠎ᠡ ᠠᠵᠤ ᠠᠬᠤᠢ ᠵᠢᠨ ᠵᠤᠬᠢᠶᠠᠨ ᠪᠠᠢᠭᠤᠯᠤᠯᠳᠠ ᠪᠠ ᠰᠢᠨ᠎ᠡ ᠨᠡᠢᠭᠡᠮ᠎ᠤᠨ ᠵᠤᠬᠢᠶᠠᠨ ᠪᠠᠢᠭᠤᠯᠤᠯᠳᠠ〉 ᠵᠢᠨ ᠤᠷᠤᠯᠴᠠᠯᠭ᠎ᠠ᠂ ᠰᠠᠯᠠᠭ᠎ᠠ ᠮᠥᠴᠢᠷ᠎ᠦᠨ ᠬᠢᠨ ᠴᠤᠤᠷᠢᠶᠠᠳᠤᠨ ᠳᠠᠭᠠᠬᠤ》 ᠬᠠᠮᠲᠤ᠎ᠪᠠᠷ ᠵᠠᠰᠠᠬᠤ ᠵᠠᠭᠪᠤᠷ᠎ᠢᠶᠠᠷ ᠵᠠᠬᠢᠶᠠᠯᠠᠭ᠎ᠠ᠎ᠶᠢᠨ ᠬᠤᠭᠤᠯᠠ ᠬᠦᠷᠭᠡᠭᠴᠢ ᠵᠢ ᠳᠠᠶ᠋ᠢᠴᠢᠯᠠᠨ ᠰᠠᠢᠨ ᠳᠤᠷ᠎ᠠ᠎ᠶᠢᠨ ᠦᠢᠯᠡᠴᠢᠯᠡᠭᠡᠨ ᠦ ᠠᠩᠭᠢ ᠵᠢ ᠪᠠᠢᠭᠤᠯᠵᠤ᠂ 《ᠨᠡᠭᠦᠳᠡᠯ ᠴᠢᠨᠠᠷ᠎ᠢᠶᠠᠷ ᠴᠢᠩᠭ᠎ᠠ᠂ ᠬᠠᠮᠤᠷᠬᠤ ᠬᠡᠪᠴᠢᠶ᠎ᠡ᠎ᠪᠡᠷ ᠥᠷᠭᠡᠨ》ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂《ᠭᠠᠷᠤᠨ ᠠᠶ᠎ᠠ᠎ᠪᠠᠷ ᠰᠡᠭᠦᠳᠡᠷᠯᠡᠬᠦ᠂ ᠠᠯᠢ ᠴᠦ᠍ ᠦᠶ᠎ᠡ᠎ᠳᠦ ᠲᠣᠭᠣᠷᠢᠨ ᠴᠠᠭᠳᠠᠬᠤ᠂ ᠳᠡᠷᠡ ᠳᠠᠷᠤᠢ᠎ᠳᠤ᠎ᠨᠢ ᠮᠡᠳᠡᠭᠦᠯᠬᠦ᠂ ᠪᠤᠰᠤᠳ᠎ᠢ ᠬᠠᠪᠰᠤᠷᠬᠤ᠂ ᠬᠠᠮᠵᠢᠨ ᠴᠡᠪᠡᠷᠯᠡᠬᠦ》ᠵᠡᠷᠭᠡ ᠲᠠᠪᠤᠨ ᠵᠦᠢᠯ ᠤᠨ ᠦᠢᠯᠡᠴᠢᠯᠡᠭᠡ᠎ᠶᠢ ᠥᠷᠨᠢᠭᠦᠯᠵᠦ᠂ ᠨᠡᠢᠭᠡᠮ ᠲᠣᠭᠣᠷᠢᠭ᠋᠎ᠤᠨ ᠵᠠᠰᠠᠯᠲᠠ᠎ᠶᠢᠨ 《ᠨᠡᠭᠦᠳᠡᠯ ᠬᠠᠷᠠᠭᠤᠯ᠎ᠤᠨ ᠴᠡᠷᠢᠭ》 ᠢ᠋ ᠪᠣᠶ ᠪᠣᠯᠭᠠᠵᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠬᠦᠮᠦᠰ ᠬᠢᠭᠡᠳ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠤᠨ ᠬᠠᠷᠢᠯᠴᠠᠭ᠎ᠠ ᠬᠤᠯᠪᠤᠭ᠎ᠠ᠎ᠶᠢ ᠴᠢᠨᠠᠭᠰᠢᠳᠠ ᠨᠢᠭ᠍ᠲᠠᠷᠠᠭᠤᠯᠪᠠ᠃
ᠰᠠᠢ᠌ᠨ ᠳᠤᠷ᠎ᠠ᠎ᠶ᠋ᠢᠨ ᠦᠢᠯᠡᠴᠢᠯᠡᠭᠡ ᠨᠢ ᠪᠦᠯᠬᠦᠮᠳᠡᠨ ᠬᠠᠪᠰᠤᠷᠤᠯᠴᠠᠬᠤ᠎ᠶᠢᠨ《ᠬᠥᠳᠡᠯᠭᠡᠭᠦᠷ》 ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠵᠡᠯ ᠰᠠᠨᠠᠭ᠎ᠠ᠎ᠪᠠᠨ ᠨᠢᠭᠡᠳᠭᠡᠬᠦ᠌《ᠦᠷ᠎ᠡ ᠰᠠᠴᠤᠬᠤ ᠮᠠᠱᠢᠨ》ᠪᠣᠯᠬᠤ ᠶᠤᠮ᠃ ᠠᠯᠠᠱᠠ ᠠᠢᠮᠠᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ᠎ᠶ᠋ᠢ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠪᠥᠬᠥ᠌ ᠶᠠᠪᠤᠴᠠ᠎ᠳᠤ ᠲᠤᠭᠤᠱᠢᠯᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠦ ᠬᠠᠮᠲᠤ᠎ᠪᠠᠷ ᠦᠶ᠋ᠯᠡᠴᠢᠯᠡᠬᠦ᠌᠂ ᠬᠠᠮᠲᠤ᠎ᠪᠠᠷ ᠲᠡᠮᠡᠴᠡᠬᠦ᠌ ᠳᠤᠮᠳᠠ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ᠎ᠲᠠᠶ ᠪᠣᠯᠬᠤ᠎ᠶ᠋ᠢ ᠠᠬᠢᠭᠤᠯᠵᠤ᠂ ᠰᠠᠢᠨ ᠳᠤᠷ᠎ᠠ᠎ᠶ᠋ᠢᠨ ᠦᠢᠯᠡᠴᠢᠯᠡᠭᠡ᠎ᠪᠡᠷ ᠦᠨᠳᠦᠰᠦᠲᠡᠨ᠎ᠦ ᠪᠦᠯᠬᠦᠮᠳᠡᠯ᠎ᠦᠨ ᠦᠵᠡᠯ ᠰᠠᠨᠠᠭᠠᠨ᠎ᠤ ᠰᠠᠭᠤᠷᠢ ᠪᠠ ᠣᠶᠤᠨ ᠰᠠᠨᠠᠭᠠᠨ᠎ᠤ ᠤᠭ ᠦᠨᠳᠦᠰᠦ᠎ᠶ᠋ᠢ ᠪᠡᠬᠢᠵᠢᠭᠦᠯᠪᠡ᠃ ᠠᠯᠠᠱᠠ ᠵᠡᠭᠦᠨ ᠬᠣᠱᠢᠭᠤ 《ᠠᠨᠠᠷ᠎ᠤᠨ ᠦᠷ᠎ᠡ ᠮᠡᠳᠦ ᠳᠣᠲᠣᠨᠣ》᠂ 《ᠪᠦᠷᠢᠶ᠎ᠡ᠎ᠪᠡᠷ ᠳᠠᠭᠤᠷᠢᠰᠭᠠᠭ᠍ᠰᠠᠨ ᠰᠠᠢᠬᠠᠨ ᠵᠣᠭᠣᠭ》 ᠵᠡᠷᠭᠡ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠳᠤ ᠲᠦᠱᠢᠭ᠌ᠯᠡᠨ᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ 3630 ᠲᠠᠯᠠᠪᠠᠢ ᠤᠳᠠᠭ᠎ᠠ ᠤᠬᠠᠭᠤᠯᠤᠨ ᠲᠠᠢᠯᠪᠤᠷᠢᠯᠠᠵᠤ᠂ ᠦᠨᠳᠦᠰᠦᠲᠡᠨ᠎ᠨᠦᠭᠦᠳ ᠦᠨ ᠣᠯᠠᠨ ᠲᠦᠮᠡᠨ᠎ᠢ 2.5 ᠲᠦᠮᠡᠨ ᠬᠥᠮᠦᠨ ᠤᠳᠠᠭ᠎ᠠ ᠬᠠᠮᠤᠷᠪᠠ᠃ ᠴᠡᠬᠡ ᠬᠢᠯᠢ᠎ᠶ᠋ᠢᠨ ᠪᠣᠭᠣᠮᠲᠠ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠲᠡᠶ ᠤᠶᠠᠯᠳᠤᠭᠤᠯᠵᠤ᠂ ᠬᠢᠯᠢ᠎ᠶ᠋ᠢᠨ ᠠᠮᠤᠷ ᠲᠦᠪᠱᠢᠨ᠂ ᠬᠠᠤᠯᠢ ᠴᠠᠭᠠᠵᠠ᠎ᠵᠢᠨ ᠮᠡᠳᠡᠯᠭᠡ᠎ᠵᠢ ᠲᠦᠭᠡᠮᠡᠯᠵᠢᠭᠦᠯᠬᠦ᠌ ᠵᠢᠴᠢ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ᠎ᠶ᠋ᠢ ᠥᠷᠨᠢᠭᠦᠯᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ 300 ᠭᠠᠷᠤᠢ ᠬᠤᠪᠢ ᠮᠠᠲ᠋ᠧᠷᠢᠶᠠᠯ ᠲᠠᠷᠬᠠᠭᠠᠵᠤ᠂ ᠤᠯᠠᠨ ᠲᠦᠮᠡᠨ ᠦ ᠬᠠᠤᠯᠢ᠎ᠶ᠋ᠢ ᠰᠠᠬᠢᠵᠤ ᠬᠠᠤᠯᠢ᠎ᠶ᠋ᠢ ᠬᠡᠷᠡᠭ᠌ᠯᠡᠬᠦ᠌᠎ᠶ᠋ᠢ ᠬᠦᠳᠦᠯᠦᠨ ᠵᠢᠯᠣᠭᠣᠳᠪᠠ᠃ ᠠᠯᠠᠱᠠ ᠪᠠᠷᠠᠭᠤᠨ ᠬᠣᠱᠢᠭᠤ 5 ᠰᠠᠯᠠᠭ᠎ᠠ ᠰᠠᠢᠨ ᠳᠤᠷ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ 7 ᠰᠤᠮᠤ ᠪᠠᠯᠭᠠᠰᠤᠨ᠎ᠳᠤ ᠭᠦᠨᠵᠡᠭᠡᠢᠷᠡᠨ᠂ ᠳᠡᠷᠭᠡᠳᠡᠬᠢ ᠤᠴᠢᠷ ᠶᠠᠪᠤᠳᠠᠯ᠎ᠢᠶᠡᠷ ᠨᠠᠮ᠎ᠤᠨ ᠰᠠᠢᠨ ᠲᠥᠷᠥ᠎ᠶ᠋ᠢᠨ ᠪᠣᠳᠣᠯᠭ᠎ᠠ ᠵᠢ ᠲᠠᠢᠯᠪᠤᠷᠢᠯᠠᠵᠤ᠂ ᠨᠠᠮ᠎ᠤᠨ ᠰᠠᠢᠨ ᠲᠥᠷᠥ᠎ᠶ᠋ᠢᠨ ᠪᠣᠳᠣᠯᠭ᠎ᠠ᠎ᠶ᠋ᠢ ᠣᠯᠠᠨ ᠲᠦᠮᠡᠨ᠎ᠦ ᠠᠮᠠᠷᠬᠠᠨ ᠣᠢᠯᠠᠭᠠᠬᠤ 《ᠲᠣᠳᠣᠷᠬᠠᠶ ᠲᠠᠩᠰᠠ》᠂《ᠬᠤᠯᠪᠤᠭ᠎ᠠ》 ᠪᠣᠯᠭᠠᠵᠤ᠂ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠪᠢᠴᠢᠭ ᠮᠠᠲ᠋ᠧᠷᠢᠶᠠᠯ ᠡᠴᠡ ᠭᠠᠷᠭᠠᠵᠤ᠂ ᠠᠷᠠᠳ᠎ᠤᠨ ᠰᠡᠳᠭᠢᠯ᠎ᠳᠦ ᠬᠠᠳᠠᠩᠱᠢᠭᠤᠯᠪᠠ᠃ ᠣᠳᠣ ᠪᠣᠯᠲᠠᠯ᠎ᠠ᠂ ᠠᠯᠠᠱᠠ ᠠᠢᠮᠠᠭ᠎ᠤᠨ ᠰᠠᠢᠨ ᠳᠤᠷᠠᠴᠤᠳ ᠨᠢᠭᠡᠨᠲᠡ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠤᠨ ᠲᠠᠢᠯᠪᠤᠷᠢᠯᠠᠯᠲᠠ᠎ᠶ᠋ᠢ 3790 ᠲᠠᠯᠠᠪᠤᠷ ᠤᠳᠠᠭ᠎ᠠ ᠥᠷᠨᠢᠭᠦᠯᠵᠦ᠍᠂ ᠣᠯᠠᠨ ᠲᠦᠮᠡᠨ᠎ᠢ 31850 ᠬᠥᠮᠦᠨ ᠤᠳᠠᠭ᠎ᠠ ᠬᠠᠮᠤᠷᠴᠤ᠌᠂ ᠤᠬᠠᠭᠤᠯᠤᠨ ᠲᠠᠢᠯᠪᠤᠷᠢᠯᠠᠬᠤ᠎ᠪᠠᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ ᠤᠳᠤ ᠠᠯᠠᠱᠠ᠎ᠳᠤ ᠰᠠᠢ᠌ᠨ ᠳᠤᠷ᠎ᠠ᠎ᠶ᠋ᠢᠨ ᠦᠢᠯᠡᠴᠢᠯᠡᠭᠡ ᠵᠢ ᠭᠠᠵᠠᠷ ᠪᠤᠯᠭᠠᠨ᠎ᠳᠤ ᠦᠷᠨᠢᠭᠦᠯᠵᠦ᠂ ᠨᠡᠢᠭᠡᠮ ᠲᠣᠭᠣᠷᠢᠭ᠎ᠤᠨ 《ᠠᠷᠠᠳ᠎ᠤᠨ ᠪᠠᠢᠳᠠᠯ᠎ᠢ ᠵᠥᠪᠯᠡᠬᠦ ᠴᠠᠢ᠎ᠶᠢᠨ ᠦᠷᠦᠭᠡ》᠂ ᠦᠵᠡᠮᠵᠢ᠎ᠶ᠋ᠢᠨ ᠣᠷᠣᠨ᠎ᠤ ᠰᠠᠢ᠌ᠨ ᠳᠤᠷ᠎ᠠ᠎ᠶ᠋ᠢᠨ ᠠᠵᠢᠯ᠎ᠤᠨ ᠪᠠᠢᠷᠢ᠂ ᠤᠯᠠᠭᠠᠨ ᠡᠯᠢᠭᠡᠪᠴᠢ ᠵᠠᠬᠢᠶᠠᠯᠠᠨ ᠦᠢᠯᠡᠳᠬᠦ᠌ ᠦᠢᠯᠡᠴᠢᠯᠡᠭᠡ ᠵᠡᠷᠭᠡ ᠰᠠᠢ᠌ᠨ ᠳᠤᠷ᠎ᠠ᠎ᠶ᠋ᠢᠨ ᠦᠢᠯᠡᠴᠢᠯᠡᠭᠡ ᠭᠠᠵᠠᠷ ᠪᠣᠯᠭᠠᠨ᠎ᠳᠤ ᠬᠠᠷᠠᠭ᠍ᠳᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠢᠳᠡᠪᠬᠢᠲᠡᠢ ᠣᠷᠣᠯᠴᠠᠨ᠂《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌》 ᠠᠮᠢᠳᠤᠯᠢᠭ ᠪᠤᠳᠠᠳᠠᠢ ᠵᠢᠷᠤᠭ᠎ᠢ ᠵᠢᠷᠤᠭᠯᠠᠵᠤ ᠪᠤᠢ᠃