ᠲᠥᠷᠥ ᠵᠢᠨ ᠪᠣᠳᠣᠯᠭ᠎ᠠ᠎ᠶᠢᠨ ᠬᠠᠩᠭᠠᠯᠭ᠎ᠠ ᠎ᠶᠢ ᠴᠢᠩᠭᠠᠳᠬᠠᠨ ᠦᠢᠯᠡᠴᠢᠯᠡᠬᠡᠨ ᠎ᠦ ᠪᠠᠲᠤᠯᠠᠭ᠎ᠠ᠎ᠶᠢ ᠪᠣᠳᠠᠲᠠᠶ᠋ᠢᠵᠢᠭᠤᠯᠵᠤ ᠬᠢᠩᠭᠠᠨ ᠠᠶ᠋ᠢᠮᠠᠭ ᠳᠤᠮᠳᠠ ᠵᠢᠵᠢᠭ ᠠᠵᠤ ᠠᠬᠤᠶ᠋ᠢᠯᠠᠯ ᠎ᠤᠨ ᠦᠰᠦᠨ ᠪᠣᠶ᠋ᠢᠵᠢᠯᠲᠠ ᠳ᠋ᠤ ᠦᠷᠭᠡᠨ ᠲᠠᠪᠴᠠᠩ ᠬᠠᠩᠭᠠᠪᠠ
2026-04-27 09:47:58
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

ᠤᠷᠢᠬᠠᠨ ᠬᠠᠪᠤᠷ ᠤ᠋ᠨ ᠬᠢᠩᠭᠠᠨ᠎ᠨᠤᠳᠤᠭ ᠲᠸ᠋ ᠪᠣᠳᠠᠲᠠᠢ ᠠᠵᠢᠯᠯᠠᠵᠤ ᠡᠷᠡᠮᠡᠭᠡᠢᠯᠡᠨ ᠤᠷᠤᠭᠰᠢᠯᠠᠬᠤ ᠬᠠᠯᠠᠭᠤᠨ ᠦᠷᠨᠢᠯᠲᠠ ᠤᠷᠬᠢᠯᠤᠨ᠎ᠠ᠃ ᠰᠤᠷᠪᠤᠯᠵᠢᠯᠠᠭᠴᠢ ᠤᠢᠷ᠎ᠠ ᠳ᠋ᠤ ᠥᠪᠥᠷ ᠮᠣᠩᠭᠣᠯ᠎ᠤᠨ ᠤᠳᠠᠴᠢ ᠮᠣᠩᠭᠣᠯ ᠡᠮ᠎ᠦᠨ ᠬᠤᠪᠢᠴᠠᠭᠠᠳᠤ ᠬᠢᠵᠠᠭᠠᠷᠲᠤ᠌ ᠺᠣᠮᠫᠠᠨᠢ᠎ᠶᠢᠨ ᠬᠠᠷᠢᠶ᠎ᠠ ᠤᠯᠠᠭᠠᠨᠬᠣᠲᠠ ᠵᠢᠨ ᠬᠢᠲᠠᠳ ᠮᠣᠩᠭᠣᠯ ᠡᠮ ᠦᠢᠯᠡᠳᠬᠦ ᠬᠢᠵᠠᠭᠠᠷᠲᠤ᠌ ᠺᠣᠮᠫᠠᠨᠢ᠎ᠳᠤ ᠬᠦᠷᠪᠠᠯ᠂ ᠦᠢᠯᠡᠳᠪᠤᠷᠢᠯᠠᠯ ᠤ᠋ᠨ ᠲᠠᠰᠤᠭ᠎ᠲᠠᠬᠢ ᠤᠶᠤᠨᠴᠢᠯᠠᠬᠰᠠᠨ ᠦᠢᠯᠡᠳᠪᠤᠷᠢᠯᠠᠯ᠎ᠦᠨ ᠱᠤᠭᠤᠮ᠎ᠡᠮᠬᠢ ᠵᠢᠷᠤᠮ᠎ᠲᠡᠶ ᠬᠤᠷᠳᠤᠴᠠ ᠨᠡᠮᠡᠨ ᠠᠵᠢᠯᠯᠠᠵᠤ᠂ ᠮᠦᠬᠦᠯᠢᠭ ᠮᠦᠬᠦᠯᠢᠭ ᠮᠤᠩᠭᠤᠯ ᠡᠮ᠎ᠢ ᠲᠠᠰᠤᠷᠠᠯᠳᠠ ᠦᠭᠡᠢ ᠦᠢᠯᠡᠳᠪᠦᠷᠢᠯᠡᠨ᠂ ᠦᠢᠯᠡᠳᠪᠤᠷᠢᠯᠠᠯ᠎ᠦᠨ ᠦᠢᠯᠡᠲᠤᠯ ᠴᠢᠲᠠᠪᠤᠷᠢ ᠢᠯᠡᠳᠲᠠ ᠳᠡᠭᠡᠭᠰᠢᠯᠡᠭᠰᠡᠨ᠎ᠢ ᠬᠠᠷᠠᠭᠤᠯᠤᠨ᠎ᠠ᠃

ᠤᠷᠢᠳ ᠬᠣᠵᠢᠳ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠶ᠋ᠢᠯᠠᠯ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠲᠤᠰᠬᠠᠶ ᠨᠠᠷᠢᠯᠢᠭ ᠦᠪᠠᠷᠮᠢᠴᠠ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ ᠎ᠤᠨ ᠴᠣᠯᠠ᠎ᠵᠢ ᠬᠦᠷᠳᠡᠭᠰᠠᠨ ᠣᠷᠣᠨ ᠨᠤᠲᠤᠭ᠎ᠤᠨ ᠠᠵᠤ ᠠᠬᠤᠶ᠋ᠢᠯᠠᠯ ᠪᠣᠯᠤᠭᠰᠠᠨ ᠎ᠤ ᠬᠤᠪᠢ᠎ᠳᠤ᠂ ᠮᠡᠷᠭᠡᠵᠢᠯ᠎ᠦᠨ ᠥᠭᠡᠷᠡᠴᠢᠯᠡᠯᠲᠡ ᠬᠢᠬᠦ ᠪᠠ ᠰᠢᠨ᠎ᠡ᠎ᠶᠢ ᠡᠭᠦᠳᠴᠦ᠍ ᠰᠤᠳᠤᠯᠤᠨ ᠨᠡᠭᠡᠭᠡᠬᠦ᠌ ᠎ᠨᠢ ᠢᠮᠠᠭᠲᠠ ᠠᠵᠤ ᠠᠬᠤᠶ᠋ᠢᠯᠠᠯ᠎ᠤᠨ ᠬᠥᠭᠵᠢᠯᠲᠡ᠎ᠶᠢᠨ ᠭᠤᠤᠯ ᠱᠤᠭᠤᠮ ᠪᠣᠯᠤᠭᠰᠠᠭᠠᠷ ᠢᠷᠡᠵᠡᠶ᠃

《ᠪᠢᠳᠡ ᠵᠢᠯ ᠪᠦᠷᠢ ᠦᠢᠯᠡᠳᠪᠦᠷᠢᠯᠡᠯ᠎ᠦᠨ ᠲᠤᠨᠤᠭ ᠲᠥᠬᠥᠭᠡᠷᠦᠮᠵᠢ᠎ᠳᠦ ᠴᠢᠭᠯᠡᠬᠦᠯᠦᠯᠲᠤ ᠴᠢᠨᠠᠷᠲᠠᠢ ᠥᠭᠡᠷᠡᠴᠢᠯᠡᠯᠲᠡ ᠬᠢᠵᠦ᠍ ᠳᠡᠰ ᠳᠡᠪᠰᠢᠭᠦᠯᠳᠡᠭ᠃ 2024 ᠣᠨ ᠎ᠳᠤ 500 ᠲᠦᠮᠡ ᠰᠢᠬᠠᠮ ᠲᠥᠭᠥᠷᠢᠭ᠎ᠦᠨ ᠪᠠᠯᠠ ᠣᠷᠣᠭᠤᠯᠵᠤ᠂ ᠬᠡᠪᠴᠢᠶ᠎ᠡ᠎ᠪᠡᠷ ᠬᠠᠮᠤᠭ᠎ᠤᠨ ᠶᠡᠬᠡ ᠨᠢᠭᠡ ᠤᠳᠠᠭᠠᠨ᠎ᠤ ᠮᠡᠷᠭᠡᠵᠢᠯ᠎ᠦᠨ ᠥᠭᠡᠷᠡᠴᠢᠯᠡᠯᠲᠡ ᠬᠢᠵᠦ᠍᠂ ᠦᠢᠯᠡᠳᠪᠤᠷᠢᠯᠠᠯ᠎ᠦᠨ ᠰᠢᠰᠲ᠋ᠧᠮ᠎ᠦᠨ ᠭᠤᠤᠯᠯᠠᠬᠤ ᠲᠤᠨᠤᠭ ᠲᠥᠬᠥᠭᠡᠷᠦᠮᠵᠢ ᠂ ᠰᠢᠯᠭᠠᠨ ᠪᠠᠶ᠋ᠢᠴᠠᠭᠠᠬᠤ ᠪᠠᠭᠠᠵᠢ ᠬᠡᠷᠡᠭᠰᠡᠯ ᠵᠢᠴᠢ ᠵᠠᠩᠭᠢᠯᠠᠭ᠎ᠠ᠎ᠶᠢᠨ ᠠᠵᠢᠯ᠎ᠤᠨ ᠳᠠᠷᠠᠭᠠᠯᠠᠯ᠎ᠢ ᠱᠤᠭᠤᠮ ᠲᠠᠭᠠᠤ ᠪᠠᠶ᠋ᠢᠴᠠᠭᠠᠨ ᠰᠢᠯᠭᠠᠬᠤ ᠲᠤᠨᠤᠭ ᠲᠥᠬᠥᠭᠡᠷᠦᠮᠵᠢ ᠎ᠶᠢ ᠪᠥᠬᠥ᠌ ᠲᠠᠯ᠎ᠠ ᠎ᠪᠠᠷ ᠲᠠᠰ ᠳᠡᠪᠰᠢᠭᠦᠯᠬᠦ᠎ᠶᠢ ᠪᠠᠶᠠᠯᠡᠬᠦᠯᠪᠠ》 ᠭᠡᠵᠦ ᠤᠯᠠᠭᠠᠨᠬᠣᠲᠠ᠎ᠶᠢᠨ ᠬᠢᠲᠠᠳ ᠮᠣᠩᠭᠣᠯ ᠡᠮ ᠦᠢᠯᠡᠳᠬᠦ ᠬᠢᠵᠠᠭᠠᠷᠲᠤ᠌ ᠺᠣᠮᠫᠠᠨᠢ᠎ᠶᠢᠨ ᠦᠢᠯᠡᠳᠪᠤᠷᠢᠯᠠᠯ᠎ᠦᠨ ᠬᠠᠷᠢᠭᠤᠴᠠᠯᠭᠠᠲᠠᠨ ᠯᠢᠦᠶ ᠵᠧᠨ ᠹᠸᠢ ᠲᠠᠨᠢᠯᠴᠠᠭᠤᠯᠬᠤ᠎ᠳᠠᠭᠠᠨ᠂ ᠤᠶᠤᠨᠴᠢᠯᠠᠭᠰᠠᠨ ᠲᠠᠰ ᠳᠠᠪᠰᠢᠯᠲᠠ ᠨᠢ ᠦᠢᠯᠡᠳᠪᠤᠷᠢᠯᠠᠯ᠎ᠦᠨ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠦᠭᠰᠡᠨ᠎ᠢᠶᠡᠷ ᠪᠠᠷᠠᠬᠤ ᠥᠬᠡᠶ᠂ ᠨᠠᠩ ᠴᠤ᠌ ᠡᠮ᠎ᠦᠨ ᠵᠦᠢᠯ᠎ᠦᠨ ᠶᠠᠰᠤ ᠴᠢᠨᠠᠷ᠎ᠢ ᠡᠵᠡᠮᠳᠡᠬᠦ᠌ ᠤᠨᠤᠪᠴᠢ ᠵᠢᠨ ᠬᠡᠮᠵᠢᠶ᠎ᠡ᠎ᠶᠢ ᠰᠢᠨ᠎ᠡ ᠳᠡᠭᠲᠡᠷ᠎ᠲᠦ᠍ ᠭᠠᠷᠭᠠᠭᠰᠠᠨ ᠪᠠᠶ᠋ᠢᠨ᠎ᠠ ᠭᠡᠯ᠎ᠡ᠃

ᠦᠢᠯᠡᠳᠪᠤᠷᠢᠯᠠᠯ᠎ᠦᠨ ᠲᠠᠯ᠎ᠠ ᠪᠠᠷ ᠬᠢ ᠤᠶᠤᠨᠴᠢᠯᠠᠯᠲᠠ ᠶ᠋ᠢ ᠲᠠᠰ ᠳᠡᠪᠰᠢᠭᠦᠯᠦᠭᠰᠠᠨ ᠶ᠋ᠢᠡᠷ ᠵᠤᠭᠰᠤᠬᠤ ᠥᠬᠡᠶ᠂ ᠠᠵᠤ ᠠᠬᠤᠶ᠋ᠢᠯᠠᠯ᠎ᠤᠨ ᠬᠢᠨ ᠪᠠᠰᠠ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠡᠬᠡ ᠳᠡᠭᠡᠳᠦ ᠰᠤᠷᠭᠠᠭᠤᠯᠢ᠎ᠲᠠᠶ ᠢᠳᠡᠪᠬᠢᠲᠡᠶ ᠪᠠᠷ ᠭᠠᠷ ᠬᠣᠯᠪᠣᠯᠴᠠᠠ᠂ ᠣᠲᠣ ᠦᠶ᠎ᠡ᠎ᠶᠢᠨ ᠮᠡᠷᠭᠡᠵᠢᠯ᠎ᠢᠶᠡᠷ ᠮᠣᠩᠭᠣᠯ ᠡᠮ᠎ᠦᠨ ᠦᠨ᠎ᠡ ᠥᠷᠲᠡᠭ᠎ᠢ ᠭᠦᠨᠵᠡᠭᠡᠶ ᠠᠭᠤᠳᠠᠯᠤᠭᠰᠠᠨ ᠪᠠᠶ᠋ᠢᠨ᠎ᠠ᠃ ᠣᠳᠣᠬᠠᠨ᠎ᠳᠤ᠂ ᠠᠵᠤ ᠠᠬᠤᠶ᠋ᠢᠯᠠᠯ᠎ᠤᠨ ᠬᠢᠨ ᠨᠢᠭᠡᠨᠲᠡ 7 ᠵᠦᠢᠯ ᠤ᠋ᠨ ᠤᠯᠤᠰ᠎ᠤᠨ ᠡᠭᠦᠳᠦᠯᠲᠡ᠎ᠶᠢᠨ ᠲᠤᠰᠬᠠᠶ ᠠᠰᠢᠭ᠎ᠤ᠋ᠨ ᠡᠷᠬᠡ ᠵᠢ ᠤᠯᠵᠤ᠂ ᠣᠯᠠᠨ ᠠᠵᠢᠯ ᠲᠥᠷᠥᠯ᠎ᠦᠨ ᠮᠡᠷᠭᠡᠵᠢᠯ᠎ᠦᠨ ᠬᠣᠭᠣᠰᠣᠨ᠎ᠢ ᠨᠥᠬᠥᠪᠥᠷᠢᠯᠡᠠ᠂ ᠤᠯᠠᠮᠵᠢᠯᠠᠯᠲᠤ᠌ ᠮᠣᠩᠭᠣᠯ ᠡᠮ᠎ᠳ᠋ᠤ ᠰᠢᠨ᠎ᠡ ᠠᠮᠢᠵᠢᠷᠠᠯ᠎ᠤᠨ ᠬᠦᠴᠦᠨ᠎ᠤᠯᠭᠤᠪᠠ᠃《ᠡᠨᠡ ᠵᠢᠯ ᠪᠣᠯ ᠮᠠᠨ᠎ᠤ ᠺᠣᠮᠫᠠᠨᠢ ᠎ᠶᠢᠨ 〈ᠬᠤᠤᠰ ᠬᠥᠳᠡᠯᠭᠡᠭᠦᠷ᠎ᠦᠨ ᠴᠢᠨᠠᠷ᠎ᠤᠨ ᠬᠤᠪᠢᠷᠠᠯᠲᠠ〉 ᠵᠢ ᠪᠡᠶᠡᠯᠡᠬᠦᠯᠬᠦ ᠰᠢᠪᠲᠤᠯᠤᠯᠲᠠ᠎ᠶᠢᠨ ᠵᠢᠯ ᠪᠣᠯᠤᠨ᠎ᠠ᠂ ᠪᠢᠳᠡ ᠡᠵᠡᠩᠨᠡᠨ ᠪᠣᠷᠣᠯᠠᠭᠤᠯᠬᠤ ᠪᠣᠭᠣᠮᠲᠠ ᠰᠢᠪᠲᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠡᠪᠴᠢᠶᠡᠵᠢᠯ᠎ᠦᠨ ᠦᠷ᠎ᠡ ᠠᠰᠢᠭ᠎ᠢ ᠳᠡᠭᠡᠭᠰᠢᠯᠡᠭᠦᠯᠵᠦ᠍᠂ ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶᠢ ᠴᠢᠩᠭᠠᠳᠬᠠᠨ ᠠᠵᠤ ᠦᠢᠯᠡᠰ᠎ᠦᠨ ᠲᠠᠰ ᠳᠡᠪᠰᠢᠬᠦ᠌᠎ᠶᠢ ᠠᠬᠢᠭᠤᠯᠵᠤ᠂ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠍᠂ ᠭᠤᠤᠯᠯᠠᠭᠴᠢ ᠦᠢᠯᠡᠳᠬᠦᠨ᠎ᠦ ᠰᠤᠳᠤᠯᠭᠠᠨ ᠪᠠ ᠲᠤᠰᠬᠠᠶ ᠠᠰᠢᠭ ᠭᠤᠶᠤᠴᠢᠯᠠᠨ ᠮᠡᠳᠡᠭᠦᠯᠬᠦ᠌ ᠠᠵᠢᠯ ᠎ᠢ ᠯᠠᠪᠳᠠᠭᠤᠨ ᠪᠠᠲᠤᠲᠠᠶ ᠠᠬᠢᠭᠤᠯᠤᠨ᠂ ᠰᠢᠨ᠎ᠡ᠎ᠶᠢ ᠡᠭᠦᠳᠬᠦ᠌ ᠪᠣᠳᠠᠲᠤ᠌ ᠬᠦᠴᠦᠨ᠎ᠢᠶᠡᠷ ᠠᠵᠤ ᠠᠬᠤᠶ᠋ᠢᠯᠠᠯ᠎ᠤᠨ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠦᠨ᠎ᠡ》 ᠭᠡᠵᠦ᠍ ᠥᠪᠥᠷ ᠮᠣᠩᠭᠣᠯ᠎ᠤᠨ ᠤᠲᠠᠴᠢ ᠮᠣᠩᠭᠣᠯ ᠡᠮ᠎ᠦᠨ ᠬᠤᠪᠢᠴᠠᠭᠠᠳᠤ   ᠬᠢᠵᠠᠭᠠᠷᠲᠤ᠌ ᠺᠣᠮᠫᠠᠨᠢ᠎ᠶᠢᠨ ᠨᠠᠮ᠎ᠤᠨ ᠬᠣᠷᠢᠶ᠎ᠠ ᠵᠢᠨ ᠳᠡᠳ᠋ ᠱᠦᠵᠢ ᠵᠠᠩ ᠠᠶ ᠮᠢᠨ ᠬᠡᠯᠡᠪᠡ᠃

ᠳᠤᠮᠳᠠ ᠵᠢᠵᠢᠭ ᠠᠵᠤ ᠠᠬᠤᠶ᠋ᠢᠯᠠᠯ᠎ᠤᠨ ᠦᠰᠦᠨ ᠪᠣᠶ᠋ᠢᠵᠢᠯᠲᠠ ᠵᠢᠨ ᠶᠠᠪᠤᠴᠠ᠎ᠳᠠᠬᠢ ᠱᠠᠳᠤᠴᠢ ᠴᠢᠨᠠᠷᠲᠠᠢ ᠬᠦᠴᠢᠷ ᠠᠰᠠᠭᠤᠳᠠᠯ᠎ᠢ ᠰᠢ᠌ᠳᠪᠦᠷᠢᠯᠡᠬᠦ᠌᠎ᠶᠢᠨ ᠲᠥᠯᠥᠭᠡ ᠂ ᠬᠢᠩᠭᠠᠨ ᠠᠶ᠋ᠢᠮᠠᠭ《ᠡᠭᠡᠭᠡ ᠠᠳᠠᠯᠢ ᠪᠠᠶ᠋ᠢᠯᠭᠠᠬᠤ》 ᠪᠦᠳᠦᠭᠦᠯᠢᠭ  ᠵᠠᠭᠪᠤᠷ᠎ᠢ ᠲᠠᠶᠠᠭᠳᠠᠠ᠂ 《ᠰᠢᠨ᠎ᠡ᠎ᠶᠢ ᠡᠭᠦᠳᠬᠦ᠌ ᠮᠠᠶᠢᠭ᠎ᠤᠨ ᠳᠤᠮᠳᠠ ᠵᠢᠵᠢᠭ ᠠᠵᠤ ᠠᠬᠤᠶ᠋ᠢᠯᠠᠯ — ᠥᠪᠡᠷᠲᠡᠭᠡᠨ ᠵᠠᠰᠠᠬᠤ ᠣᠷᠣᠨ᠎ᠤ ᠲᠡᠰ᠎ᠤᠨ〈ᠲᠤᠰᠬᠠᠢ ᠨᠠᠷᠢᠯᠢᠭ ᠦᠪᠠᠷᠮᠢᠴᠠ ᠰᠢᠨ᠎ᠡ〉 — ᠤᠯᠤᠰ᠎ᠤᠨ ᠲᠡᠰ᠎ᠤᠨ〈ᠵᠢᠵᠢᠭ ᠠᠪᠤᠷᠭᠤ ᠬᠦᠮᠤᠨ〉 — ᠭᠠᠭᠴᠠ ᠲᠦᠷᠦᠯ᠎ᠦᠨ ᠮᠠᠩᠯᠠᠢ》 ᠭᠡᠬᠦ᠌ ᠲᠦᠷᠪᠡᠨ ᠱᠠᠲᠤᠨ ᠤ᠋ ᠦᠰᠦᠨ ᠪᠣᠶ᠋ᠢᠵᠢᠯᠲᠠ ᠵᠢᠨ ᠡᠩᠨᠡᠭᠡ᠎ᠶᠢ ᠪᠠᠶ᠋ᠢᠭᠤᠯᠵᠤ᠂ ᠠᠳᠠᠯᠢ ᠪᠤᠰᠤ ᠬᠥᠭᠵᠢᠯᠲᠡ᠎ᠶᠢᠨ ᠱᠠᠲᠤᠨ᠎ᠤ ᠠᠵᠤ ᠠᠬᠤᠶ᠋ᠢᠯᠠᠯ᠎ᠤᠨ ᠣᠨᠴᠠᠯᠢᠭ ᠪᠣᠯᠤᠨ ᠭᠣᠣᠯ ᠬᠡᠷᠡᠭᠴᠡᠭᠡ᠎ᠳᠦ ᠴᠢᠭᠯᠡᠭᠦᠯᠦᠨ ᠨᠠᠷᠢᠯᠢᠭ ᠤᠨᠤᠴᠠᠲᠠᠢ ᠠᠷᠭ᠎ᠠ ᠪᠤᠳᠤᠯᠭ᠎ᠠ ᠬᠡᠷᠡᠭᠵᠢᠭᠦᠯᠤᠨ᠂ ᠲᠠᠯᠳᠠ ᠬᠦᠴᠦᠨ᠎ᠲᠡᠶ᠂ ᠮᠡᠷᠭᠡᠵᠢᠯ᠎ᠲᠡᠶ᠂ ᠵᠠᠬ᠎ᠠ ᠳᠡᠯᠭᠡᠭᠦᠷ᠎ᠲᠡᠶ ᠳᠤᠮᠳᠠ ᠵᠢᠵᠢᠭ ᠠᠵᠤ ᠠᠬᠤᠶ᠋ᠢᠯᠠᠯ ᠳ᠋ᠤ ᠲᠣᠭᠲᠠᠭᠤᠨ᠎ᠢᠶᠠᠷ ᠥᠭᠡᠳᠡᠯᠡᠨ ᠲᠠᠪᠰᠢᠬᠤ ᠦᠰᠦᠨ ᠪᠣᠶ᠋ᠢᠵᠢᠯᠲᠠ ᠵᠢᠨ ᠱᠠᠳᠤ᠎ᠶᠢ ᠲᠠᠪᠢᠰᠤᠨ ᠦᠭᠴᠠᠢ᠃

ᠱᠠᠲᠤᠯᠢᠭ ᠵᠢᠡᠷ ᠪᠤᠢᠵᠢᠭᠤᠯᠬᠤ ᠵᠢᠨ ᠦᠷ᠎ᠡ ᠪᠦᠲᠦᠮᠵᠢ᠎ᠨᠢ ᠨᠢᠭᠡ ᠪᠦᠯᠦᠭ ᠢᠯᠡ ᠲᠣᠳᠣ ᠲᠣᠭ᠎ᠠ ᠪᠠᠷᠢᠮᠲᠠ᠎ᠪᠡᠷ ᠬᠦᠢᠴᠡᠳ ᠨᠤᠳᠠᠯᠠᠭᠳᠠᠵᠠᠢ᠄ 2025 ᠣᠨ᠎ᠳᠤ᠂ ᠪᠥᠬᠥ᠌ ᠠᠶ᠋ᠢᠮᠠᠭ᠎ᠲᠤ᠌ ᠥᠪᠡᠷᠲᠡᠭᠡᠨ ᠵᠠᠰᠠᠬᠤ ᠣᠷᠣᠨ᠎ᠤ ᠲᠠᠰ᠎ᠤᠨ《ᠲᠤᠰᠬᠠᠶ ᠨᠠᠷᠢᠯᠢᠭ ᠦᠪᠠᠷᠮᠢᠴᠠ ᠰᠢᠨ᠎ᠡ》ᠠᠵᠤ ᠠᠬᠤᠶ᠋ᠢᠯᠠᠯ 13 ᠰᠢᠨ᠎ᠡ᠎ᠪᠡᠷ ᠨᠡᠮᠡᠭᠳᠡᠵᠦ᠍᠂ ᠠᠳᠠᠯᠢ ᠬᠤᠭᠤᠴᠠᠭᠠᠨ ᠎ᠤ᠎ᠬᠢ᠎ᠡᠴᠡ 550 % ᠎ᠪᠠᠷ ᠨᠡᠮᠡᠭᠳᠡᠪᠡ ; ᠰᠢᠨ᠎ᠡ᠎ᠶᠢ ᠡᠭᠦᠳᠬᠦ᠌ ᠬᠡᠯᠪᠡᠷᠢ᠎ᠶᠢᠨ ᠳᠤᠮᠳᠠ ᠵᠢᠵᠢᠭ ᠠᠵᠤ ᠠᠬᠤᠶ᠋ᠢᠯᠠᠯ 25 ᠨᠡᠮᠡᠭᠳᠡᠠ᠂ ᠠᠳᠠᠯᠢ ᠬᠤᠭᠤᠴᠠᠭᠠᠨ᠎ᠤ ᠬᠢ᠎ᠡᠴᠡ 150 % ᠨᠡᠮᠡᠭᠳᠡᠪᠡ᠃ ᠨᠢᠭᠡ ᠪᠦᠯᠦᠭ ᠭᠦᠨᠵᠡᠭᠡᠢ ᠠᠭᠤᠳᠠᠯᠵᠤ ᠨᠠᠷᠢᠨ ᠬᠤᠪᠢᠶᠠᠷᠢᠯᠠᠭᠰᠠᠨ ᠬᠦᠷᠢᠶ᠎ᠡ ᠴᠠᠷᠠᠭ᠎ᠠ ᠪᠦᠬᠦᠢ᠂ ᠭᠤᠤᠯᠯᠠᠬᠤ ᠮᠡᠷᠭᠡᠵᠢᠯ ᠎ᠢ ᠡᠵᠡᠮᠰᠢᠭᠰᠡᠨ ᠳᠤᠮᠳᠠ ᠵᠢᠵᠢᠭ ᠠᠵᠤ ᠠᠬᠤᠶ᠋ᠢᠯᠠᠯ᠎ᠤᠨ ᠲᠦᠷᠭᠡᠨ ᠬᠥᠭᠵᠢᠯᠲᠡ᠎ᠨᠢ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠌᠎ᠳᠦ ᠬᠦᠴᠦᠲᠡᠶ ᠬᠥᠳᠡᠯᠭᠡᠬᠦ᠌ ᠬᠦᠴᠤᠨ ᠨᠡᠮᠡᠷᠢᠯᠡᠭᠰᠡᠨ᠎ᠢᠶᠡᠷ ᠪᠠᠷᠠᠬᠤ ᠥᠬᠡᠶ ᠨᠠᠩ ᠴᠤ᠌ ᠬᠢᠩᠭᠠᠨ ᠠᠶ᠋ᠢᠮᠠᠭ᠎ᠤᠨ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠭᠤᠤᠯᠯᠠᠬᠤ ᠰᠢᠨ᠎ᠡ ᠬᠥᠳᠡᠯᠭᠡᠭᠦᠷ ᠪᠣᠯᠵᠠᠶ᠃

ᠵᠠᠯᠠᠶ᠋ᠢᠳ ᠬᠣᠰᠢᠭᠤᠨ᠎ᠤ ᠥᠷᠭᠡᠨ ᠠᠭᠤᠳᠠᠮ ᠬᠦᠲᠠᠬᠡ ᠲᠠᠯ᠎ᠠ ᠳ᠋ᠤ  ᠪᠠᠰᠠ ᠨᠢᠭᠡᠠ ᠲᠠᠯᠠᠪᠤᠷ 《ᠲᠤᠰᠬᠠᠢ ᠨᠠᠷᠢᠯᠢᠭ ᠦᠪᠠᠷᠮᠢᠴᠠ ᠰᠢᠨ᠎ᠡ 》 ᠠᠮᠢᠳᠤᠯᠢᠭ ᠦᠢᠯᠡᠳᠦᠯᠭᠡ ᠤᠨᠴᠠᠯᠢᠬᠳᠤ ᠲᠠᠷᠢᠶᠠᠯᠠᠡᠭ ᠤ᠋ᠨ ᠬᠦᠷᠢᠶ᠎ᠡ ᠲᠡᠢᠰᠢ ᠦᠷᠭᠦᠯᠵᠢᠯᠡᠨ ᠭᠦᠨᠵᠡᠭᠡᠶ᠋ᠢᠷᠡᠵᠦ᠍᠂ ᠥᠪᠡᠷᠮᠢᠴᠡ ᠣᠨᠴᠠᠯᠢᠭ᠎ᠲᠠᠶ ᠲᠠᠷᠢᠶᠠᠯᠠᠡᠭ ᠤ᠋ᠨ ᠡᠬᠢ ᠪᠠᠶᠠᠯᠢᠭ ᠎ᠤᠨ ᠳᠠᠪᠠᠭᠤᠯᠢᠭ᠎ᠢ ᠪᠣᠬᠢᠷᠲᠤᠯ ᠦᠭᠡᠢ ᠪᠠᠭ᠎ᠠ ᠨᠡᠬᠦᠷᠠᠰᠤᠲᠦ᠋ᠷᠦᠭᠴᠢᠲᠤ ᠬᠥᠭᠵᠢᠯᠲᠡ᠎ᠶᠢᠨ ᠰᠢᠨ᠎ᠡ ᠳᠠᠪᠠᠭᠤᠯᠢᠭ ᠪᠣᠯᠭᠠᠨ ᠬᠤᠪᠢᠷᠠᠭᠤᠯᠬᠤ ᠶ᠋ᠢ ᠲᠦᠷᠬᠡᠳᠬᠡᠵᠠᠢ᠃ ᠵᠠᠯᠠᠶ᠋ᠢᠳ ᠬᠣᠰᠢᠭᠤᠨ᠎ᠤ ᠹᠧᠩ ᠶᠠᠩ ᠤᠰᠤᠨ ᠲᠤᠲᠤᠷᠭ᠎ᠠ᠎ᠶᠢᠨ ᠴᠢᠬᠢ ᠪᠣᠶ᠋ᠢᠵᠢᠭᠤᠯᠬᠤ ᠬᠢᠵᠠᠭᠠᠷᠲᠤ᠌ ᠺᠣᠮᠫᠠᠨᠢ ᠎ᠶᠢᠨ ᠦᠢᠯᠡᠳᠪᠤᠷᠢᠯᠠᠯ᠎ᠦᠨ ᠲᠠᠰᠤᠭ᠎ᠲᠤ᠌᠂  ᠬᠠᠶᠠᠭᠳᠠᠮᠠᠯ ᠬᠠᠭᠤᠴᠢᠨ ᠤᠰᠤᠨ ᠲᠤᠲᠤᠷᠭ᠎ᠠ ᠵᠢᠨ  ᠴᠢᠬᠢ ᠎ᠶᠢᠨ ᠲᠠᠪᠠᠭ ᠎ᠢ ᠣᠯᠠᠨ ᠵᠦᠢᠯ᠎ᠦᠨ ᠪᠠᠷᠢᠮᠵᠢᠶᠠᠵᠢᠭᠰᠠᠨ ᠠᠵᠢᠯ᠎ᠤᠨ ᠳᠠᠷᠠᠭᠠᠯᠠᠯ᠎ᠢᠶᠠᠷ ᠬᠦᠢᠴᠡᠳ ᠠᠰᠢᠬᠯᠠᠵᠤ᠂ 《ᠬᠠᠶᠠᠭᠳᠠᠮᠠᠯ ᠪᠣᠳᠠᠰ᠎ᠢ ᠡᠷᠳᠡᠨᠢ ᠪᠣᠯᠭᠠᠬᠤ》 ᠶ᠋ᠢ  ᠪᠡᠶᠡᠯᠡᠭᠦᠯᠪᠡ᠃

ᠵᠠᠯᠠᠶ᠋ᠢᠳ ᠬᠣᠰᠢᠭᠤᠨ᠎ᠤ  ᠤᠰᠤᠨ ᠲᠤᠲᠤᠷᠭ᠎ᠠ᠎ᠶᠢᠨ ᠲᠠᠷᠢᠮᠠᠯ᠎ᠤᠨ ᠡᠬᠢ ᠪᠠᠶᠠᠯᠢᠭ᠎ᠲᠤ᠌ ᠲᠦᠰᠢᠭᠯᠡᠨ᠂ ᠠᠵᠤ ᠠᠬᠤᠶ᠋ᠢᠯᠠᠯ᠎ᠤᠨ ᠬᠢᠨ ᠲᠠᠷᠢᠶᠠᠨ ᠭᠠᠵᠠᠷ᠎ᠲᠤ᠌ ᠦᠨᠳᠦᠰᠦᠯᠡᠨ ᠰᠢᠨ᠎ᠡ᠎ᠶᠢ ᠡᠭᠦᠳᠬᠦ᠌ ᠦᠢᠯᠡᠲᠤᠯᠬᠡ ᠥᠷᠨᠢᠭᠦᠯᠵᠦ᠍᠂ 《ᠬᠤᠷᠢᠶᠠᠨ ᠠᠪᠬᠤ — ᠡᠳ᠋ᠰᠢᠭᠦᠯᠬᠦ᠌ —  ᠦᠢᠯᠡᠳᠪᠤᠷᠢᠯᠡᠬᠦ》 ᠪᠢᠲᠡᠭᠦᠦ ᠴᠠᠭᠠᠷᠢᠭᠲᠤ᠌ ᠠᠵᠤ ᠦᠢᠯᠡᠰ᠎ᠦᠨ ᠬᠡᠯᠬᠢᠶ᠎ᠡ᠎ᠶᠢ ᠪᠠᠶ᠋ᠢᠭᠤᠯᠪᠠ᠃ ᠦᠢᠯᠡᠳᠬᠦᠨ ᠨᠢ ᠲᠤᠰ ᠭᠠᠵᠠᠷ᠎ᠤᠨ ᠵᠠᠬ᠎ᠠ ᠳᠡᠯᠭᠡᠭᠦᠷ᠎ᠢ ᠪᠦᠷᠬᠦᠭᠰᠠᠨ᠎ᠢᠶᠠᠷ ᠪᠠᠷᠠᠬᠤ ᠦᠭᠡᠶ᠂ ᠪᠠᠰᠠ ᠡᠷᠭᠢᠨ ᠲᠣᠭᠣᠷᠢᠨ᠎ᠤ ᠬᠣᠰᠢᠭᠤ ᠰᠢᠶᠠᠨ᠎ᠳᠤ ᠴᠸ᠋ ᠪᠣᠷᠣᠯᠠᠭᠤᠯᠭ᠎ᠠ ᠰᠠᠶ᠋ᠢᠲᠠᠶ ᠪᠠᠢᠯ᠎ᠠ᠃ 2025 ᠣᠨ᠎ᠳᠤ᠂ ᠠᠵᠤ ᠠᠬᠤᠶ᠋ᠢᠯᠠᠯ ᠨᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ 《ᠲᠤᠰᠬᠠᠢ ᠨᠠᠷᠢᠯᠢᠭ ᠥᠪᠡᠷᠮᠢᠴᠡ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ᠎ᠢᠶᠠᠷ ᠰᠣᠩᠭᠣᠭᠳᠠᠪᠠ᠃

《ᠪᠢᠳᠡ ᠵᠢᠯ ᠪᠦᠷᠢ ᠬᠠᠶᠠᠭᠳᠠᠮᠠᠯ ᠬᠠᠭᠤᠴᠢᠨ ᠴᠢᠬᠢ ᠪᠤᠢᠵᠢᠭᠤᠯᠬᠤ ᠲᠠᠪᠠᠭ᠎ᠢ 2000 ᠲᠣᠨ ᠣᠷᠴᠢᠮ ᠬᠤᠷᠢᠶᠠᠵᠤ᠂ ᠲᠠᠷᠢᠶᠠᠯᠠᠬᠤ ᠡᠷᠦᠬᠡ ᠎ᠶᠢᠨ ᠣᠷᠣᠯᠭ᠎ᠠ᠎ᠶᠢ ᠨᠡᠮᠡᠭᠳᠡᠭᠦᠯᠦᠭᠰᠡᠨ ᠵᠢᠡᠷ ᠪᠠᠷᠠᠬᠤ ᠥᠬᠡᠶ ᠪᠠᠰᠠ ᠤᠰᠤᠨ ᠲᠤᠲᠤᠷᠭ᠎ᠠ ᠳᠠᠷᠢᠬᠤ ᠶᠡᠷᠦᠩᠬᠡᠶ᠋ᠢᠯᠡᠭᠰᠡᠨ ᠥᠪᠡᠷ᠎ᠦᠨ ᠥᠷᠲᠡᠭ᠎ᠢ ᠪᠠᠭᠤᠷᠠᠭᠤᠯᠪᠠ》 ᠭᠡᠵᠦ ᠵᠠᠯᠠᠶ᠋ᠢᠳ ᠬᠣᠰᠢᠭᠤᠨ᠎ᠤ ᠹᠸᠩ ᠶᠠᠩ ᠤᠰᠤᠨ ᠲᠤᠲᠤᠷᠭ᠎ᠠ᠎ᠶᠢᠨ ᠴᠢᠬᠢ ᠪᠣᠶ᠋ᠢᠵᠢᠭᠤᠯᠬᠤ ᠲᠠᠪᠠᠭ ᠎ᠤᠨ  ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠵᠠᠩ ᠮᠢᠩ ᠰᠢᠶᠠᠨ ᠬᠡᠯᠡᠬᠦ᠌᠎ᠳᠡᠭᠡᠨ᠂ ᠲᠠᠷᠠᠭᠠᠴᠢ᠎ᠶᠢᠨ ᠠᠯᠬᠤᠮ᠎ᠳᠤ ᠠᠵᠤ ᠠᠬᠤᠶ᠋ᠢᠯᠠᠯ᠎ᠤᠨ ᠬᠢᠨ《ᠲᠤᠰᠬᠠᠶ ᠨᠠᠷᠢᠯᠢᠭ ᠥᠪᠡᠷᠮᠢᠴᠡ ᠰᠢᠨ᠎ᠡ》ᠬᠥᠭᠵᠢᠯᠲᠡ᠎ᠶᠢᠨ ᠬᠠᠨᠳᠤᠰᠢ᠎ᠶᠢ ᠰᠠᠯᠤᠯ ᠥᠬᠡᠶ ᠳᠠᠭᠠᠵᠤ᠂ ᠬᠠᠶᠠᠭᠳᠠᠮᠠᠯ ᠬᠠᠭᠤᠴᠢᠨ ᠴᠢᠬᠢ ᠪᠤᠢᠵᠢᠭᠤᠯᠬᠤ ᠲᠠᠪᠠᠭ᠎ᠢ ᠬᠤᠷᠢᠶᠠᠬᠤ ᠲᠤᠤᠷ ᠰᠦᠯᠵᠢᠶ᠎ᠡ᠎ᠪᠡᠨ ᠤᠯᠠᠮ ᠨᠢᠭᠡ ᠠᠯᠬᠤᠮ ᠥᠷᠭᠡᠳᠬᠡᠵᠦ᠍᠂ ᠦᠢᠯᠡᠳᠪᠤᠷᠢᠯᠠᠯ᠎ᠦᠨ ᠤᠷ᠎ᠠ ᠮᠡᠷᠭᠡᠵᠢᠯ᠎ᠢᠶᠡᠨ ᠦᠷᠭᠦᠯᠵᠢᠯᠡᠨ ᠰᠢᠯᠢᠳᠡᠭᠵᠢᠭᠦᠯᠵᠦ᠍᠂ ᠦᠢᠯᠡᠳᠬᠦᠨ᠎ᠦ ᠣᠷᠴᠢᠨ ᠲᠣᠭᠣᠷᠢᠨ᠎ᠢ ᠬᠠᠮᠠᠭᠠᠯᠠᠬᠤ ᠴᠢᠳᠠᠮᠵᠢ ᠪᠠ ᠵᠠᠬ᠎ᠠ ᠳᠡᠯᠭᠡᠭᠦᠷ᠎ᠦᠨ ᠥᠷᠢᠰᠥᠯᠳᠦᠬᠦ᠌ ᠬᠦᠴᠦᠨ᠎ᠢᠶᠡᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠡᠶ᠃ ᠨᠠᠷᠢᠯᠢᠭ ᠤᠨᠤᠴᠠᠲᠠᠢ ᠲᠥᠷᠥ᠎ᠶᠢᠨ ᠪᠣᠳᠣᠯᠭ᠎ᠠ᠎ᠶᠢᠨ ᠬᠠᠩᠭᠠᠯᠭ᠎ᠠ ᠪᠣᠯᠤᠨ ᠪᠥᠬᠥ᠌ ᠶᠠᠪᠤᠴᠠ᠎ᠶᠢᠨ ᠦᠢᠯᠡᠴᠢᠯᠡᠬᠡᠨ᠎ᠦ ᠪᠠᠲᠤᠯᠠᠭ᠎ᠠ ᠪᠣᠯ ᠬᠢᠩᠭᠠᠨ ᠠᠶ᠋ᠢᠮᠠᠭ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠲᠣᠭᠲᠠᠭᠤᠨ᠎ᠢᠶᠠᠷ ᠦᠰᠦᠨ ᠪᠣᠶ᠋ᠢᠵᠢᠬᠤ᠎ᠶᠢᠨ ᠪᠠᠲᠤ᠌ ᠪᠠᠬᠢ ᠲᠦᠰᠢᠭ ᠮᠥᠨ᠃ ᠣᠶ᠋ᠢᠷ᠎ᠠ᠎ᠶᠢᠨ ᠵᠢᠯ ᠳ᠋ᠤ ᠂ ᠬᠢᠩᠭᠠᠨ ᠠᠶ᠋ᠢᠮᠠᠭ 《ᠲᠥᠷᠥ᠎ᠶᠢᠨ ᠪᠣᠳᠣᠯᠭ᠎ᠠ + ᠦᠢᠯᠡᠴᠢᠯᠡᠬᠡ》 ᠵᠢᠨ ᠬᠠᠮ ᠠᠷᠭ᠎ᠠ ᠬᠡᠮᠵᠢᠶ᠎ᠡ ᠵᠢ ᠠᠪᠴᠤ᠌᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠥᠬᠥ᠌ ᠲᠠᠯ᠎ᠠ᠎ᠪᠠᠷ ᠰᠢᠯᠢᠳᠡᠭᠵᠢᠭᠦᠯᠪᠡ᠃

《ᠪᠢᠳᠡ ᠰᠤᠳᠤᠯᠤᠨ ᠨᠡᠭᠡᠭᠡᠬᠦ᠌᠂ ᠮᠡᠷᠭᠡᠵᠢᠯ᠎ᠦᠨ ᠥᠭᠡᠷᠡᠴᠢᠯᠡᠯᠲᠡ ᠬᠢᠬᠦ᠌ ᠵᠡᠷᠭᠡ ᠱᠠᠩᠨᠠᠯ ᠨᠥᠬᠥᠪᠥᠷᠢ᠎ᠶᠢᠨ ᠲᠥᠷᠥ᠎ᠶᠢᠨ ᠪᠣᠳᠣᠯᠭ᠎ᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠱᠠᠩᠨᠠᠯ ᠨᠥᠬᠥᠪᠥᠷᠢ᠎ᠶᠢᠨ ᠪᠠᠯᠠ ᠮᠥᠩᠭᠥ᠎ᠶᠢ ᠠᠵᠤ ᠠᠬᠤᠶ᠋ᠢᠯᠠᠯ᠎ᠳᠤ ᠰᠢᠭᠤᠳ ᠣᠯᠭᠣᠬᠤ᠎ᠶᠢ ᠦᠨᠡᠨ ᠬᠦ᠌ ᠪᠠᠲᠤᠯᠠᠵᠤ᠂ ᠠᠵᠤ ᠠᠬᠤᠶ᠋ᠢᠯᠠᠯ᠎ᠳᠤ ᠲᠥᠷᠥ᠎ᠶᠢᠨ ᠪᠣᠳᠣᠯᠭ᠎ᠠ᠎ᠶᠢᠨ ᠠᠰᠢᠭ᠎ᠢ ᠡᠷᠲᠡᠬᠡᠨ ᠬᠦᠷᠲᠡᠭᠡᠪᠡ; ᠪᠥᠬᠥ᠌ ᠶᠠᠪᠤᠴᠠ ᠳ᠋ᠤ ᠭᠤᠶᠤᠴᠢᠯᠠᠨ ᠮᠡᠳᠡᠭᠦᠯᠵᠦ᠍ ᠬᠠᠪᠰᠤᠷᠤᠨ ᠵᠢᠯᠣᠭᠣᠳᠬᠤ᠎ᠶᠢ ᠥᠷᠨᠢᠭᠦᠯᠵᠦ᠍᠂ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠦᠭᠡᠳ ᠠᠮᠵᠢᠯᠲᠠ ᠤᠯᠬᠤ ᠨᠣᠷᠮ᠎ᠠ᠎ᠶᠢ ᠳᠡᠭᠡᠭᠰᠢᠯᠡᠭᠦᠯᠵᠠᠢ; ᠵᠠᠰᠠᠭ ᠪᠠᠩᠬᠢ ᠠᠵᠤ ᠠᠬᠤᠶ᠋ᠢᠯᠠᠯ᠎ᠤᠨ ᠵᠣᠯᠭᠠᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠣᠯᠠᠨ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠬᠦ᠌᠎ᠶᠢ ᠴᠢᠩᠭᠠᠳᠬᠠᠵᠤ᠂ ᠠᠵᠤ ᠠᠬᠤᠶ᠋ᠢᠯᠠᠯ᠎ᠤᠨ ᠪᠠᠯᠠ ᠮᠦᠡᠭᠬᠦ ᠬᠤᠷᠠᠮᠳᠤᠭᠤᠯᠬᠤ᠂ ᠬᠡᠯᠪᠡᠷᠢ ᠎ᠪᠡᠨ ᠬᠤᠪᠢᠷᠠᠭᠤᠯᠬᠤ ᠵᠡᠷᠭᠡ ᠬᠦᠴᠢᠷ ᠠᠰᠠᠭᠤᠳᠠᠯ᠎ᠢ ᠪᠥᠬᠥ᠌ ᠬᠦᠴᠦᠨ᠎ᠢᠶᠡᠷ᠎ᠢᠶᠡᠨ ᠰᠢᠢᠳᠪᠤᠷᠢᠯᠠᠪᠠ》 ᠭᠡᠵᠦ᠍ ᠬᠢᠩᠭᠠᠨ ᠠᠶ᠋ᠢᠮᠠᠭ᠎ᠤᠨ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠡᠸ᠋ ᠰᠢ ᠲᠠᠨᠢᠯᠴᠠᠭᠤᠯᠪᠠ᠃ ᠱᠠᠲᠤᠯᠢᠭ ᠪᠣᠶ᠋ᠢᠵᠢᠭᠤᠯᠬᠤ᠎ᠪᠠᠷ ᠦᠰᠦᠨ ᠪᠣᠶ᠋ᠢᠵᠢᠯᠲᠠ᠎ᠶᠢ ᠬᠠᠮᠠᠭᠠᠯᠠᠵᠤ ᠂ᠨᠠᠷᠢᠯᠢᠭ ᠣᠨᠣᠴᠠᠲᠠᠶ ᠦᠢᠯᠡᠴᠢᠯᠡᠬᠦ ᠪᠡᠷ ᠬᠥᠭᠵᠢᠯᠲᠡ᠎ᠳ᠋ᠤ ᠬᠦᠴᠤᠨ ᠨᠡᠮᠡᠷᠢᠯᠠᠪᠠ᠃ ᠣᠳᠣᠬᠠᠨ᠎ᠳᠤ᠂ ᠬᠢᠩᠭᠠᠨ ᠠᠶ᠋ᠢᠮᠠᠭ ᠶᠠᠭ 《ᠲᠤᠰᠬᠠᠶ ᠨᠠᠷᠢᠯᠢᠭ ᠦᠪᠠᠷᠮᠢᠴᠠ ᠰᠢᠨ᠎ᠡ 》 ᠤᠷᠤᠯᠳᠤᠭᠠᠨ᠎ᠤ ᠵᠠᠮ᠎ᠢ ᠦᠷᠭᠦᠯᠵᠢᠯᠡᠨ ᠨᠡᠭᠡᠭᠡᠵᠦ᠂  ᠡᠬᠢ ᠪᠠᠶᠠᠯᠢᠭ᠎ᠤᠨ ᠳᠠᠪᠠᠭᠤᠯᠢᠭ᠎ᠢ ᠬᠥᠭᠵᠢᠯᠲᠡ᠎ᠶᠢᠨ ᠢᠯᠠᠯᠲᠠ ᠳᠠᠢᠰᠢ ᠲᠦᠷᠭᠡᠳᠭᠡᠨ ᠬᠤᠪᠢᠷᠠᠭᠤᠯᠬᠤ᠎ᠶᠢ ᠠᠬᠢᠭᠤᠯᠵᠤ ᠪᠠᠶ᠋ᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠰᠢᠨ᠎ᠡ ᠠᠶᠠᠨ ᠎ᠳᠤ᠂ ᠬᠢᠩᠭᠠᠨ ᠠᠶ᠋ᠢᠮᠠᠭ ᠣᠷᠭᠢᠯᠤᠮ᠎ᠠ ᠬᠠᠯᠠᠭᠤᠨ ᠰᠡᠳᠬᠢᠯᠭᠡ ᠎ᠪᠡᠷ ᠳᠤᠮᠳᠠ ᠵᠢᠵᠢᠭ ᠠᠵᠤ ᠠᠬᠤᠶ᠋ᠢᠯᠠᠯ ᠎ᠤᠨ ᠬᠥᠭᠵᠢᠯᠲᠡ ᠎ᠶᠢᠨ ᠳᠠᠯᠳᠠ ᠬᠦᠴᠦᠨ᠎ᠢ ᠲᠠᠰᠤᠷᠠᠯᠲᠠ ᠥᠬᠡᠶ ᠬᠥᠭᠵᠢᠭᠡᠠ᠂ ᠦᠢᠯᠡᠳᠬᠦ ᠦᠢᠯᠡᠰ ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠰᠢᠨ᠎ᠡ ᠎ᠶᠢ ᠡᠭᠦᠳᠬᠦ᠌ ᠠᠮᠢᠵᠢᠷᠠᠯ ᠎ᠤᠨ ᠬᠦᠴᠦᠨ ᠎ᠢ ᠲᠠᠰᠤᠷᠠᠯᠲᠠ ᠦᠬᠡᠢ ᠤᠯᠭᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号