ᠶᠡᠭᠡ ᠨᠡᠪᠳᠡᠷᠡᠯ᠎ᠤᠨ ᠵᠠᠮ᠎ᠢ ᠬᠡᠷᠬᠢᠨ ᠬᠦᠴᠦᠷᠭᠡᠭ ᠶᠡᠭᠡ ᠬᠥᠳᠡᠯᠭᠡᠭᠦᠷ᠎ᠪᠤᠯᠭᠠᠬᠤ ᠪᠤᠢ?
2026-04-27 09:15:26
ᠵᠣᠬᠢᠶᠠᠭ᠍ᠴᠢ᠄
ᠭᠣᠣ ᠬᠤᠢ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠬᠡᠷᠬᠢᠨ ᠥᠨᠳᠥᠷ ᠪᠠᠷᠢᠮᠵᠢᠶ᠎ᠠ ᠪᠡᠷ ᠴᠢᠨᠠᠷ ᠰᠠᠢᠲᠠᠶ ᠪᠥᠲᠥᠭᠡᠨ ᠪᠠᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠲᠢᠩᠬᠢᠮ᠎ᠦᠨ ᠳᠡᠳ᠋ ᠳᠠᠷᠤᠭ᠎ᠠ ᠭᠦᠸᠧ ᠵᠧᠸ᠋ ᠮᠢᠩ᠎ᠢ ᠰᠤᠷᠪᠤᠯᠵᠢᠯᠠᠭᠰᠠᠨ ᠨᠢ


4 ᠰᠠᠷ᠎ᠠ᠎ᠶ᠋ᠢᠨ 11 ᠤ᠋ ᠡᠳᠦᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠵᠢᠩᠬᠢᠨᠢ᠎ᠪᠡᠷ ᠫᠠᠢᠰᠠ ᠰᠡᠬᠦᠵᠦ᠂ 《ᠠᠷᠪᠠᠨ ᠲᠠᠪᠤᠳᠤᠭᠠᠷ ᠲᠠᠪᠤᠨ ᠵᠢᠯ》 ᠎ᠦ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠵᠢᠩᠬᠢᠨᠢ᠎ᠪᠡᠷ ᠵᠥᠪᠱᠢᠶᠡᠷᠡᠨ ᠪᠠᠢᠭᠤᠯᠵᠠᠢ᠃ ᠡᠨᠡ ᠪᠣᠯ ᠥᠪᠥᠷ ᠮᠣᠩᠭᠣᠯ᠎ᠤᠨ ᠥᠭᠡᠷᠡᠴᠢᠯᠡᠯᠲᠡ ᠨᠡᠬᠡᠬᠡᠯᠳᠡ᠎ᠶ᠋ᠢᠨ ᠲᠡᠦᠬᠡᠨ ᠳᠡᠭᠡᠷᠡᠬᠢ ᠬᠥᠱᠢᠢ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠶᠡᠬᠡ ᠶᠠᠪᠤᠳᠠᠯ ᠪᠣᠯᠤᠨ᠎ᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠬᠡᠷᠬᠢᠨ ᠥᠨᠳᠥᠷ ᠪᠠᠷᠢᠮᠵᠢᠶ᠎ᠠ  ᠪᠡᠷ ᠴᠢᠨᠠᠷ ᠰᠠᠢᠲᠠᠶ ᠪᠥᠲᠥᠭᠡᠨ ᠪᠠᠢᠭᠤᠯᠬᠤ᠎ᠶ᠋ᠢᠨ ᠲᠣᠭᠣᠷᠢᠨ᠎ᠳᠤ ᠂ ᠲᠣᠰ ᠰᠣᠨᠢᠨ ᠎ᠤ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋  ᠳᠠᠷᠤᠭ᠎ᠠ ᠭᠦᠸᠧ ᠵᠧᠸ᠋ ᠮᠢᠩ᠎ᠢ  ᠰᠤᠷᠪᠤᠯᠵᠢᠯᠠᠪᠠ᠃

ᠰᠤᠷᠪᠤᠯᠵᠢᠯᠠᠭ᠍ᠴᠢ᠄ 《ᠠᠷᠪᠠᠨ ᠲᠠᠪᠤᠳᠤᠭᠠᠷ ᠲᠠᠪᠤᠨ ᠵᠢᠯ》 ᠎ᠦ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭᠠᠨ᠎ᠳᠦ ᠨᠠᠮ ᠎ᠤᠨ ᠲᠥᠪ ᠬᠣᠷᠢᠢ᠎ᠠ᠎ᠠᠴᠠ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠠᠢᠭᠤᠯᠬᠤ᠎ᠪᠠᠷ ᠲᠣᠭ᠍ᠲᠠᠭᠰᠠᠨ ᠪᠠᠢᠨ᠎ᠠ᠃ ᠡᠨᠡ ᠬᠦ᠌ ᠱᠢᠶ᠋ᠳᠪᠦᠷᠢᠲᠦ ᠪᠣᠳᠣᠯᠭ᠎ᠠ᠎ᠶ᠋ᠢᠨ ᠥᠪᠥᠷ ᠮᠣᠩᠭᠣᠯ ᠴᠢᠨᠠᠭ᠍ᠰᠢᠯᠠᠪᠠᠯ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠳᠤ ᠦᠵᠡᠭᠦᠯᠬᠦ᠌ ᠴᠢᠬᠤᠯᠠ ᠶᠡᠬᠡ ᠠᠴᠢ ᠬᠣᠯᠪᠣᠭ᠍ᠳᠠᠯ᠎ᠢ ᠲᠡ ᠬᠡᠷᠬᠢᠨ ᠦᠵᠡᠵᠦ᠍ ᠪᠠᠢᠬᠤ ᠪᠣᠶ?

ᠭᠦᠸᠧ ᠵᠧᠸ᠋ ᠮᠢᠩ᠄ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠪᠠᠢᠭᠤᠯᠤᠭ᠍ᠰᠠᠨ ᠨᠢ  ᠨᠠᠮ ᠪᠠ ᠤᠯᠤᠰ᠎ᠤᠨ ᠱᠢᠨ᠎ᠡ ᠪᠠᠢᠳᠠᠯ᠎ᠤᠨ ᠳᠣᠣᠷ᠎ᠠ ᠨᠡᠭᠡᠭᠡᠯᠲᠡ᠎ᠶ᠋ᠢ ᠡᠷᠡᠰ ᠭᠤᠢᠪᠢᠰᠢ ᠦᠭᠡᠢ᠎ᠪᠡᠷ ᠥᠷᠭᠡᠳᠭᠡᠬᠦ᠌ ᠢᠲᠡᠭᠡᠯ ᠵᠣᠷᠢᠭ᠎ᠢ ᠭᠦᠢᠴᠡᠳ ᠢᠯᠡᠷᠡᠭᠦᠯᠪᠡ᠂ ᠡᠨᠡ ᠨᠢ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ ᠪᠠ ᠯᠤᠳᠤ ᠶᠡᠭᠡ ᠬᠠᠯᠠᠮᠵᠢᠯᠠᠵᠤ ᠪᠠᠢᠬᠤ᠎ᠶ᠋ᠢ ᠭᠦᠶ᠋ᠴᠡᠳ ᠢᠯᠡᠷᠡᠭᠦᠯᠵᠤ᠂ ᠥᠪᠥᠷ ᠮᠣᠩᠭᠣᠯ᠎ᠤᠨ ᠥᠭᠡᠷᠡᠴᠢᠯᠡᠯᠲᠡ ᠨᠡᠭᠡᠭᠡᠯᠲᠡ᠎ᠶ᠋ᠢᠨ ᠠᠬᠢᠴᠠ ᠳᠤᠮᠳᠠᠬᠢ ᠬᠥᠱᠢᠶ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠶᠡᠬᠡ ᠬᠡᠷᠡᠭ ᠶᠠᠪᠤᠳᠠᠯ ᠪᠤᠯᠵᠠᠢ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ ᠴᠣ ᠱᠢᠨ᠎ᠡ ᠱᠠᠲᠤᠨ᠎ᠳᠤ ᠣᠷᠣᠭ᠍ᠰᠠᠨ᠎ᠢ ᠬᠠᠷᠠᠭᠤᠯᠵᠤ ᠪᠠᠢᠨ᠎ᠠ᠂ ᠥᠪᠥᠷ ᠮᠣᠩᠭᠣᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠶ᠋ᠯᠡᠴᠢᠯᠡᠬᠦ᠌ ᠪᠠ ᠠᠭᠤᠰᠤᠯᠴᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠲᠦ᠍᠎ᠶ᠋ᠢᠨ ᠨᠥᠯᠥᠭᠡ ᠦᠵᠡᠭᠦᠯᠬᠦ᠌ ᠨᠢ ᠯᠠᠪᠲᠠᠶ ᠶᠤᠮ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠵᠥᠪᠱᠢᠶᠡᠷᠡᠭᠰᠡᠨ ᠨᠢ ᠥᠪᠥᠷ ᠮᠣᠩᠭᠣᠯ᠎ᠤᠨ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠦᠲᠦᠭᠡᠨ ᠪᠠᠢᠭᠤᠯᠬᠤ ᠪᠠ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶ᠋ᠢᠨ ᠬᠤᠩᠬᠢᠯ᠎ᠤᠨ ᠪᠦᠲᠦᠭᠡᠨ ᠪᠠᠢᠭᠤᠯᠤᠯᠲᠠ᠎ᠳᠤ ᠭᠦᠨᠵᠡᠭᠡᠢ ᠣᠷᠣᠯᠴᠠᠬᠤ᠂ ᠰᠠᠭᠤᠷᠢ ᠲᠥᠬᠥᠭᠡᠷᠦᠮᠵᠢ᠎ᠶ᠋ᠢᠨ 《ᠬᠠᠲᠠᠭᠤ ᠬᠣᠯᠪᠣᠭᠠᠯᠠᠯ》 ᠢ᠋ ᠰᠠᠢᠲᠤᠷ ᠬᠢᠬᠦ᠌᠂ ᠳᠦᠷᠢᠮ᠎ᠦᠨ ᠪᠠᠷᠢᠮᠵᠢᠶ᠎ᠠ ᠵᠢᠨ 《ᠵᠥᠭᠡᠯᠡᠨ ᠬᠣᠯᠪᠣᠭᠠᠯᠠᠯ》 ᠢ᠋ ᠪᠣᠳᠠᠲᠠᠢᠵᠢᠭᠤᠯᠬᠤ᠂ ᠶᠠᠪᠤᠯᠴᠠᠭ᠎ᠠ ᠰᠣᠯᠢᠯᠴᠠᠭ᠎ᠠ᠎ᠶ᠋ᠢᠨ 《ᠰᠡᠳᠭᠢᠯ᠎ᠦᠨ ᠬᠣᠯᠪᠣᠭᠠᠯᠠᠯ》᠎ᠢ᠋ ᠳᠤᠯᠠᠭᠠᠴᠠᠭᠤᠯᠬᠤ᠂ ᠤᠯᠤᠰ᠎ᠤᠨ ᠭᠠᠳᠠᠭᠠᠳᠤ ᠨᠡᠭᠡᠭᠡᠯᠲᠡ᠎ᠶ᠋ᠢᠨ ᠶᠡᠬᠡ ᠨᠡᠪᠳᠡᠷᠡᠯ᠎ᠤᠨ ᠵᠠᠮ᠎ᠤᠨ ᠲᠤᠮᠤ ᠬᠦᠢᠰᠦ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠬᠤ᠎ᠳᠤ ᠬᠦᠴᠦᠲᠡᠢ ᠬᠥᠳᠡᠯᠭᠡᠭᠦᠷ ᠬᠠᠩᠭᠠᠬᠤ ᠪᠤᠯᠤᠨ᠎ᠠ᠃

ᠰᠤᠷᠪᠤᠯᠵᠢᠯᠠᠭ᠍ᠴᠢ᠄ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠨᠢ ᠢᠷᠡᠭᠡᠳᠦᠢ᠎ᠶᠢᠨ ᠪᠦᠲᠦᠭᠡᠨ ᠪᠠᠢᠭᠤᠯᠤᠯᠲᠠ᠎ᠲᠤᠮᠳᠠ ᠶᠠᠮᠠᠷᠰᠢᠤ  ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠵᠢ ᠲᠤᠭᠳᠠᠭᠠᠬᠤ ᠪᠣᠶ? ᠲᠡᠭᠦᠨ᠎ᠦ ᠭᠣᠣᠯ ᠡᠭᠦᠷᠭᠡ ᠨᠢ ᠶᠠᠭᠤ ᠪᠤᠢ?

ᠭᠦᠸᠧ ᠵᠧᠦ ᠮᠢᠩ᠄ ᠪᠢᠳᠡ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠨᠡᠢᠲᠡᠯᠡᠭᠰᠡᠨ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠢ ᠲᠥᠰᠥᠯ》 ᠪᠠ 《ᠤᠯᠤᠰ᠎ᠤᠨ ᠲᠥᠯᠥᠭᠡ ᠳᠦᠷᠢᠮ᠎ᠢ ᠲᠤᠷᠰᠢᠬᠤ᠂ ᠣᠷᠣᠨ ᠨᠤᠲᠤᠭ᠎ᠤᠨ ᠲᠥᠯᠥᠭᠡ ᠬᠦᠭᠵᠢᠯᠳᠡ ᠵᠢ ᠰᠤᠪᠢᠬᠤ》 ᠡᠭᠦᠷᠭᠡ ᠱᠠᠭᠠᠷᠳᠠᠯᠭ᠎ᠠ ᠶᠣᠰᠣᠭᠠᠷ  ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠬᠢᠨᠠᠮᠠᠭᠠᠢ ᠲᠤᠭᠤᠰᠢᠯᠠᠭᠤᠯᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ 《ᠳᠣᠲᠣᠭᠠᠳᠤ ᠭᠠᠳᠠᠭᠠᠳᠤ᠎ᠶᠢ ᠬᠣᠯᠪᠣᠭᠰᠠᠨ᠂ ᠬᠦᠷᠰᠢ ᠵᠡᠷᠭᠡᠯᠡᠳᠡᠭᠡ ᠵᠢ ᠨᠥᠯᠥᠭᠡᠯᠡᠭᠰᠡᠨ ᠮᠡᠳᠡᠭᠡ ᠵᠠᠩᠭᠢ᠎ᠶᠢᠨ ᠰᠣᠯᠢᠯᠴᠠᠭᠠᠨ᠎ᠤ ᠲᠥᠪ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠲᠥᠪ᠂ ᠴᠢᠬᠤᠯᠠ ᠬᠦᠴᠦᠰᠦ ᠵᠢᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠲᠥᠪ᠂ ᠭᠣᠣᠯᠳᠠᠯᠭ᠎ᠠ᠎ᠲᠠᠢ ᠬᠦᠷᠢᠶᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠪᠣᠯᠣᠨ ᠠᠵᠤ ᠦᠢᠯᠡᠰ᠎ᠦᠨ ᠬᠠᠮᠲᠤᠷᠠᠯᠴᠠᠭᠠᠨ᠎ᠤ ᠲᠥᠪ᠎ᠢ ᠪᠠᠢᠭᠤᠯᠵᠤ᠂ ᠬᠢᠯᠢ ᠳᠠᠭᠠᠤ ᠳᠣᠲᠣᠭᠠᠳᠤ ᠬᠠᠭᠤᠷᠠᠢ᠎ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠶᠢᠨ ᠥᠨᠳᠥᠷᠯᠢᠭ᠎ᠢ ᠪᠦᠲᠦᠭᠡᠨ ᠪᠠᠶ᠋ᠢᠭᠤᠯᠬᠤ ᠪᠠ ᠪᠦᠬᠦ ᠤᠯᠤᠰ᠎ᠤᠨ ᠴᠢᠨᠠᠷ ᠰᠠᠢᠲᠠᠢ ᠬᠥᠭᠵᠢᠯᠲᠡ᠎ᠵᠢᠨ ᠵᠢᠱ᠌ᠢᠶ᠎ᠡ ᠦᠵᠡᠭᠦᠯᠬᠦ ᠣᠷᠣᠨ ᠪᠦᠰᠡ᠎ᠳ᠋ᠤ ᠦᠢᠯᠡᠴᠢᠯᠡᠵᠦ᠂ ᠬᠢᠯᠢ ᠬᠢᠵᠠᠭᠠᠷ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠂ ᠬᠦᠷᠰᠢ ᠵᠡᠷᠭᠡᠯᠡᠳᠡᠭᠡ ᠪᠠᠨ ᠲᠥᠯᠥᠪᠯᠡᠬᠦ᠂ ᠪᠦᠬᠦ ᠤᠯᠤᠰ᠎ᠲᠤ ᠦᠢᠯᠡᠴᠢᠯᠡᠬᠦ ᠪᠠᠢᠯᠳᠤᠬᠤ ᠪᠣᠳᠣᠯᠭ᠎ᠠ᠎ᠶᠢᠨ ᠲᠤᠯᠬᠤ ᠴᠡᠭ᠎ᠢ ᠪᠤᠢ ᠪᠤᠯᠭᠠᠬᠤ》 ᠡᠨᠡᠬᠦ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ 《ᠪᠡᠯᠡ ᠣᠷᠣᠭᠤᠯᠵᠤ ᠠᠷᠠᠯᠵᠢᠶ᠎ᠠ ᠬᠢᠬᠦ ᠳ᠋ᠤ ᠳᠥᠭᠥᠮ ᠳᠥᠲᠡ᠂ ᠰᠢᠨ᠎ᠡ᠎ᠶᠢ ᠡᠭᠦᠳᠬᠦ ᠠᠮᠢ ᠠᠬᠤᠢ ᠰᠠᠢᠨ ᠰᠠᠢᠬᠠᠨ᠂ ᠳᠠᠪᠠᠭᠤᠯᠢᠭ᠋ ᠠᠵᠤ ᠦᠢᠯᠡᠰ ᠲᠥᠪᠯᠡᠷᠡᠭᠰᠡᠨ᠂ ᠤᠯᠠᠨ ᠤᠯᠤᠰ᠎ᠤᠨ ᠶᠠᠪᠤᠯᠴᠠᠭ᠎ᠠ ᠬᠥᠭᠵᠢᠶᠡᠨᠲᠡᠢ ᠪᠠᠢᠬᠤ》 ᠥᠨᠳᠥᠷ ᠲᠦᠪᠰᠢᠨ᠎ᠪᠦᠬᠦᠢ ᠴᠢᠯᠦᠭᠡᠲᠦ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠬᠥᠭᠵᠢᠯᠲᠡ᠎ᠶᠢᠨ ᠬᠠᠷᠠᠯᠲᠠ᠎ᠵᠢᠨ ᠲᠤᠭᠤᠷᠢᠨ ᠳ᠋ᠤ᠂ ᠠᠩᠬᠠᠨ᠎ᠤ ᠡᠬᠦᠳᠦᠯᠳᠡ ᠵᠢᠨ ᠴᠢᠨᠠᠷᠲᠠᠢ᠂ ᠬᠤᠷᠠᠮᠠᠯ ᠮᠠᠶᠢᠭ᠋᠎ᠤᠨ᠂ ᠵᠦᠷᠢᠶᠡᠴᠢᠯᠡᠭᠰᠡᠨ ᠬᠠᠢᠨ ᠰᠦᠪᠡᠭᠴᠢᠯᠡᠯᠲᠡ᠎ᠶᠢ ᠭᠦᠨᠵᠡᠭᠡᠢ ᠥᠷᠨᠢᠭᠦᠯᠵᠦ᠂ ᠳᠦᠷᠢᠮ᠎ᠦᠨ ᠰᠢᠨ᠎ᠡ᠎ᠶᠢ ᠡᠭᠦᠳᠬᠦ᠎ᠶᠢ ᠬᠦᠴᠦᠯᠡᠨ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠪᠦᠲᠦᠭᠡᠨ ᠪᠠᠢᠭᠤᠯᠤᠨ᠎ᠠ᠃

ᠰᠤᠷᠪᠤᠯᠵᠢᠯᠠᠭ᠍ᠴᠢ᠄ ᠵᠢᠷᠤᠭ ᠲᠥᠰᠥᠪ ᠨᠢᠭᠡᠨᠲᠡ ᠵᠢᠷᠤᠭᠯᠠᠭᠳᠠᠪᠠ᠂ ᠵᠠᠩᠭᠢᠯᠠᠭ᠎ᠠ ᠨᠢ ᠨᠠᠢᠳᠠᠪᠤᠷᠢᠵᠢᠭᠤᠯᠬᠤ᠎ᠳᠤ ᠪᠤᠢ᠃ ᠪᠣᠳᠠᠲᠠᠢ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠪᠠ ᠠᠵᠢᠯᠯᠠᠭᠠᠨ᠎ᠤ ᠲᠣᠭᠲᠠᠴᠠ᠎ᠶᠢᠨ ᠲᠠᠯ᠎ᠠ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠠᠵᠢᠯ᠎ᠢ ᠥᠨᠳᠥᠷ ᠪᠦᠲᠦᠮᠵᠢᠲᠡᠶ᠎ᠪᠡᠷ ᠲᠦᠯᠬᠢᠨ ᠠᠬᠢᠭᠤᠯᠬᠤ᠎ᠶᠢ ᠬᠡᠷᠬᠢᠨ ᠪᠠᠲᠤᠯᠠᠬᠤ ᠪᠣᠶ?

ᠭᠦᠸᠧ ᠵᠧᠦ ᠮᠢᠩ᠄  ᠡᠩ ᠲᠡᠷᠢᠭᠦᠨ᠎ᠳᠦ ᠪᠠᠢᠭᠤᠯᠤᠮᠵᠢ ᠲᠣᠭᠲᠠᠴᠠ᠎ᠶᠢ ᠲᠡᠭᠦᠯᠳᠡᠷᠵᠢᠭᠦᠯᠵᠦ᠂ ᠪᠠᠲᠤᠯᠠᠭ᠎ᠠ ᠲᠤᠯᠭᠠᠭᠤᠷᠢᠯᠠᠯ᠎ᠢ ᠴᠢᠩᠭᠠᠳᠬᠠᠨ᠎ᠠ᠃  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠵᠢᠯᠣᠭᠣᠳᠤᠯᠭ᠎ᠠ ᠬᠦᠴᠦᠲᠡᠢ᠂ ᠵᠣᠬᠢᠴᠠᠭᠤᠯᠭ᠎ᠠ ᠰᠢᠯᠤᠭᠤᠨ᠂ ᠠᠵᠢᠯᠯᠠᠭᠠᠨ ᠥᠨᠳᠥᠷ ᠪᠦᠲᠦᠮᠵᠢᠲᠡᠶ》 ᠤᠳᠤᠷᠢᠳᠬᠤ ᠪᠠᠢᠭᠤᠯᠤᠮᠵᠢ᠎ᠶᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠶᠢᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ᠎ᠶᠢ ᠪᠠᠢᠭᠤᠯᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠬᠣᠯᠪᠣᠭᠳᠠᠯ ᠪᠦᠬᠦᠢ ᠠᠵᠢᠯ᠎ᠢ ᠵᠣᠬᠢᠶᠠᠨ ᠪᠠᠢᠭᠤᠯᠤᠨ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂  ᠳᠣᠣᠷ᠎ᠠ ᠨᠢ ᠠᠷᠠᠯᠵᠢᠶᠠᠨ᠎ᠤ ᠪᠡᠯᠡ ᠣᠷᠣᠭᠤᠯᠤᠯᠲᠠ᠂ ᠪᠣᠭᠣᠮᠲᠠ᠎ᠪᠠᠷ ᠥᠩᠭᠡᠷᠡᠬᠦ᠂ ᠣᠲᠣ᠌ ᠦᠶ᠎ᠡ᠎ᠶᠢᠨ ᠠᠵᠤ ᠦᠢᠯᠡᠰ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠮᠥᠩᠭᠥᠨ ᠭᠦᠢᠯᠭᠡᠭᠡᠨ᠎ᠦ ᠦᠢᠯᠡᠴᠢᠯᠡᠭᠡ ᠵᠡᠷᠭᠡ 5 ᠲᠤᠰᠬᠠᠢ ᠰᠡᠳᠦᠪᠲᠦ ᠠᠵᠢᠯ᠎ᠤᠨ ᠳᠤᠭᠤᠢᠯᠠᠩ᠎ᠢ ᠪᠠᠢᠭᠤᠯᠵᠤ᠂ ᠠᠵᠢᠯ᠎ᠤᠨ ᠬᠤᠪᠢᠶᠠᠷᠢᠯᠠᠯ ᠲᠣᠳᠣᠷᠬᠠᠢ᠂ ᠬᠠᠮᠵᠢᠯᠴᠠᠨ ᠠᠬᠢᠭᠤᠯᠤᠭᠰᠠᠨ ᠠᠵᠢᠯ᠎ᠤᠨ ᠪᠠᠢᠷᠢᠰᠢᠯ᠎ᠢ ᠪᠦᠷᠢᠯᠳᠦᠭᠦᠯᠦᠨ᠎ᠡ᠃ 《ᠲᠦᠬᠦᠮ ᠲᠦᠳᠡ ᠥᠨᠳᠥᠷ ᠦᠷ᠎ᠡ ᠪᠦᠲᠦᠮᠵᠢᠲᠡᠶ᠂ ᠡᠷᠬᠡ ᠬᠠᠷᠢᠭᠤᠴᠠᠯᠭ᠎ᠠ ᠲᠣᠳᠣᠷᠬᠠᠢ》 ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠶᠢᠨ ᠬᠠᠮᠢᠶᠠᠷᠤᠯᠲᠠ᠎ᠶᠢᠨ ᠪᠠᠢᠭᠤᠯᠤᠮᠵᠢ ᠪᠠ ᠬᠡᠰᠡᠭ ᠣᠷᠣᠨ᠎ᠤ ᠲᠠᠰ ᠳᠠᠪᠬᠤᠷᠭ᠎ᠠ᠎ᠶᠢᠨ ᠬᠠᠮᠢᠶᠠᠷᠤᠯᠲᠠ᠎ᠶᠢᠨ ᠪᠠᠢᠭᠤᠯᠤᠮᠵᠢ᠎ᠶᠢ ᠪᠠᠢᠭᠤᠯᠤᠨ᠂ ᠭᠠᠪᠰᠢᠭᠠᠢ ᠲᠤᠰᠬᠠᠢ ᠮᠡᠷᠭᠡᠵᠢᠯ᠎ᠦᠨ ᠺᠠᠳ᠋ᠷ᠎ᠤᠨ ᠡᠩᠨᠡᠭᠡ᠎ᠶᠢ ᠲᠣᠬᠢᠷᠠᠭᠤᠯᠵᠤ᠂ ᠳᠡᠭᠡᠳᠦ ᠳᠣᠣᠷᠠᠳᠤ ᠱᠠᠲᠤ ᠬᠣᠯᠪᠤᠭᠠᠯᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠠᠮᠵᠢᠯᠴᠠᠬᠤ᠂ ᠰᠢᠰᠲᠧᠮ ᠪᠠ ᠬᠡᠰᠡᠭ᠎ᠢ ᠤᠶᠠᠯᠳᠤᠭᠤᠯᠬᠤ᠂ ᠲᠥᠷᠥ᠎ᠶᠢᠨ ᠪᠣᠳᠣᠯᠭ᠎ᠠ᠎ᠶᠢᠨ ᠬᠡᠯᠪᠡᠷᠢᠯ ᠨᠢᠭᠡᠳᠦᠯᠲᠡᠢ᠂ ᠥᠭᠡᠷᠡᠴᠢᠯᠡᠯᠲᠡ᠎ᠶᠢᠨ ᠦᠷ᠎ᠡ ᠪᠦᠲᠦᠮᠵᠢ᠎ᠶᠢ ᠬᠠᠷᠢᠯᠴᠠᠨ ᠠᠬᠢᠭᠤᠯᠬᠤ ᠪᠠᠢᠭᠤᠯᠤᠮᠵᠢ ᠲᠣᠭᠲᠠᠴᠠ᠎ᠶᠢ ᠪᠣᠶ ᠪᠣᠯᠭᠠᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠪᠠᠲᠤ ᠪᠡᠬᠢ ᠰᠠᠭᠤᠷᠢ ᠪᠠᠲᠤᠯᠠᠭ᠎ᠠ᠎ᠶᠢ ᠬᠠᠩᠭᠠᠨ᠎ᠠ᠃

ᠰᠤᠷᠪᠤᠯᠵᠢᠯᠠᠭ᠍ᠴᠢ᠄ ᠦᠵᠦ ᠲᠥᠯᠥᠪᠯᠡᠭᠡ ᠪᠣᠯ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ 《ᠪᠠᠷᠢᠯᠭ᠎ᠠ᠎ᠶᠢᠨ ᠵᠢᠷᠤᠭ》 ᠪᠣᠯᠣᠨ᠎ᠠ᠃ ᠲᠠᠷᠠᠭᠠᠴᠢ᠎ᠶᠢᠨ ᠬᠡᠷᠡᠭᠵᠢᠭᠦᠯᠬᠦ ᠲᠥᠰᠥᠯ ᠪᠠ ᠪᠣᠳᠠᠲᠠᠢ ᠬᠡᠷᠡᠭᠵᠢᠭᠦᠯᠬᠦ ᠳᠠᠪᠬᠤᠷᠭ᠎ᠠ᠎ᠳᠤ ᠪᠢᠳᠡ ᠬᠡᠷᠬᠢᠨ ᠨᠢᠭᠡᠳᠦᠯᠲᠡᠢ ᠲᠥᠯᠦᠪᠵᠢᠭᠦᠯᠭᠡ ᠬᠢᠭᠡᠳ ᠵᠦᠷᠢᠶᠡᠴᠢᠯᠡᠭᠰᠡᠨ ᠰᠦᠪᠡᠭᠴᠢᠯᠡᠯᠲᠡ᠎ᠶᠢ ᠰᠠᠢᠲᠤᠷ ᠬᠢᠬᠦ ᠪᠣᠶ?

ᠭᠦᠸᠧ ᠵᠧᠦ ᠮᠢᠩ᠄ ᠪᠢᠳᠡ ᠦᠵᠦ ᠲᠥᠯᠥᠪᠯᠡᠭᠡ᠎ᠶᠢ ᠴᠢᠩᠭᠠᠳᠬᠠᠵᠤ᠂ ᠪᠦᠲᠦᠭᠡᠨ ᠪᠠᠢᠭᠤᠯᠤᠯᠳᠠ ᠵᠢ ᠨᠢᠭᠡᠳᠦᠯᠳᠡᠢ ᠲᠦᠯᠦᠪᠯᠡᠬᠦ ᠵᠢ ᠬᠡᠷᠡᠭᠵᠢᠭᠦᠯᠦᠨ᠎ᠡ᠃ 《ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ》᠎ᠢ᠋ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠳᠡᠭᠡᠭᠰᠢᠯᠡᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠡᠭᠦᠷᠭᠡ᠎ᠪᠡᠷ ᠵᠢᠯᠣᠭᠣᠳᠤᠮᠵᠢ ᠪᠣᠯᠭᠠᠵᠤ᠂ ᠥᠭᠡᠷᠡᠴᠢᠯᠡᠯᠲᠡ᠎ᠶᠢᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠪᠥᠬᠥ ᠬᠦᠴᠦᠨ᠎ᠢᠶᠡᠷ ᠠᠬᠢᠭᠤᠯᠤᠨ᠎ᠠ᠃ ᠭᠤᠷᠪᠠᠨ ᠬᠡᠰᠡᠭ ᠣᠷᠣᠨ᠎ᠢ ᠵᠢᠯᠤᠭᠣᠳᠴᠤ ᠪᠠᠢᠭᠠᠳ ᠡᠮᠦᠨᠡᠬᠢ ᠬᠤᠭᠤᠴᠠᠭᠠᠨ᠎ᠤ ᠨᠥᠭᠡᠴᠡᠯᠡᠭᠰᠡᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠰᠢᠨ᠎ᠡ᠎ᠶᠢ ᠡᠭᠦᠳᠦᠨ ᠬᠥᠭᠵᠢᠬᠦ ᠵᠢᠨ ᠲᠤᠭᠤᠷᠢᠨ ᠳ᠋ᠸ᠋᠂ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠤᠯᠭᠠᠵᠤ᠂ RCEP ᠵᠡᠷᠭᠡ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠢ ᠵᠤᠯᠭᠠᠭᠤᠯᠤᠨ᠂ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠩᠬᠠᠨ᠎ᠤ ᠡᠭᠦᠳᠦᠯᠲᠡ᠎ᠶᠢᠨ ᠴᠢᠨᠠᠷᠲᠠᠢ᠂ ᠬᠤᠷᠠᠮᠠᠯ ᠮᠠᠶᠢᠭ᠋᠎ᠤᠨ᠂ ᠵᠦᠷᠢᠶᠡᠴᠢᠯᠡᠭᠰᠡᠨ ᠰᠦᠪᠡᠭᠴᠢᠯᠡᠯᠲᠡ᠎ᠶᠢ ᠥᠷᠨᠢᠭᠦᠯᠵᠦ᠂ ᠳᠦᠷᠢᠮ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠴᠠᠭ ᠲᠤᠬᠠᠢ ᠳ᠋ᠤᠨᠢ ᠳ᠋ᠦᠩᠨᠡᠵᠦ᠂ 《ᠥᠪᠥᠷ ᠮᠣᠩᠭᠣᠯ᠎ᠤᠨ ᠲᠤᠷᠰᠢᠯᠭ᠎ᠠ》ᠵᠢ ᠰᠢᠷᠭᠠᠭᠠᠵᠤ ᠪᠣᠯᠪᠠᠰᠤᠷᠠᠭᠤᠯᠤᠨ ᠪᠦᠷᠢᠯᠳᠦᠭᠦᠯᠦᠨ᠎ᠡ᠃ ᠡᠭᠦᠨ᠎ᠦ ᠬᠠᠮᠲᠤ ᠪᠢᠳᠡ ᠬᠣᠯᠪᠤᠭᠠᠯᠠᠨ ᠬᠦᠳᠡᠯᠦᠯᠴᠡᠵᠦ ᠬᠦᠭᠵᠢᠬᠦ ᠣᠷᠣᠨ᠎ᠢ ᠢᠳᠡᠪᠬᠢᠲᠡᠢ ᠲᠥᠯᠥᠪᠵᠢᠭᠦᠯᠦᠨ ᠪᠠᠢᠭᠤᠯᠵᠤ᠂ ᠶᠡᠷᠦᠩᠬᠡᠢ ᠳ᠋ᠦ᠍ᠨᠢ ᠲᠥᠯᠥᠪᠵᠢᠭᠦᠯᠬᠦ᠂ ᠠᠯᠬᠤᠮ ᠬᠤᠪᠢᠶᠠᠨ ᠬᠡᠷᠡᠭᠵᠢᠭᠦᠯᠬᠦ ᠵᠠᠷᠴᠢᠮ᠎ᠢ ᠪᠠᠷᠢᠮᠲᠠᠯᠠᠵᠤ᠂ ᠬᠣᠯᠪᠤᠭᠠᠯᠠᠨ ᠬᠦᠳᠡᠯᠦᠯᠴᠡᠵᠦ ᠬᠥᠭᠵᠢᠬᠦ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠪᠦᠯᠦᠭ ᠤᠳᠠᠭ᠎ᠠ ᠬᠤᠪᠢᠶᠠᠨ ᠥᠷᠨᠢᠭᠦᠯᠵᠦ᠂ 《ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠤᠷᠢᠳ᠎ᠢᠶᠠᠷ ᠬᠡᠷᠡᠭᠵᠢᠭᠦᠯᠵᠦ ᠤᠷᠢᠳ᠎ᠢᠶᠠᠷ ᠲᠤᠷᠰᠢᠬᠤ᠂ ᠬᠣᠯᠪᠤᠭᠠᠯᠠᠨ ᠬᠦᠳᠡᠯᠦᠯᠴᠡᠵᠦ ᠬᠥᠭᠵᠢᠬᠦ ᠣᠷᠣᠨ᠎ᠢ ᠲᠡᠷᠡ ᠬᠡᠪ᠎ᠢᠶᠡᠷ ᠨᠢ ᠳᠡᠯᠭᠡᠷᠡᠭᠦᠯᠬᠦ》 ᠱᠠᠲᠤᠯᠢᠭ᠋ ᠠᠬᠢᠭᠤᠯᠬᠤ ᠵᠠᠭᠪᠤᠷ᠎ᠢ ᠰᠦᠪᠡᠭᠴᠢᠯᠡᠨ ᠪᠦᠷᠢᠯᠳᠦᠭᠦᠯᠵᠦ᠂ ᠦᠷᠭᠦᠯᠵᠢᠯᠡᠨ ᠴᠡᠭ᠎ᠢᠶᠡᠨ ᠴᠢᠩᠭᠠᠳᠬᠠᠵᠤ᠂ ᠬᠡᠪᠴᠢᠶ᠎ᠡ᠎ᠪᠡᠨ ᠥᠷᠭᠡᠳᠬᠡᠵᠦ᠂ ᠶᠠᠰᠤ ᠴᠢᠨᠠᠷ᠎ᠢᠶᠠᠨ ᠳᠡᠭᠡᠭᠰᠢᠯᠡᠭᠦᠯᠦᠨ᠎ᠡ᠃

ᠰᠤᠷᠪᠤᠯᠵᠢᠯᠠᠭ᠍ᠴᠢ᠄ ᠨᠢᠭᠡ ᠭᠠᠵᠠᠷ ᠣᠷᠣᠨ᠎ᠤ ᠨᠡᠬᠡᠬᠡᠯᠳᠡ ᠵᠢᠨ ᠳᠦᠷᠢ ᠲᠥᠷᠬᠦ ᠨᠢ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ᠎ᠳᠤ ᠲᠤᠢᠯ᠎ᠤᠨ ᠴᠢᠬᠤᠯᠠ ᠶᠤᠮ᠃ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠨᠡᠢᠭᠡᠮ᠎ᠦᠨ ᠨᠥᠯᠥᠭᠡᠯᠡᠬᠦ ᠬᠦᠴᠦᠨ᠎ᠢ ᠤᠬᠠᠭᠤᠯᠤᠨ ᠲᠠᠨᠢᠯᠴᠠᠭᠤᠯᠬᠤ ᠪᠠ ᠳᠡᠭᠡᠭᠰᠢᠯᠡᠭᠦᠯᠬᠦ ᠲᠠᠯ᠎ᠠ᠎ᠪᠠᠷ ᠪᠢᠳᠡ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ᠎ᠪᠡᠷ ᠠᠵᠤ ᠠᠬᠤᠢᠯᠠᠯ ᠪᠠ ᠴᠢᠳᠠᠪᠤᠷᠢᠲᠠᠨ᠎ᠤ ᠠᠩᠬᠠᠷᠤᠯ᠎ᠢ ᠲᠠᠲᠠᠬᠤ ᠪᠣᠶ?

ᠭᠦᠸᠧ ᠵᠧᠦ ᠮᠢᠩ᠄ ᠪᠢᠳᠡ ᠪᠥᠬᠥ ᠲᠠᠯ᠎ᠠ᠎ᠶᠢᠨ᠂ ᠣᠯᠠᠨ ᠲᠠᠰ ᠳᠠᠪᠬᠤᠷᠭ᠎ᠠ᠎ᠶᠢᠨ᠂ ᠪᠣᠰᠣᠭ᠎ᠠ ᠴᠣᠭᠴᠠᠲᠤ ᠮᠠᠶᠢᠭ᠋᠎ᠤᠨ ᠤᠬᠠᠭᠤᠯᠭ᠎ᠠ᠎ᠶᠢᠨ ᠠᠵᠢᠯᠯᠠᠭ᠎ᠠ᠎ᠶᠢ ᠥᠷᠨᠢᠭᠦᠯᠵᠦ᠂ ᠥᠭᠡᠷᠡᠴᠢᠯᠡᠯᠲᠡ᠎ᠶᠢᠨ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠲᠠᠢᠯᠤᠮᠵᠢ᠎ᠶᠢ ᠦᠷᠭᠦᠯᠵᠢᠯᠡᠨ ᠴᠢᠩᠭᠠᠳᠬᠠᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠥᠪᠡᠷᠮᠢᠴᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠂ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠡᠭᠦᠷᠭᠡ᠂ ᠳᠦᠷᠢᠮ᠎ᠦᠨ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ᠎ᠶᠢᠨ ᠲᠣᠭᠣᠷᠢᠨ᠎ᠳᠤ᠂ ᠲᠤᠰᠬᠠᠢ ᠮᠡᠷᠭᠡᠵᠢᠯᠲᠡᠨ᠎ᠦ ᠰᠣᠷᠪᠤᠯᠵᠢᠯᠠᠭ᠎ᠠ᠂ ᠰᠢᠭᠦᠮᠵᠢ ᠵᠢᠨ ᠵᠣᠬᠢᠶᠠᠯ᠂ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠵᠡᠷᠭᠡ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢᠨ ᠠᠷᠭ᠎ᠠ ᠬᠡᠯᠪᠡᠷᠢ᠎ᠪᠡᠷ ᠲᠠᠮᠵᠢᠨ ᠴᠢᠭᠯᠡᠬᠦᠯᠦᠯᠳᠦ ᠴᠢᠨᠠᠷᠲᠠᠢ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠲᠠᠨᠢᠯᠴᠠᠭᠤᠯᠭ᠎ᠠ ᠦᠷᠨᠢᠬᠦᠯᠵᠦ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠬᠦᠷᠲᠡᠮᠵᠢ᠎ᠶᠢᠨ ᠲᠥᠷᠥᠭᠳᠡᠯ᠎ᠢ ᠳᠡᠭᠡᠭᠰᠢᠯᠡᠭᠦᠯᠵᠦ᠂ ᠠᠵᠤ ᠠᠬᠤᠢᠯᠠᠯ᠎ᠢ 《ᠦᠵᠡᠵᠦ ᠤᠢᠯᠠᠭᠠᠬᠤ᠂ ᠬᠡᠷᠡᠭᠯᠡᠵᠦ ᠲᠡᠢᠯᠬᠦ》 ᠪᠤᠯᠭᠠᠨ᠎ᠠ᠃ ᠠᠯᠪᠠᠨ᠎ᠤ ᠰᠦᠯᠵᠢᠶ᠎ᠡ᠂ ᠴᠤᠤᠷᠢᠶ᠎ᠠ᠂ ᠥᠨᠥᠳᠥᠷ᠎ᠦᠨ ᠲᠡᠷᠢᠭᠦᠨ ᠵᠤᠷᠪᠤᠰ ᠤ᠋ᠨ 《ᠨᠢᠭᠡ ᠰᠦᠯᠵᠢᠶ᠎ᠡ ᠬᠣᠶᠠᠷ ᠳ᠋ᠤᠭᠠᠷ》 ᠤ᠋ᠨ ᠳᠠᠮᠵᠢᠭᠤᠯᠭ᠎ᠠ᠎ᠶᠢᠨ ᠵᠢᠭ᠍ᠰᠠᠭᠠᠯ ᠎ᠢ ᠰᠠᠢᠳᠤᠷ ᠬᠡᠷᠡᠭᠯᠡᠵᠦ᠂ ᠪᠦᠲᠦᠭᠡᠨ ᠪᠠᠢᠭᠤᠯᠤᠯᠲᠠ᠎ᠶᠢᠨ ᠪᠠᠢᠳᠠᠯ᠂ ᠥᠭᠡᠷᠡᠴᠢᠯᠡᠯᠲᠡ᠎ᠶᠢᠨ ᠠᠬᠢᠴᠠ ᠪᠠ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠨᠡᠢᠭᠡᠮ᠎ᠦᠨ ᠮᠡᠳᠡᠷᠡᠮᠵᠢ᠂ ᠨᠥᠯᠥᠭᠡᠯᠡᠬᠦ ᠬᠦᠴᠦᠨ ᠪᠠ ᠲᠠᠲᠠᠬᠤ ᠬᠦᠴᠦᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠨᠡᠭᠡᠭᠡᠯᠲᠡ ᠬᠢᠵᠦ ᠰᠢᠨ᠎ᠡ᠎ᠶᠢ ᠡᠭᠦᠳᠬᠦ᠂ ᠠᠵᠢᠯ ᠬᠢᠵᠦ ᠦᠢᠯᠡᠰ ᠪᠤᠰᠬᠠᠬᠤ ᠰᠠᠢᠨ ᠰᠠᠢᠬᠠᠨ ᠳᠦᠷᠢ ᠲᠥᠷᠬᠦ᠎ᠶᠢ ᠤᠯᠠᠮ ᠨᠢᠭᠡ ᠠᠯᠬᠤᠮ ᠪᠣᠶ ᠪᠣᠯᠭᠠᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠭᠦᠨ ᠵᠤᠵᠠᠭᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠪᠣᠶ ᠪᠣᠯᠭᠠᠵᠤ᠂ ᠨᠠᠩ ᠣᠯᠠᠨ ᠠᠵᠤ ᠠᠬᠤᠢᠯᠠᠯ᠎ᠤᠨ ᠥᠪᠥᠷ ᠮᠣᠩᠭᠣᠯ᠎ᠢ ᠠᠩᠬᠠᠷᠬᠤ᠂ ᠥᠪᠥᠷ ᠮᠣᠩᠭᠣᠯ᠎ᠳᠤ ᠪᠡᠯᠡ ᠣᠷᠣᠭᠤᠯᠬᠤ᠎ᠶᠢ ᠲᠠᠲᠠᠨ᠎ᠠ᠃

ᠰᠤᠷᠪᠤᠯᠵᠢᠯᠠᠭ᠍ᠴᠢ᠄ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ ᠪᠣᠯ ᠨᠢᠭᠡᠨ ᠲᠤᠰᠭᠠᠶ ᠮᠡᠷᠭᠡᠵᠢᠯ᠎ᠦᠨ ᠴᠢᠨᠠᠷ᠎ᠢᠶᠠᠷ ᠲᠤᠢᠯ᠎ᠤᠨ ᠴᠢᠩᠭ᠎ᠠ ᠠᠵᠢᠯ ᠮᠦᠨ᠃ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ ᠪᠠ ᠣᠶᠤᠨ᠎ᠤ ᠲᠤᠯᠭᠠᠭᠤᠷᠢᠯᠠᠯ᠎ᠤᠨ ᠲᠠᠯ᠎ᠠ᠎ᠪᠠᠷ  ᠪᠢᠳᠡ ᠬᠡᠷᠬᠢᠨ ᠳᠤᠲᠠᠭᠤᠳᠠᠯ᠎ᠢᠶᠠᠨ ᠨᠥᠬᠥᠪᠥᠷᠢᠯᠡᠵᠦ᠍᠂ ᠲᠤᠰᠭᠠᠶ ᠮᠡᠷᠭᠡᠵᠢᠯ᠎ᠦᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠪᠣᠶ?

ᠭᠦᠸᠧ ᠵᠧᠸ᠋ ᠮᠢᠩ᠄ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠃ ᠪᠢᠳᠠ ᠤᠶᠤᠨ᠎ᠤ ᠬᠥᠮᠥᠷᠭᠡ᠎ᠶ᠋ᠢᠨ ᠡᠬᠢ ᠪᠠᠶᠠᠯᠢᠭ᠎ᠢ ᠬᠣᠯᠪᠣᠵᠤ᠂ ᠢᠯᠠᠩᠭᠤᠶ᠎ᠠ ᠪᠡᠭᠡᠵᠢᠩ᠎ᠡᠴᠡ ᠤᠢᠷᠠᠬᠠᠨ ᠪᠠᠢᠬᠤ ᠳᠠᠪᠠᠭᠤᠯᠢᠭ ᠵᠢᠨᠨ ᠪᠠᠳᠠᠷᠠᠭᠤᠯᠵᠤ᠂ ᠨᠡᠢᠰᠯᠡᠯ᠎ᠦᠨ ᠤᠶᠤᠨ᠎ᠤ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠠᠬ᠎ᠠ ᠳᠡᠭᠦᠦ ᠮᠤᠵᠢ ᠣᠷᠣᠨ᠎ᠯᠤᠭ᠎ᠠ᠎ᠶ᠋ᠢᠨ ᠰᠣᠯᠢᠯᠴᠠᠭ᠎ᠠ ᠲᠤᠯᠢᠳᠠᠯ᠎ᠢᠶᠠᠨ ᠴᠢᠩᠭᠠᠳᠭᠠᠵᠤ᠂ ᠲᠦᠷᠢᠮ᠎ᠦᠨ ᠱᠢᠨ᠎ᠡ᠎ᠶ᠋ᠢ ᠡᠭᠦᠳᠬᠦ᠌ ᠠᠯᠤᠰ ᠬᠡᠳᠤ᠎ᠶ᠋ᠢᠨ ᠰᠤᠳᠤᠯᠭᠠᠨ᠎ᠢ ᠴᠢᠩᠭᠠᠳᠭᠠᠠ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠳᠤ ᠤᠶᠤᠨ᠎ᠤ ᠲᠤᠯᠭᠠᠭᠤᠷᠢᠯᠠᠯ ᠬᠠᠩᠭᠠᠨ᠎ᠠ᠃ ᠡᠭᠦᠨ᠎ᠦ ᠬᠠᠮᠲᠤ ᠴᠢᠳᠠᠪᠤᠷᠢᠲᠠᠨ᠎ᠤ ᠡᠩᠨᠡᠭᠡ᠎ᠵᠢ ᠬᠦᠮᠦᠵᠢᠬᠦᠯᠬᠦ ᠪᠠᠢᠭᠤᠯᠤᠯᠲᠠ᠎ᠶ᠋ᠢ ᠰᠠᠢᠲᠤᠷ ᠬᠢᠵᠦ᠍᠂ ᠪᠠᠢᠩᠭᠤᠵᠢᠭᠰᠠᠨ ᠪᠣᠯᠪᠠᠰᠤᠷᠠᠯ᠎ᠤᠨ ᠲᠣᠭ᠍ᠲᠠᠴᠠ᠎ᠶ᠋ᠢ ᠪᠠᠢᠭᠤᠯᠤᠨ᠂ ᠲᠤᠰᠭᠠᠶ ᠰᠡᠳᠦᠪᠲᠦ ᠲᠠᠢᠯᠤᠮᠵᠢ᠂ ᠲᠤᠰᠭᠠᠶ ᠲᠥᠷᠥᠯ᠎ᠦᠨ ᠪᠣᠯᠪᠠᠰᠤᠷᠠᠯ᠂ ᠪᠠᠢᠴᠠᠭᠠᠨ ᠰᠤᠳᠤᠯᠵᠤ ᠰᠤᠷᠤᠯᠴᠠᠬᠤ ᠵᠡᠷᠭᠡ ᠬᠡᠯᠪᠡᠷᠢ᠎ᠪᠡᠷ 《ᠤᠷᠢᠵᠤ ᠠᠪᠴᠢᠷᠠᠬᠤ》 ᠪᠠ 《ᠭᠠᠷᠴᠤ᠌ ᠶᠠᠪᠤᠬᠤ》 ᠶ᠋ᠢ ᠬᠠᠷᠢᠯᠴᠠᠨ ᠤᠶᠠᠯᠳᠤᠭᠤᠯᠵᠤ᠂ ᠰᠦᠯᠵᠢᠶᠡᠨ ᠲᠡᠭᠡᠷᠡᠬᠢ ᠪᠠ ᠪᠤᠲᠠᠲᠤ ᠴᠤᠭᠴᠠ ᠵᠢ ᠤᠶᠠᠯᠳᠤᠭᠤᠯᠵᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠲᠥᠷᠥ᠎ᠶ᠋ᠢᠨ ᠪᠣᠳᠣᠯᠭ᠎ᠠ᠎ᠶ᠋ᠢᠨ ᠴᠢᠳᠠᠪᠤᠷᠢ ᠪᠠ ᠪᠣᠳᠠᠲᠤ ᠠᠵᠢᠯ᠎ᠤᠨ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠥᠨᠳᠥᠷ ᠬᠡᠪ ᠴᠢᠨᠠᠷ ᠪᠥᠬᠥᠶ ᠲᠤᠰᠭᠠᠢᠵᠢᠭ᠍ᠰᠠᠨ ᠺᠠᠳ᠋ᠷ᠎ᠤᠨ ᠡᠩᠨᠡᠭᠡ᠎ᠶ᠋ᠢ ᠪᠠᠢᠭᠤᠯᠤᠨ᠎ᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠬᠤ ᠠᠬᠢᠴᠠ ᠳᠤᠮᠳᠠ᠂ ᠪᠢᠳᠡ ᠵᠥᠪ ᠣᠨᠣᠪᠴᠢᠲᠠᠢ ᠠᠵᠢᠯ᠎ᠤᠨ ᠪᠦᠳᠦᠮᠵᠢ᠎ᠶ᠋ᠢᠨ ᠦᠵᠡᠯᠲᠡ᠎ᠶ᠋ᠢ ᠪᠠᠲᠤ ᠪᠤᠢ ᠪᠣᠯᠭᠠᠵᠤ᠂ 《ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭ᠍ᠰᠢᠯᠠᠵᠤ᠂ ᠵᠣᠷᠢᠭ᠍ᠰᠠᠨ᠎ᠳᠠᠭᠠᠨ ᠵᠠᠪᠠᠯ ᠬᠦᠷᠬᠦ᠌》ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠵᠠᠮ ᠨᠡᠭᠡᠭᠡᠨ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠰᠠᠢ᠌ᠨ ᠡᠬᠢᠯᠡᠯᠲᠡ᠎ᠲᠡᠶ ᠰᠠᠢ᠌ᠨ ᠠᠯᠬᠤᠭ᠎ᠠ᠎ᠲᠠᠶ ᠪᠠᠢᠬᠤ᠎ᠶ᠋ᠢ ᠪᠠᠲᠤᠯᠠᠨ᠎ᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠨᠡᠩ ᠰᠠᠢ᠌ᠨ ᠬᠦᠴᠦᠨ ᠨᠡᠮᠡᠷᠢᠯᠡᠵᠦ᠍᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ ᠪᠠ ᠥᠭᠡᠷᠡᠴᠢᠯᠡᠯᠲᠡ ᠨᠡᠭᠡᠭᠡᠯᠳᠠ᠎ᠶ᠋ᠢᠨ ᠪᠦᠬᠦ᠌ ᠲᠠᠯ᠎ᠠ᠎ᠳᠤ ᠨᠡᠩ ᠰᠠᠢ᠌ᠨ ᠦᠢᠯᠡᠴᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号