ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠠᠪᠤᠭᠳᠠᠪᠠ
2026-04-27 09:43:36
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆


ᠰᠦᠬᠡ  ᠶᠠᠷᠢᠶ᠎ᠠ ᠲᠠᠯᠪᠢᠪᠡ


4 ᠰᠠᠷ᠎ᠠ᠎ᠶᠢᠨ 22 ᠡᠴᠡ 25 ᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠡᠴᠡ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠲᠠᠢ ᠬᠠᠮᠲᠤᠷᠠᠨ ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠬᠡ ᠰᠤᠷᠤᠯᠭ᠎ᠠ ᠡᠬᠢᠯᠡᠬᠦ ᠳᠠᠢᠴᠢᠯᠠᠯᠲᠠ᠎ᠶᠢᠨ ᠶᠠᠷᠢᠶ᠎ᠠ ᠲᠠᠯᠪᠢᠪᠠ᠃

ᠰᠤᠳᠤᠯᠤᠨ ᠶᠠᠷᠢᠯᠴᠠᠬᠤ ᠠᠩᠭᠢ᠎ᠨᠢ ᠶᠡᠷᠦᠩᠬᠡᠢ ᠱᠦᠵᠢ ᠰᠢ᠎ᠶᠢᠨ ᠫᠢᠩ᠎ᠤᠨ ᠭᠠᠳᠠᠭᠠᠳᠤ ᠨᠡᠭᠡᠭᠡᠯᠲᠡ᠎ᠶᠢᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠡᠴᠡ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ ᠎ᠤ ᠲᠤᠷᠰᠢᠯᠲᠠ᠎ᠶᠢᠨ ᠣᠷᠣᠨ᠎ᠳᠤ ᠣᠯᠭᠣᠭᠰᠠᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶᠢᠨ ᠲᠣᠭᠣᠷᠢᠨ᠎ᠳᠤ ᠪᠠᠢᠳᠠᠯ᠎ᠢ ᠵᠠᠳᠠᠯᠬᠤ᠂ ᠲᠦᠷᠦ ᠎ᠶᠢᠨ ᠪᠣᠳᠣᠯᠭ᠎ᠠ᠎ᠶᠢ ᠲᠠᠢᠯᠪᠤᠷᠢᠯᠠᠬᠤ᠂ ᠬᠡᠷᠡᠭ ᠎ᠦᠨ ᠵᠢᠱ᠌ᠢᠶ᠎ᠡ ᠎ᠶᠢ ᠵᠠᠳᠠᠯᠬᠤ ᠪᠠ ᠰᠣᠯᠢᠯᠴᠠᠵᠤ ᠰᠤᠳᠤᠯᠤᠨ ᠶᠠᠷᠢᠯᠴᠠᠬᠤ᠎ᠠᠵᠢᠯᠯᠠᠭ᠎ᠠ ᠥᠷᠨᠢᠭᠦᠯᠪᠡ᠃ ᠬᠥᠬᠡᠬᠣᠲᠠ᠂ ᠮᠠᠨᠵᠤᠤᠷ᠂ ᠡᠷᠢᠶᠡᠨ ᠬᠤᠳᠠ ᠵᠢᠨ ᠭᠤᠷᠪᠠᠨ ᠬᠡᠰᠡᠭ ᠪᠣᠯᠣᠨ ᠬᠥᠯᠥᠨ ᠪᠤᠢ᠍ᠢᠷ ᠬᠤᠳᠠ᠂ ᠰᠢᠯᠢ᠎ᠶᠢᠨ ᠭᠣᠣᠯ ᠠᠢᠮᠠᠭ᠎ᠲᠤ ᠬᠤᠪᠢᠶᠠᠷᠢ ᠬᠢᠴᠢᠶᠡᠯ᠎ᠦᠨ ᠲᠠᠩᠬᠢᠮ ᠲᠣᠬᠢᠷᠠᠭᠤᠯᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号