ᠮᠠᠨ ᠤ᠋ ᠤᠷᠤᠨ ᠬᠠᠷᠠᠠᠤᠰᠤ ᠨᠠᠭᠤᠷ ᠤ᠋ᠨ ᠡᠪᠳᠡᠭ᠌ᠳᠡᠭᠰᠡᠨ ᠬᠡᠰᠡᠭ ᠢ᠋ ᠪᠦᠬᠦ ᠬᠦᠴᠦᠨ ᠢ᠋ᠢᠡᠷ ᠢ᠋ᠢᠡᠨ ᠵᠠᠰᠠᠨ ᠰᠡᠷᠭᠦᠭᠡᠵᠤ ᠪᠠᠢᠨ᠎ᠠ
2026-04-27 09:55:53
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠵᠢᠡᠷ᠂ ᠤᠢᠷ᠎ᠠ ᠵᠢᠨ ᠡᠳᠤᠷ ᠲᠦ᠍ ᠬᠠᠷᠠᠠᠤᠰᠤ ᠨᠠᠭᠤᠷ ᠤ᠋ᠨ ᠣᠷᠣᠨ ᠪᠦᠰᠡ ᠢ᠋ᠢᠨ ᠨᠢᠳᠤᠨᠤᠨ ᠤ᠋ ᠦᠶᠡᠷ ᠤᠰᠤᠳᠤᠯ ᠳ᠋ᠤ ᠡᠪᠳᠡᠭ᠌ᠳᠡᠭ᠌ᠰᠡᠨ ᠬᠡᠰᠡᠭ ᠢ᠋ ᠵᠠᠰᠠᠨ ᠰᠡᠷᠭᠦᠭᠡᠬᠦ᠌ ᠢᠨᠵᠧᠨᠧᠷᠢᠩ ᠤ᠋ᠨ ᠪᠠᠷᠢᠯᠭ᠎ᠠ ᠵᠢᠨ ᠭᠠᠵᠠᠷ ᠤ᠋ᠨ ᠬᠢᠨ ᠴᠠᠭ ᠢ᠋ ᠠᠮᠵᠢᠨ ᠪᠠᠷᠢᠯᠭ᠎ᠠ ᠢ᠋ᠢᠨ ᠠᠵᠢᠯ ᠵᠢᠡᠨ ᠲᠦᠷᠬᠡᠳᠬᠡᠨ ᠠᠬᠢᠭᠤᠯᠵᠤ᠂ ᠤᠳᠤᠬᠠᠨ ᠳ᠋ᠤ ᠬᠥᠬᠡᠬᠣᠲᠠ ᠪᠣᠯᠤᠨ ᠪᠤᠭᠤᠲᠤ ᠬᠣᠲᠠ ᠢ᠋ᠢᠨ 37 ᠲᠥᠷᠥᠯ ᠵᠦᠶ᠋ᠯ ᠤ᠋ᠨ ᠳᠣᠲᠣᠷᠡᠬᠢ 10 ᠲᠥᠷᠥᠯ ᠵᠦᠶ᠋ᠯ ᠢ᠋ ᠨᠢᠭᠡᠨᠲᠡ ᠳᠠᠭᠤᠰᠭᠠᠵᠤ᠂ ᠵᠢᠱ᠌ᠢᠯᠲᠡ ᠪᠡᠷ 5 ᠰᠠᠷ᠎ᠠ ᠢ᠋ᠢᠨ ᠰᠡᠭᠦᠯᠴᠢ ᠡᠴᠡ ᠡᠮᠦᠨ᠎ᠡ ᠪᠦᠬᠦ ᠵᠠᠰᠠᠨ ᠰᠡᠷᠭᠦᠭᠡᠬᠦ ᠠᠵᠢᠯ ᠢ᠋ ᠳᠠᠭᠤᠰᠭᠠᠬᠤ ᠪᠣᠯᠤᠨ᠎ᠠ᠃ ᠡᠭᠦᠨ ᠤ᠋ ᠬᠠᠮᠲᠤ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 1 ᠲᠥᠷᠥᠯ ᠵᠦᠶ᠋ᠯ ᠢ᠋ ᠴᠦ᠍ ᠡᠮᠬᠢ ᠵᠢᠷᠤᠮ ᠲᠠᠢ ᠠᠬᠢᠭᠤᠯᠵᠤ ᠪᠠᠢᠨ᠎ᠠ᠃

2025 ᠣᠨ ᠳ᠋ᠤ᠂ ᠤᠨᠴᠠ ᠱᠢᠷᠦᠭᠦᠨ ᠪᠣᠷᠣᠭᠠᠨ ᠦᠶᠡᠷ ᠤᠰᠤᠲᠤᠯ ᠵᠡᠷᠭᠡ ᠭᠠᠮᠱᠢᠭ ᠤ᠋ᠨ ᠨᠥᠯᠥᠭᠡ ᠡᠴᠡ ᠪᠣᠯᠵᠣ᠂ ᠬᠠᠷᠠᠠᠤᠰᠤ ᠨᠠᠭᠤᠷ ᠤ᠋ᠨ ᠤᠰᠤᠨ ᠴᠥᠭᠥᠷᠥᠮ᠂ ᠤᠰᠤ ᠲᠠᠲᠠᠬᠤ ᠰᠤᠪᠠᠭ ᠵᠢᠴᠢ ᠡᠷᠬᠢᠨ ᠲᠣᠭᠣᠷᠢᠨ ᠤ᠋ ᠬᠠᠮᠢᠶ᠎ᠠ ᠪᠥᠬᠥᠶ ᠤᠰᠤᠨ ᠠᠱᠢᠭ᠍ᠯᠠᠯᠲᠠ ᠢ᠋ᠢᠨ ᠲᠥᠬᠥᠭᠡᠷᠦᠮᠵᠢ ᠬᠦᠨᠳᠦ ᠨᠣᠴᠢᠲᠠᠶ ᠡᠪᠳᠡᠭ᠌ᠳᠡᠵᠦ᠍᠂ ᠬᠠᠷᠠᠠᠤᠰᠤ ᠨᠠᠭᠤᠷ ᠤ᠋ᠨ ᠣᠷᠣᠨ ᠪᠦᠰᠡ ᠢ᠋ᠢᠨ ᠦᠶᠡᠷ ᠢ᠋ ᠰᠡᠷᠭᠡᠢᠯᠡᠬᠦ᠌ ᠠᠮᠤᠷ ᠲᠦᠪᠱᠢᠨ ᠢ᠋ ᠬᠦᠨᠳᠤ ᠨᠤᠴᠢᠲᠠᠢ ᠨᠦᠯᠦᠭᠡᠯᠡᠪᠠ᠃

ᠢᠨᠵᠧᠨᠧᠷᠢᠩ ᠤ᠋ᠨ ᠴᠢᠳᠠᠮᠵᠢ ᠢ᠋ᠢ  ᠲᠦᠷᠭᠡᠨ ᠰᠡᠷᠭᠦᠭᠡᠬᠦ᠌ ᠢ᠋ᠢᠨ ᠲᠥᠯᠥᠭᠡ᠂ ᠦᠪᠡᠷᠳᠡᠬᠡᠨ ᠵᠠᠰᠠᠬᠤ ᠤᠷᠤᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠪᠤᠯᠤᠨ ᠬᠥᠬᠡᠬᠣᠲᠠ᠂ ᠪᠤᠭᠤᠲᠤ ᠬᠣᠲᠠ ᠢ᠋ᠢᠨ ᠤᠰᠤᠨ ᠠᠱᠢᠭ᠍ᠯᠠᠯᠲᠠ ᠢ᠋ᠢᠨ ᠰᠠᠯᠠᠭ᠎ᠠ ᠮᠥᠴᠢᠷ ᠬᠠᠮᠲᠤᠷᠠᠨ ᠬᠠᠷᠠᠠᠤᠰᠤ ᠨᠠᠭᠤᠷ ᠤ᠋ᠨ ᠣᠷᠣᠨ ᠪᠦᠰᠡ ᠢ᠋ᠢᠨ ᠦᠶᠡᠷ ᠤᠰᠤᠳᠤᠯ ᠳ᠋ᠤ ᠡᠪᠳᠡᠭᠳᠡᠭᠰᠡᠨ ᠬᠡᠰᠡᠭ ᠢ᠋ ᠵᠠᠰᠠᠨ ᠰᠡᠷᠭᠦᠭᠡᠬᠦ᠌ ᠲᠤᠰᠭᠠᠶ ᠠᠵᠢᠯᠯᠠᠭ᠎ᠠ ᠢ᠋ᠢ ᠡᠬᠢᠯᠡᠭᠦᠯᠪᠡ᠃ ᠲᠣᠰ ᠤᠳᠠᠭ᠎ᠠ ᠵᠢᠨ ᠵᠠᠰᠠᠨ ᠰᠡᠷᠭᠦᠭᠡᠬᠦ ᠢᠨᠵᠧᠨᠧᠷᠢᠩ ᠨᠢ ᠲᠦᠮᠡᠳ ᠵᠡᠭᠦᠨ ᠬᠣᠱᠢᠭᠤ᠂ ᠲᠣᠭ᠍ᠲᠠᠬᠤ ᠱᠢᠶᠠᠨ ᠪᠣᠯᠤᠨ ᠲᠦᠮᠡᠳ ᠪᠠᠷᠠᠭᠤᠨ ᠬᠣᠱᠢᠭᠤ ᠵᠡᠷᠭᠡ ᠣᠯᠠᠨ ᠣᠷᠣᠨ ᠪᠦᠰᠡ ᠢ᠋ᠢ ᠬᠠᠮᠤᠷᠴᠤ᠌᠂ ᠣᠷᠣᠨ ᠪᠦᠰᠡ ᠢ᠋ᠢᠨ ᠦᠶᠡᠷ ᠢ᠋ ᠰᠡᠷᠭᠡᠢᠯᠡᠵᠦ᠍ ᠤᠰᠤᠲᠤᠯ ᠢ᠋ ᠵᠠᠯᠠᠬᠤ ᠴᠢᠳᠠᠪᠤᠷᠢ ᠢ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号