ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤᠢᠷ᠎ᠠ ᠳ᠋ᠤ 10 ᠵᠢᠯ ᠤ᠋ᠨ ᠬᠤᠭᠤᠴᠠᠭ᠎ᠠ ᠪᠦᠬᠦᠢ 1.61 ᠳ᠋ᠦᠩᠰᠢᠭᠤᠷ ᠲᠦᠭᠦᠷᠢᠭ ᠤ᠋ᠨ ᠳᠦᠷᠢᠶᠡᠰᠦᠨ ᠮᠦᠩᠬᠦ ᠪᠡᠷ ᠬᠦᠬᠡᠬᠤᠳᠠ ᠶ᠋ᠢᠨ ᠵᠢᠨ ᠹᠧᠩ ᠪᠠᠭᠤᠳᠠᠯ ᠢ᠋ ᠭᠠᠳᠠᠭᠰᠢ ᠳᠦᠷᠢᠶᠡᠰᠦᠯᠡᠬᠦ ᠲᠦᠷᠦᠯ ᠵᠦᠢᠯ ᠢ᠋ ᠠᠮᠵᠢᠯᠳᠠ ᠲᠠᠢ ᠪᠡᠶᠡᠯᠡᠭᠦᠯᠵᠦ᠂ 4210 ᠲᠦᠮᠡᠨ ᠲᠦᠭᠦᠷᠢᠭ ᠤ᠋ᠨ ᠦᠷᠳᠡᠭ ᠨᠡᠮᠡᠭᠳᠡᠯ᠂ 35% ᠶ᠋ᠢᠨ ᠦᠷᠳᠡᠭ ᠨᠡᠮᠡᠭᠳᠡᠯ ᠤ᠋ᠨ ᠨᠤᠷᠮ᠎ᠠ ᠪᠡᠷ ᠮᠦᠩᠭᠦᠨ ᠭᠦᠢᠯᠭᠡᠭᠡᠨ ᠤ᠋ ᠨᠦᠭᠡᠴᠡ ᠡᠳ᠋ ᠬᠦᠷᠦᠩᠭᠡ ᠶ᠋ᠢ ᠵᠠᠬ᠎ᠠ ᠳᠡᠯᠭᠡᠭᠦᠷᠴᠢᠯᠡᠨ ᠠᠮᠢᠯᠠᠭᠤᠯᠬᠤ ᠠᠵᠢᠯ ᠤ᠋ᠨ ᠪᠠᠰᠠ ᠨᠢᠭᠡᠨ ᠬᠡᠪ ᠳᠠᠭᠤᠷᠢᠶᠠᠯ ᠢ᠋ ᠡᠭᠦᠳᠴᠠᠢ᠃
ᠤᠢᠯᠠᠭᠠᠭᠰᠠᠨ ᠶ᠋ᠢᠡᠷ᠂ ᠲᠤᠰ ᠲᠦᠷᠦᠯ ᠵᠦᠢᠯ ᠪᠤᠯ ᠤᠯᠠᠨ ᠮᠦᠩᠭᠦᠨ ᠭᠦᠢᠯᠭᠡᠭᠡᠨ ᠤ᠋ ᠪᠠᠢᠭᠤᠯᠤᠮᠵᠢ ᠬᠠᠮᠳᠤᠷᠠᠨ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪᠲᠦ ᠨᠠᠢᠳᠠᠵᠤ᠂ ᠫᠠᠢᠰᠠ ᠡᠯᠭᠦᠨ ᠠᠷᠠᠯᠵᠢᠶᠠᠯᠠᠭᠰᠠᠨ ᠶᠤᠮ᠃ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠲᠤᠰᠬᠠᠢ ᠮᠡᠷᠭᠡᠵᠢᠯ ᠤ᠋ᠨ ᠪᠦᠯᠬᠦᠮ ᠤ᠋ᠨ ᠬᠢᠨ ᠡᠯ᠎ᠠ ᠮᠦᠩᠭᠦᠨ ᠭᠦᠢᠯᠭᠡᠭᠡᠨ ᠤ᠋ ᠪᠠᠢᠭᠤᠯᠤᠮᠵᠢ ᠶ᠋ᠢᠨ ᠭᠤᠤᠯ ᠱᠠᠭᠠᠷᠳᠠᠯᠭ᠎ᠠ ᠬᠢᠭᠡᠳ ᠮᠦᠩᠭᠦᠨ ᠭᠦᠢᠯᠭᠡᠭᠡᠨ ᠤ᠋ ᠡᠳ᠋ ᠬᠦᠷᠦᠩᠭᠡ ᠶ᠋ᠢᠨ ᠤᠨᠴᠠᠭᠠᠢ ᠰᠢᠨᠵᠢ ᠴᠢᠨᠠᠷ ᠢ᠋ ᠦᠨᠳᠦᠰᠦᠯᠡᠨ᠂ ᠲᠤᠰ ᠪᠠᠭᠤᠳᠠᠯ ᠳ᠋ᠤ ᠪᠦᠬᠦ ᠬᠠᠷᠠᠭᠠᠰᠤ ᠶ᠋ᠢᠨ ᠪᠠᠢᠴᠠᠭᠠᠯᠳᠠ ᠬᠢᠵᠤ ᠲᠤᠰᠬᠠᠢ ᠠᠮᠢᠯᠠᠭᠤᠯᠬᠤ ᠲᠦᠰᠦᠯ ᠭᠠᠷᠭᠠᠵᠠᠢ᠃ ᠪᠤᠳᠠᠳᠠᠢ ᠳ᠋ᠤ 《ᠤᠯᠠᠨ ᠡᠭᠡᠯᠵᠢ ᠪᠡᠷ ᠦᠨ᠎ᠠ ᠠᠰᠠᠭᠤᠬᠤ + ᠬᠢᠷᠢ ᠭᠡᠮ ᠢ᠋ ᠤᠷᠢᠳᠴᠢᠯᠡᠨ ᠪᠠᠢᠴᠠᠭᠠᠬᠤ + ᠬᠦᠳᠡᠯᠦᠩᠭᠦᠢ ᠦᠨ᠎ᠠ ᠬᠠᠳᠠᠬᠤ》 ᠪᠦᠬᠦ ᠬᠡᠯᠬᠢᠶ᠎ᠠ ᠶ᠋ᠢᠨ ᠦᠢᠯᠡᠴᠢᠯᠡᠭᠡᠨ ᠤ᠋ ᠵᠠᠭᠪᠤᠷ ᠢ᠋ ᠰᠢᠨ᠎ᠠ ᠶ᠋ᠢ ᠡᠭᠦᠳᠬᠦ ᠴᠢᠨᠠᠷᠳᠠᠢ ᠬᠡᠷᠡᠭᠯᠡᠵᠦ᠂ ᠠᠷᠠᠯᠵᠢᠶᠠᠨ ᠤ᠋ ᠢᠯᠡ ᠲᠤᠳᠤ ᠡᠷᠬᠡ ᠳᠡᠭᠰᠢ ᠲᠦᠪ ᠭᠤᠤᠯᠴᠢ ᠪᠠᠢᠬᠤ᠂ ᠵᠠᠬ᠎ᠠ ᠳᠡᠯᠭᠡᠭᠦᠷ ᠤ᠋ᠨ ᠭᠤᠤᠯ ᠴᠤᠭᠴᠠ ᠭᠦᠢᠴᠡᠳ ᠦᠷᠢᠰᠦᠯᠳᠦᠵᠦ ᠪᠤᠯᠬᠤ ᠪᠠ ᠡᠳ᠋ ᠬᠦᠷᠦᠩᠭᠡ ᠶ᠋ᠢ ᠳᠠᠷᠠᠭᠠᠴᠢ ᠪᠡᠷ ᠳᠤᠭᠳᠠᠭᠤᠨ ᠶ᠋ᠢᠡᠷ ᠡᠵᠡᠩᠨᠡᠨ ᠬᠠᠮᠢᠶᠠᠷᠴᠤ ᠪᠤᠯᠬᠤ ᠶ᠋ᠢ ᠪᠠᠳᠤᠯᠠᠪᠠ᠃
ᠲᠦᠷᠦᠯ ᠵᠦᠢᠯ ᠢ᠋ ᠦᠨᠳᠦᠷ ᠦᠷᠳᠡᠭ ᠲᠠᠢ ᠪᠡᠷ ᠠᠮᠢᠯᠠᠭᠤᠯᠬᠤ ᠶ᠋ᠢᠨ ᠲᠦᠯᠦᠭᠡ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠬᠢᠨ ᠪᠠᠭᠤᠳᠠᠯ ᠤ᠋ᠨ ᠠᠵᠢᠯ ᠲᠦᠷᠦᠯ ᠤ᠋ᠨ ᠬᠦᠭᠵᠢᠯᠳᠡ ᠶ᠋ᠢᠨ ᠬᠠᠨᠳᠤᠰᠢ ᠬᠢᠭᠡᠳ ᠡᠳ᠋ ᠬᠦᠷᠦᠩᠭᠡ ᠶ᠋ᠢᠨ ᠭᠤᠤᠯᠯᠠᠬᠤ ᠦᠷᠳᠡᠭ ᠤ᠋ᠨ ᠳᠠᠪᠠᠭᠤᠯᠢᠭ ᠲᠠᠢ ᠨᠢᠭᠳᠠ ᠤᠶᠠᠯᠳᠤᠭᠤᠯᠤᠨ᠂ ᠵᠠᠬᠢᠶᠠᠯᠠᠭ᠎ᠠ ᠶ᠋ᠢᠨ ᠬᠡᠯᠪᠡᠷᠢ ᠶ᠋ᠢᠨ ᠤᠬᠠᠭᠤᠯᠤᠨ ᠰᠤᠷᠳᠠᠯᠴᠢᠯᠠᠬᠤ ᠲᠦᠰᠦᠪ ᠳᠤᠭᠳᠠᠭᠠᠵᠤ᠂ ᠡᠳ᠋ ᠬᠦᠷᠦᠩᠭᠡ ᠶ᠋ᠢ ᠤᠯᠠᠨ ᠡᠰᠢᠴᠢᠯᠡᠨ ᠡᠵᠡᠩᠨᠡᠬᠦ ᠳᠠᠯᠳᠠ ᠬᠦᠴᠦᠨ ᠢ᠋ ᠭᠦᠨᠵᠡᠭᠡᠢ ᠠᠭᠤᠳᠠᠯᠵᠠᠢ᠃ ᠡᠭᠦᠨ ᠳ᠋ᠤ VR ᠠᠬᠤᠢ ᠦᠵᠡᠭᠳᠡᠯ ᠤ᠋ᠨ ᠦᠵᠡᠭᠦᠯᠭᠡ᠂ ᠰᠦᠯᠵᠢᠶᠡᠨ ᠤ᠋ ᠰᠢᠭᠤᠳ ᠨᠡᠪᠳᠡᠷᠡᠭᠦᠯᠭᠡ ᠪᠡᠷ ᠤᠬᠠᠭᠤᠯᠤᠨ ᠲᠠᠨᠢᠯᠴᠠᠭᠤᠯᠬᠤ᠂ ᠪᠡᠯᠡ ᠤᠷᠤᠭᠤᠯᠤᠭᠴᠢ ᠶ᠋ᠢᠨ ᠲᠤᠮᠤ ᠳ᠋ᠠᠢᠲ᠋ᠠ ᠡᠴᠡ ᠪᠤᠯᠤᠮᠵᠢ ᠪᠦᠬᠦᠢ ᠡᠳᠡᠭᠡᠳ ᠢ᠋ ᠰᠤᠩᠭᠤᠨ ᠤᠨᠤᠴᠠᠳᠠᠢ ᠲᠠᠨᠢᠯᠴᠠᠭᠤᠯᠬᠤ ᠵᠡᠷᠭᠡ ᠵᠠᠬ᠎ᠠ ᠳᠡᠯᠭᠡᠭᠦᠷᠴᠢᠯᠡᠭᠰᠡᠨ᠂ ᠮᠡᠳᠡᠭᠡ ᠵᠠᠩᠬᠢᠴᠢᠯᠠᠭᠰᠠᠨ ᠠᠷᠭ᠎ᠠ ᠬᠡᠮᠵᠢᠶ᠎ᠠ ᠪᠡᠷ ᠤᠷᠢᠳ ᠬᠤᠵᠢᠳ ᠨᠡᠢᠳᠡ 60 ᠭᠠᠷᠤᠢ ᠰᠠᠨᠠᠮᠵᠢ ᠪᠦᠬᠦᠢ ᠪᠡᠯᠡ ᠤᠷᠤᠭᠤᠯᠤᠭᠴᠢ ᠶ᠋ᠢᠨ ᠯᠠᠪᠯᠠᠨ ᠠᠰᠠᠭᠤᠵᠤ ᠬᠠᠷᠢᠯᠴᠠᠵᠤ ᠵᠤᠯᠭᠠᠯᠴᠠᠬᠤ ᠶ᠋ᠢ ᠠᠬᠢᠭᠤᠯᠵᠤ᠂ ᠤᠯᠠᠨ ᠵᠠᠬ᠎ᠠ ᠳᠡᠯᠭᠡᠭᠦᠷ ᠤ᠋ᠨ ᠭᠤᠤᠯ ᠴᠤᠭᠴᠠ ᠶ᠋ᠢᠨ ᠦᠨ᠎ᠠ ᠬᠠᠶᠠᠯᠴᠠᠭᠠᠨ ᠳ᠋ᠤ ᠨᠡᠷ᠎ᠠ ᠮᠡᠳᠡᠭᠦᠯᠦᠨ ᠤᠷᠤᠯᠴᠠᠬᠤ ᠶ᠋ᠢ ᠠᠬᠢᠭᠤᠯᠵᠠᠢ᠃ ᠲᠤᠰ ᠲᠦᠷᠦᠯ ᠵᠦᠢᠯ ᠨᠢ 36 ᠡᠭᠡᠯᠵᠢ ᠶ᠋ᠢᠨ ᠬᠤᠷᠴᠠ ᠰᠢᠷᠦᠭᠦᠨ ᠦᠨ᠎ᠠ ᠬᠠᠶᠠᠯᠴᠠᠭᠠᠨ ᠶ᠋ᠢᠡᠷ ᠡᠴᠤᠰ ᠲᠡᠭᠡᠨ ᠦᠨᠳᠦᠷ ᠦᠷᠳᠡᠭ ᠲᠠᠢ ᠪᠡᠷ ᠠᠮᠢᠯᠠᠭᠰᠠᠨ ᠪᠦᠭᠡᠳ 1 ᠳ᠋ᠦᠩᠰᠢᠭᠤᠷ ᠲᠦᠭᠦᠷᠢᠭ ᠤ᠋ᠨ ᠨᠡᠢᠭᠡᠮ ᠤ᠋ᠨ ᠪᠡᠯᠡ ᠮᠦᠩᠬᠦ ᠶ᠋ᠢ ᠳᠠᠢᠴᠢᠯᠠᠨ᠂ 200 ᠭᠠᠷᠤᠢ ᠠᠵᠢᠯ ᠤ᠋ᠨ ᠪᠠᠢᠷᠢ ᠶ᠋ᠢ ᠰᠢᠨ᠎ᠠ ᠪᠡᠷ ᠬᠠᠩᠭᠠᠬᠤ ᠪᠤᠯᠤᠨ᠎ᠠ᠃