ᠳᠤᠮᠳᠠᠳᠤ ᠤᠯᠤᠰ ᠤ᠋ᠨ ᠲᠡᠮᠤᠷ ᠵᠠᠮ ᠤ᠋ᠨ ᠬᠦᠬᠡᠬᠤᠲᠠ ᠲᠤᠪᠴᠢᠶᠠᠨ ᠤ᠋ ᠪᠦᠯᠦᠭᠯᠡᠯ ᠤ᠋ᠨ ᠬᠢᠵᠠᠭᠠᠷᠲᠤ ᠺᠤᠮᠫᠠᠨᠢ ᠤᠢᠷ᠎ᠠ ᠳ᠋ᠤ ᠪᠠᠷᠠᠭᠠᠨ ᠤ᠋ ᠭᠠᠯᠲᠤ ᠲᠡᠷᠭᠡ ᠵᠢᠨ ᠱᠢᠨ᠎ᠡ ᠠᠶᠠᠯᠠᠯ ᠤ᠋ᠨ ᠲᠦᠰᠦᠪ ᠢ᠋ ᠬᠡᠷᠡᠭ᠌ᠵᠢᠭᠦᠯᠵᠦ᠍᠂ ᠪᠠᠷᠠᠭᠠᠨ ᠤ᠋ ᠭᠦᠶ᠋ᠯᠭᠡᠭᠡ ᠢ᠋ᠢᠨ ᠦᠶ᠋ᠯᠡᠳᠬᠦᠨ ᠤ᠋ ᠲᠠᠬᠡᠬᠡᠪᠤᠷᠢ ᠵᠢᠨ ᠱᠢᠰᠲ᠋ᠧᠮ ᠢ᠋ ᠤᠯᠠᠮ ᠨᠢᠭᠡ ᠠᠯᠬᠤᠮ ᠱᠢᠯᠢᠳᠡᠭ᠌ᠵᠢᠭᠦᠯᠪᠡ᠃
ᠱᠢᠨ᠎ᠡ ᠠᠶᠠᠯᠠᠯ ᠤ᠋ᠨ ᠲᠦᠰᠦᠪ ᠢ᠋ ᠬᠡᠷᠡᠭ᠌ᠵᠢᠭᠦᠯᠦᠭ᠌ᠰᠡᠨ ᠤ᠋ ᠳᠠᠷᠠᠭ᠎ᠠ ᠲᠡᠮᠦᠷ ᠵᠠᠮ ᠤ᠋ᠨ ᠲᠣᠪᠴᠢᠶ᠎ᠠ ᠠᠯᠤᠰᠯᠠᠭ᠍ᠰᠠᠨ ᠪᠦᠯᠦᠭ᠌ᠯᠡᠯ ᠺᠣᠮᠫᠠᠨᠢ ᠢ᠋ᠢᠨ ᠪᠠᠷᠠᠭᠠᠨ ᠤ᠋ ᠭᠠᠯᠲᠤ ᠲᠡᠷᠭᠡ ᠢ᠋ᠢ 37 ᠡᠭᠡᠯᠵᠢ ᠲᠣᠬᠢᠷᠠᠭᠤᠯᠪᠠ᠃ ᠡᠭᠦᠨ ᠳ᠋ᠤ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ 18 ᠡᠭᠡᠯᠵᠢ᠂ ᠳᠤᠮᠳᠠᠳᠤ ᠠᠽᠢᠶ᠎ᠠ ᠢ᠋ᠢᠨ ᠵᠢᠱᠢᠶᠠᠨ ᠤ᠋ ᠭᠠᠯᠲᠤ ᠲᠡᠷᠭᠡ 3 ᠡᠭᠡᠯᠵᠢ᠂ ᠣᠯᠠᠨ ᠬᠡᠯᠪᠡᠷᠢ ᠢ᠋ᠢᠨ ᠬᠠᠮᠲᠤᠷᠠᠭ᠍ᠰᠠᠨ ᠲᠡᠭᠡᠭᠡᠪᠦᠷᠢ ᠢ᠋ᠢᠨ ᠵᠢᠱᠢᠶᠠᠨ ᠤ᠋ ᠭᠠᠯᠲᠤ ᠲᠡᠷᠭᠡ 10 ᠡᠭᠡᠯᠵᠢ᠂ ᠬᠣᠲᠠ ᠢ᠋ᠢᠨ ᠬᠣᠭᠣᠷᠣᠨᠳᠣᠬᠢ ᠭᠠᠯᠲᠤ ᠲᠡᠷᠭᠡ 6 ᠡᠭᠡᠯᠵᠢ ᠪᠣᠶ᠃ ᠲᠡᠮᠦᠷ ᠵᠠᠮ ᠤ᠋ᠨ ᠲᠣᠪᠴᠢᠶ᠎ᠠ ᠠᠯᠤᠰᠯᠠᠭ᠍ᠰᠠᠨ ᠪᠦᠯᠦᠭ᠌ᠯᠡᠯ ᠺᠣᠮᠫᠠᠨᠢ ᠢ᠋ᠢᠨ ᠶᠡᠬᠡ ᠬᠡᠮᠵᠢᠶᠡᠨ ᠤ᠋ ᠪᠠᠷᠠᠭ᠎ᠠ ᠢ᠋ᠢ ᠱᠢᠭᠤᠳ ᠬᠦᠷᠭᠡᠬᠦ ᠭᠠᠯᠲᠤ ᠲᠡᠷᠭᠡ ᠢ᠋ᠢ 80 ᠡᠭᠡᠯᠵᠢ ᠲᠤᠬᠢᠷᠠᠭᠤᠯᠪᠠ᠃ ᠡᠭᠦᠨ ᠳ᠋ᠤ ᠨᠡᠭᠦᠷᠡᠰᠤ ᠢ᠋ᠢ ᠱᠢᠭᠤᠳ ᠬᠦᠷᠭᠡᠬᠦ᠌ ᠭᠠᠯᠲᠤ ᠲᠡᠷᠭᠡ 62 ᠡᠭᠡᠯᠵᠢ᠂ ᠨᠡᠭᠦᠷᠡᠰᠦᠨ ᠤ᠋ ᠪᠤᠰᠤ ᠮᠠᠲᠸᠷᠢᠶᠠᠯ ᠢ᠋ ᠱᠢᠭᠤᠳ ᠬᠦᠷᠭᠡᠬᠦ᠌ ᠭᠠᠯᠲᠤ ᠲᠡᠷᠭᠡ18 ᠡᠭᠡᠯᠵᠢ ᠪᠤᠢ᠃ ᠡᠭᠦᠨ ᠡᠴᠡ ᠭᠠᠳᠠᠨ᠎ᠠ᠂ ᠬᠢᠯᠢ ᠢ᠋ᠢᠨ ᠵᠠᠭᠠᠭ ᠲᠠᠬᠢ ᠪᠠᠷᠠᠭᠠᠨ ᠤ᠋ ᠭᠠᠯᠲᠤ ᠲᠡᠷᠭᠡ 488 ᠡᠭᠡᠯᠵᠢ᠂ ᠬᠠᠮᠢᠶᠠᠷᠤᠯᠲᠠ ᠢ᠋ᠢᠨ ᠳᠣᠲᠣᠷᠠᠬᠢ ᠪᠠᠷᠠᠭᠠᠨ ᠤ᠋ ᠭᠠᠯᠲᠤ ᠲᠡᠷᠭᠡ 833 ᠡᠭᠡᠯᠵᠢ ᠪᠠᠢᠵᠤ᠂ ᠲᠦᠷᠦᠬᠦᠤ ᠤᠯᠠᠷᠢᠯ ᠤ᠋ᠨ ᠬᠢ ᠲᠡᠶ ᠲᠡᠩᠴᠡᠪᠡ᠃
ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ ᠵᠠᠮ ᠱᠤᠭᠤᠮ ᠤ᠋ᠨ ᠴᠢᠳᠠᠪᠤᠷᠢ᠂ ᠲᠡᠭᠡᠭᠡᠪᠦᠷᠢ ᠢ᠋ᠢᠨ ᠲᠣᠨᠣᠭ ᠲᠥᠬᠥᠭᠡᠷᠦᠮᠵᠢ ᠪᠠ ᠥᠷᠲᠡᠭᠡ ᠲᠠᠯᠠᠪᠤᠷ ᠤ᠋ᠨ ᠡᠬᠢ ᠪᠠᠶᠠᠯᠢᠭ ᠢ᠋ ᠨᠢᠭᠡᠳᠦᠯᠲᠡᠶ ᠲᠥᠯᠥᠪᠵᠢᠭᠦᠯᠦᠨ ᠠᠱᠢᠭ᠍ᠯᠠᠵᠤ᠂ ᠡᠷᠢᠶᠡᠨ — ᠾᠧᠦ ᠮᠠ ᠬᠤᠢᠳᠤ ᠦᠷᠲᠡᠭᠡ ᠬᠥᠷᠬᠥ᠌ ᠵᠢᠴᠢ ᠬᠥᠬᠡᠬᠣᠲᠠ᠂ ᠲᠠᠢᠭ᠎ᠠ ᠮᠤᠳᠤ᠂ ᠡᠯᠡᠰᠤᠨ ᠨᠢᠷᠤᠭᠤ ᠡᠴᠡ ᠴᠧᠩᠳᠦ᠋ ᠬᠣᠢᠲᠤ ᠦᠷᠲᠡᠭᠡ ᠬᠥᠷᠬᠥ᠌ ᠬᠣᠲᠠ ᠢ᠋ᠢᠨ ᠬᠣᠭᠣᠷᠣᠨᠳᠣᠬᠢ ᠭᠠᠯᠲᠤ ᠲᠡᠷᠭᠡ ᠢ᠋ᠢ ᠱᠢᠨ᠎ᠡ ᠪᠡᠷ 2 ᠡᠭᠡᠯᠵᠢ ᠨᠡᠮᠡᠭ᠌ᠳᠡᠭᠦᠯᠵᠦ᠍᠂ ᠡᠷᠢᠶᠡᠨ ᠬᠣᠲᠠ ᠡᠴᠡ ᠱᠠᠨ ᠰᠢ ᠬᠥᠷᠬᠥ᠌ ᠲᠡᠮᠦᠷ ᠤ᠋ᠨ ᠬᠦᠳᠡᠷ ᠤ᠋ᠨ ᠲᠡᠭᠡᠭᠡᠪᠦᠷᠢ ᠢ᠋ᠢᠨ ᠬᠡᠷᠡᠭ᠌ᠴᠡᠭᠡ ᠵᠢᠴᠢ ᠬᠥᠬᠡᠬᠣᠲᠠ ᠡᠴᠡ ᠴᠧᠩᠳ᠋ᠥ᠋ ᠬᠥᠷᠬᠥ᠌ ᠦᠨᠢᠶᠡᠨ ᠰᠦ ᠢ᠋ᠢᠨ ᠲᠡᠭᠡᠭᠡᠪᠦᠷᠢ ᠢ᠋ᠢᠨ ᠬᠡᠷᠡᠭ᠌ᠴᠡᠭᠡ ᠢ᠋ᠢ ᠭᠦᠶ᠋ᠴᠡᠳ ᠬᠠᠩᠭᠠᠵᠤ ᠪᠤᠢ᠃ ᠵᠤᠨ ᠤ᠋ ᠤᠯᠠᠷᠢᠯ ᠤ᠋ᠨ ᠴᠠᠬᠢᠯᠭᠠᠨ ᠭᠠᠷᠭᠠᠬᠤ ᠨᠡᠭᠦᠷᠡᠰᠦᠨ ᠤ᠋ ᠬᠠᠩᠭᠠᠯᠭ᠎ᠠ ᠢ᠋ᠢ ᠪᠠᠲᠤᠯᠠᠬᠤ ᠢ᠋ᠢᠨ ᠲᠥᠯᠥᠭᠡ᠂ ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ ᠲᠠᠩᠱᠠᠨ — ᠪᠤᠭᠤᠲᠤ ᠬᠦᠷᠬᠦ ᠲᠡᠮᠦᠷ ᠵᠠᠮ᠂ ᠪᠤᠭᠤᠲᠤ — ᠰᠢ ᠠᠨ ᠬᠦᠷᠬᠦ ᠲᠡᠮᠦᠷ ᠵᠠᠮ ᠤ᠋ᠨ ᠬᠦᠨᠳᠦ ᠬᠡᠯᠪᠡᠷᠢ ᠢ᠋ᠢᠨ ᠠᠴᠢᠶᠠᠨ ᠤ᠋ ᠭᠠᠯᠲᠤ ᠲᠡᠷᠭᠡ ᠢ᠋ᠢ ᠲᠤᠰᠪᠤᠷᠢ 48 ᠡᠭᠡᠯᠵᠢ ᠪᠠ 14 ᠡᠭᠡᠯᠵᠢ ᠲᠤᠬᠢᠷᠠᠭᠤᠯᠵᠤ᠂ ᠡᠨᠧᠷᠭᠢ ᠢ᠋ᠢᠨ ᠬᠠᠩᠭᠠᠯᠭ᠎ᠠ ᠢ᠋ᠢ ᠪᠠᠲᠤᠯᠠᠬᠤ ᠲᠡᠭᠡᠭᠡᠪᠦᠷᠢ ᠢ᠋ᠢᠨ ᠬᠡᠷᠡᠭ᠌ᠴᠡᠭᠡ ᠢ᠋ᠢ ᠪᠦᠬᠦ᠌ ᠬᠦᠴᠦᠨ ᠵᠢᠡᠷ ᠵᠢᠡᠨ ᠬᠠᠩᠭᠠᠵᠤ ᠪᠤᠢ᠃