ᠪᠤᠭᠤᠲᠤ ᠬᠣᠲᠠ᠎ᠶ᠋ᠢᠨ ᠪᠠᠰᠠ ᠨᠢᠭᠡᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠠᠭᠤᠷᠢᠨ ᠭᠤᠸᠠᠩᠳᠦ᠋ᠩ ᠱᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠳᠤ ᠨᠤᠲᠤᠭ᠍ᠰᠢᠵᠠᠢ
2026-04-27 16:23:30
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠡᠴᠡ ᠤᠢᠯᠠᠭᠠᠭ᠍ᠰᠠᠨ᠎ᠶ᠋ᠢᠡᠷ᠂ ᠲᠦᠷᠦᠭᠦᠭᠡᠨ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠭᠤᠸᠠᠩᠳᠦ᠋ᠩ ᠳ᠋ᠡᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠠᠭᠤᠷᠢᠨ ᠭᠤᠸᠠᠩᠳᠦ᠋ᠩ ᠮᠤᠵᠢ᠎ᠶ᠋ᠢᠨ ᠹᠦᠧᠧᠱᠠᠨ ᠬᠤᠲᠠ᠎ᠳᠤ ᠫᠠᠢᠰᠠ ᠡᠯᠭᠦᠪᠡ᠃ ᠲᠣᠰ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠠᠭᠤᠷᠢᠨ ᠪᠣᠯ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠡᠬᠡ ᠰᠤᠷᠭᠠᠭᠤᠯᠢ ᠪᠣᠯᠤᠨ ᠭᠤᠸᠠᠩᠳᠦ᠋ᠩ ᠮᠤᠵᠢ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠡᠴᠡ ᠬᠠᠮᠲᠤᠷᠠᠨ ᠪᠠᠢᠭᠤᠯᠤᠭ᠍ᠰᠠᠨ 2026 ᠣᠨ᠎ᠤ ᠠᠩᠬᠠᠳᠠᠭ᠍ᠴᠢ ᠪᠦᠯᠦᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠠᠭᠤᠷᠢᠨ ᠪᠣᠯᠤᠨ᠎ᠠ᠃

ᠣᠢᠯᠠᠭᠠᠭ᠍ᠰᠠᠨ᠎ᠢᠶᠠᠷ᠂ ᠲᠣᠰ ᠰᠠᠭᠤᠷᠢᠨ ᠨᠢ 《ᠭᠤᠸᠠᠩᠳᠦ᠋ᠩ ᠳ᠋ᠤ ᠰᠤᠳᠤᠯᠤᠨ ᠨᠡᠭᠡᠭᠡᠵᠦ᠍ ᠨᠡᠪᠴᠢᠭᠦᠯᠵᠤ᠂ ᠥᠪᠥᠷ ᠮᠣᠩᠭᠣᠯ ᠳ᠋ᠤ ᠠᠵᠤ ᠦᠢᠯᠡᠰᠵᠢᠬᠦᠯᠦᠨ ᠨᠠᠢᠳᠠᠪᠤᠷᠢᠵᠢᠭᠤᠯᠬᠤ》 ᠬᠤᠤᠰ ᠴᠢᠭ᠌ᠯᠡᠯ᠎ᠢᠶᠡᠷ ᠬᠤᠪᠢᠷᠠᠭᠤᠯᠬᠤ ᠲᠣᠭ᠍ᠲᠠᠴᠠ ᠵᠢ ᠪᠠᠢᠭᠤᠯᠵᠤ᠂ ᠭᠤᠸᠠᠩᠳᠦ᠋ᠩ ᠮᠤᠵᠢ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠂ ᠴᠢᠳᠠᠪᠤᠷᠢᠲᠠᠨ᠂ ᠲᠠᠪᠴᠠᠩ᠂ ᠠᠵᠤ ᠦᠢᠯᠡᠰ᠎ᠦᠨ ᠳᠠᠪᠠᠭᠤᠯᠢᠭ᠎ᠢ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠬᠣᠪᠣᠷ ᠱᠢᠷᠣᠶ ᠲᠡᠮᠦᠷᠯᠢᠭ ᠪᠣᠯᠪᠠᠰᠤᠷᠠᠭᠤᠯᠬᠤ ᠲᠠᠪᠠᠭᠤᠯᠢᠭ᠎ᠲᠠᠶ ᠤᠶᠠᠯᠳᠤᠭᠤᠯᠵᠤ᠂ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ᠂ ᠠᠭᠤᠷᠬᠠᠶ᠎ᠶ᠋ᠢᠨ ᠢᠨᠵᠧᠨᠧᠷᠢᠩ᠂ ᠣᠶᠤᠨᠴᠢ ᠦᠶ᠋ᠯᠡᠳᠬᠦ᠌ ᠦᠶ᠋ᠯᠡᠰ ᠵᠡᠷᠭᠡ ᠳᠠᠪᠠᠭᠤᠯᠢᠭ ᠱᠢᠨᠵᠢᠯᠡᠭᠡᠨ᠎ᠦ ᠰᠠᠯᠠᠭ᠎ᠠ ᠬᠠᠮᠳᠤᠷᠠᠨ ᠮᠡᠷᠭᠡᠵᠢᠯ᠎ᠦᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠭᠣᠣᠯᠳᠠᠯᠭ᠎ᠠ᠎ᠲᠠᠶ᠎ᠪᠠᠷ ᠥᠷᠨᠢᠭᠦᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠷᠥᠯ ᠵᠦᠶ᠋ᠯ᠎ᠢ ᠨᠡᠪᠴᠢᠭᠦᠯᠬᠦ᠂ ᠳᠡᠭᠡᠳᠦ ᠲᠡᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ᠂ ᠪᠡᠯᠡ ᠮᠥᠩᠭᠥᠨ᠎ᠦ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠷᠣᠨ ᠪᠦᠰᠡ ᠠᠯᠤᠰᠯᠠᠨ ᠱᠢᠯᠵᠢᠭᠦᠯᠦᠨ ᠬᠤᠪᠢᠷᠠᠭᠤᠯᠬᠤ ᠵᠠᠮ᠎ᠢ ᠨᠡᠪᠲᠡᠷᠡᠭᠦᠯᠵᠤ᠂ ᠲᠣᠮᠣ ᠪᠤᠯᠤᠩ᠎ᠤᠨ ᠣᠷᠣᠨ ᠪᠣᠯᠤᠨ ᠥᠪᠥᠷ ᠮᠣᠩᠭᠣᠯ᠎ᠢ ᠬᠣᠯᠪᠣᠭ᠍ᠰᠠᠨ ᠥᠨᠳᠥᠷ ᠪᠦᠲᠦᠮᠵᠢᠲᠡᠶ ᠬᠠᠮᠵᠢᠯᠴᠠᠨ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号