ᠲᠦᠷᠦᠬᠦᠭᠡᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠡᠴᠡ 2063 ᠲᠦᠮᠡᠨ ᠲᠥᠭᠥᠷᠢᠭ᠎ᠦᠨ ᠪᠠᠯᠠ ᠮᠥᠩᠭᠥ᠎ᠶ᠋ᠢ ᠨᠢᠭᠡᠳᠦᠯᠲᠡᠶ ᠲᠦᠯᠦᠪᠵᠢᠬᠦᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ 2026 ᠣᠨ᠎ᠤ ᠬᠢᠮᠢ᠎ᠶ᠋ᠢᠨ ᠪᠣᠷᠲᠣᠭᠣᠷ ᠨᠥᠭᠡᠴᠡᠯᠡᠬᠦ᠌ ᠡᠭᠦᠷᠭᠡ᠎ᠶ᠋ᠢ ᠥᠨᠳᠥᠷ ᠪᠦᠲᠦᠮᠵᠢᠲᠡᠶ᠎ᠪᠡᠷ ᠪᠡᠶᠡᠯᠡᠭᠦᠯᠬᠦ᠌᠎ᠶ᠋ᠢ ᠣᠨᠣᠪᠴᠢᠲᠠᠶ ᠳᠡᠮᠵᠢᠵᠦ᠍᠂ ᠲᠠᠭᠠᠭᠠᠴᠢᠯᠠᠨ ᠬᠠᠳᠠᠭᠠᠯᠠᠬᠤ ᠠᠵᠤ ᠠᠬᠤᠢᠯᠠᠯ᠎ᠤᠨ ᠪᠠᠷᠠᠭ᠎ᠠ ᠨᠥᠭᠡᠴᠡᠯᠡᠬᠦ᠌᠂ ᠬᠥᠮᠥᠷᠭᠡᠯᠡᠨ ᠬᠠᠳᠠᠭᠠᠯᠠᠬᠤ᠂ ᠡᠳ᠋ ᠪᠠᠷᠠᠭᠠᠨ᠎ᠤ ᠬᠦᠢᠯᠬᠡᠬᠡ ᠢ᠋ᠢᠨ ᠪᠠᠯᠠ ᠮᠥᠩᠭᠥ᠎ᠶ᠋ᠢᠨ ᠲᠠᠷᠤᠭᠠᠰᠤ ᠢ᠋ᠢ ᠪᠦᠲᠦᠮᠵᠢᠲᠡᠶ ᠨᠠᠮᠳᠠᠭᠤᠯᠵᠤ᠂ ᠬᠢᠮᠢ᠎ᠶ᠋ᠢᠨ ᠪᠣᠷᠲᠣᠭᠣᠷ ᠨᠥᠭᠡᠴᠡᠯᠡᠬᠦ᠌ ᠡᠭᠦᠷᠭᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ ᠪᠠᠢᠨ᠎ᠡ᠃
ᠪᠥᠬᠥ᠌ ᠤᠯᠤᠰ᠎ᠤᠨ ᠴᠢᠬᠤᠯᠠ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ ᠪᠣᠯᠤᠭ᠍ᠰᠠᠨ᠎ᠤ ᠬᠤᠪᠢ᠎ᠳᠤ᠂ ᠬᠠᠪᠤᠷ᠎ᠤᠨ ᠲᠠᠷᠢᠶᠠᠯᠠᠭ᠎ᠠ᠎ᠶ᠋ᠢᠨ ᠬᠢᠮᠢ᠎ᠶ᠋ᠢᠨ ᠪᠣᠷᠲᠣᠭᠣᠷ᠎ᠤᠨ 《ᠭᠦᠶ᠋ᠴᠡᠳ ᠨᠥᠭᠡᠴᠡᠯᠡᠵᠦ᠍᠂ ᠬᠠᠩᠭᠠᠵᠤ ᠳᠡᠢᠯᠬᠦ᠌᠂ ᠦᠨ᠎ᠡ ᠬᠠᠩᠰᠢ ᠲᠣᠭ᠍ᠲᠠᠭᠤᠨ ᠪᠠᠢᠬᠤ》 ᠶ᠋ᠢ ᠪᠠᠲᠤᠯᠠᠬᠤ᠎ᠶ᠋ᠢᠨ ᠲᠥᠯᠥᠭᠡ᠂ ᠥᠪᠥᠷ ᠮᠣᠩᠭᠣᠯᠪᠡᠯᠡ ᠮᠦᠨᠭᠬᠦ ᠢ᠋ᠢᠨ ᠲᠡᠮᠵᠢᠯᠬᠡ ᠪᠡᠷ ᠬᠠᠪᠤᠷ᠎ᠤᠨ ᠲᠠᠷᠢᠶᠠᠯᠠᠭ᠎ᠠ᠎ᠶ᠋ᠢᠨ ᠬᠢᠮᠢ᠎ᠶ᠋ᠢᠨ ᠪᠣᠷᠲᠣᠭᠣᠷ ᠵᠡᠷᠭᠡ ᠲᠠᠷᠢᠶᠠᠯᠠᠩ᠎ᠤᠨ ᠬᠡᠷᠡᠭ᠌ᠰᠡᠯ᠎ᠦᠨ ᠭᠦᠶ᠋ᠴᠡᠳ ᠪᠥᠭᠡᠳ ᠪᠦᠲᠦᠮᠵᠢᠲᠡᠶ ᠬᠠᠩᠭᠠᠯᠭ᠎ᠠ᠎ᠶ᠋ᠢ ᠪᠠᠲᠤᠯᠠᠪᠠ᠃ ᠪᠠᠯᠠ ᠮᠥᠩᠭᠥ᠎ᠶ᠋ᠢ ᠨᠢᠭᠡᠳᠦᠯᠲᠡᠶ ᠲᠦᠯᠦᠪᠵᠢᠬᠦᠯᠦᠨ ᠬᠢᠮᠢ᠎ᠶ᠋ᠢᠨ ᠪᠣᠷᠲᠣᠭᠣᠷ ᠨᠥᠭᠡᠴᠡᠯᠡᠬᠦ᠌ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢᠨ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠬᠣᠯᠪᠣᠭᠠᠲᠤ ᠬᠣᠷᠱᠢᠶ᠎ᠠ ᠵᠡᠷᠭᠡ ᠨᠢᠭᠡᠴᠢ᠎ᠲᠡᠶ ᠬᠠᠮᠵᠢᠯᠴᠠᠨ᠂ ᠬᠣᠯᠪᠣᠭᠠᠯᠠᠨ ᠬᠥᠳᠡᠯᠦᠯᠴᠡᠬᠦ᠌ ᠬᠢᠨᠠᠯᠲᠠ ᠬᠠᠮᠢᠶᠠᠷᠤᠯᠲᠠ᠎ᠶ᠋ᠢ ᠥᠷᠨᠢᠭᠦᠯᠵᠦ᠍᠂ ᠬᠢᠮᠢ᠎ᠶ᠋ᠢᠨ ᠪᠣᠷᠲᠣᠭᠣᠷ ᠨᠥᠭᠡᠴᠡᠯᠡᠬᠦ᠌ ᠲᠣᠭ᠎ᠠ ᠬᠡᠮᠵᠢᠶ᠎ᠡ᠂ ᠶᠠᠰᠤ ᠴᠢᠨᠠᠷ ᠪᠠ ᠬᠢᠮᠢ᠎ᠶ᠋ᠢᠨ ᠪᠣᠷᠲᠣᠭᠣᠷ ᠨᠥᠭᠡᠴᠡᠯᠡᠬᠦ᠌ ᠬᠠᠮᠢᠶᠠᠷᠤᠯᠲᠠ᠎ᠶ᠋ᠢᠨ ᠪᠠᠢᠳᠠᠯ ᠵᠡᠷᠭᠡ᠎ᠳᠦ ᠪᠠᠢᠴᠠᠭᠠᠨ ᠰᠤᠳᠤᠯᠵᠤ ᠬᠠᠷᠭᠤᠭᠤᠯᠤᠨ ᠪᠠᠢᠴᠠᠭᠠᠬᠤ᠎ᠶ᠋ᠢᠨ ᠬᠠᠮᠲᠤ ᠱᠠᠭᠠᠷᠳᠠᠯᠭ᠎ᠠ ᠳᠤᠷᠠᠳᠴᠤ᠌᠂ ᠬᠢᠮᠢ᠎ᠶ᠋ᠢᠨ ᠪᠣᠷᠲᠣᠭᠣᠷ ᠨᠥᠭᠡᠴᠡᠯᠡᠬᠦ᠌ᠠᠵᠢᠯ ᠤ᠋ᠨ ᠠᠮᠤᠷ ᠲᠦᠪᠱᠢᠨ᠎ᠢ ᠪᠠᠳᠤᠯᠠᠪᠠ᠃ 《ᠵᠣᠭᠣᠰ ᠵᠠᠷᠤᠪᠠᠯ ᠵᠠᠪᠠᠯ ᠦᠷ᠎ᠡ ᠠᠱᠢᠭ᠎ᠢ᠎ᠨᠢ ᠠᠰᠠᠭᠤᠬᠤ》 ᠵᠠᠷᠴᠢᠮ᠎ᠢ ᠪᠠᠷᠢᠮᠲᠠᠯᠠᠵᠤ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠡᠶ ᠬᠠᠮᠲᠤᠷᠠᠨ ᠬᠢᠮᠢ᠎ᠶ᠋ᠢᠨ ᠪᠣᠷᠲᠣᠭᠣᠷ ᠨᠥᠭᠡᠴᠡᠯᠡᠬᠦ᠌ ᠡᠭᠦᠷᠭᠡ᠎ᠶ᠋ᠢᠨ ᠠᠮᠵᠢᠯᠲᠠ ᠪᠦᠲᠦᠮᠵᠢ᠎ᠶ᠋ᠢᠨ ᠦᠨᠡᠯᠡᠯᠲᠡ᠎ᠶ᠋ᠢ ᠴᠠᠭ ᠲᠤᠬᠠᠶ᠎ᠳᠤᠨᠢ ᠥᠷᠨᠢᠭᠦᠯᠵᠦ᠍᠂ ᠪᠠᠯᠠ ᠮᠥᠩᠭᠥ᠎ᠶ᠋ᠢᠨ ᠬᠡᠷᠡᠭᠯᠡᠯᠳᠡ ᠢ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠂ ᠲᠡᠭᠠᠭᠠᠴᠢᠯᠠᠨ ᠬᠠᠳᠠᠭᠠᠯᠠᠬᠤ ᠡᠭᠦᠷᠭᠡ᠎ᠶ᠋ᠢ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠪᠠᠳᠤᠯᠠᠵᠡᠢ᠃
《ᠬᠤᠢᠰᠢᠳᠠ ᠪᠢᠳᠡ ᠠᠮᠤ ᠪᠤᠳᠠᠭᠠᠨ᠎ᠤ ᠠᠶᠤᠯᠭᠦᠶ ᠦᠶ᠋ᠯᠡᠳᠪᠦᠷᠢᠯᠡᠯ᠎ᠦᠨ ᠡᠭᠦᠷᠭᠡ᠎ᠳᠦ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠬᠢᠮᠢ᠎ᠶ᠋ᠢᠨ ᠪᠣᠷᠲᠣᠭᠣᠷ ᠨᠥᠭᠡᠴᠡᠯᠡᠬᠦ᠌ ᠪᠠᠯᠠ ᠮᠥᠩᠭᠥ᠎ᠶ᠋ᠢᠨ ᠠᠮᠵᠢᠯᠲᠠ ᠪᠦᠲᠦᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠪᠥᠬᠥ᠌ ᠣᠷᠣᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠦᠶ᠋ᠯᠡᠳᠪᠦᠷᠢᠯᠡᠯ᠎ᠢ ᠠᠬᠢᠭᠤᠯᠤᠨ᠎ᠠ》 ᠬᠡᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠶᠠᠷᠢᠵᠤ ᠪᠠᠢᠯ᠎ᠡ᠃