ᠥᠪᠥᠷ ᠮᠣᠩᠭᠣᠯ ᠭᠤᠤᠯᠳᠠᠯᠭ᠎ᠠ ᠲᠠᠶ ᠬᠥᠮᠦᠰ ᠲᠦ᠍ ᠪᠷᠦ᠋ᠼᠧᠯ ᠡᠪᠡᠳᠴᠢᠨ ᠢ᠋ ᠰᠡᠷᠭᠡᠢᠯᠡᠨ ᠡᠵᠡᠮᠳᠡᠬᠦ᠌ ᠮᠡᠳᠡᠯᠭᠡ ᠵᠢ ᠲᠦᠭᠡᠮᠡᠯᠵᠢᠭᠦᠯᠵᠦ ᠪᠤᠢ
2026-04-27 16:17:40
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠣᠢᠯᠠᠭᠠᠭ᠍ᠰᠠᠨ ᠶ᠋ᠢᠡᠷ᠂ ᠮᠠᠯᠴᠢᠨ ᠲᠠᠷᠢᠶᠠᠴᠢᠨ᠂ ᠲᠡᠵᠢᠭᠡᠨ ᠦᠷᠡᠵᠢᠭᠦᠯᠬᠦ᠌ ᠲᠠᠯᠠᠪᠠᠶ ᠡᠷᠬᠢᠯᠡᠵᠦ ᠪᠠᠢᠭ᠎ᠠ ᠬᠦᠮᠦᠰ ᠵᠢᠴᠢ ᠬᠡᠮ ᠬᠢᠵᠢᠭ ᠢ᠋ ᠰᠡᠷᠭᠡᠢᠯᠡᠬᠦ᠌ ᠠᠵᠢᠯᠲᠠᠨ ᠵᠡᠷᠭᠡ ᠭᠤᠤᠯᠳᠠᠯᠭ᠎ᠠ ᠲᠠᠶ ᠠᠵᠢᠯ ᠮᠡᠷᠭᠡᠵᠢᠯ ᠤ᠋ᠨ ᠬᠥᠮᠦᠰ ᠤ᠋ᠨ ᠪᠷᠦ᠋ᠼᠧᠯ ᠡᠪᠡᠳᠴᠢᠨ ᠢ᠋ ᠰᠡᠷᠭᠡᠢᠯᠡᠨ ᠡᠵᠡᠮᠳᠡᠬᠦ ᠴᠢᠳᠠᠪᠤᠷᠢ ᠵᠢ ᠦᠨᠡᠨ ᠬᠦ᠌ ᠳᠡᠭᠡᠭ᠌ᠰᠢᠯᠡᠭᠦᠯᠬᠦ᠌ ᠶ᠋ᠢᠨ ᠲᠥᠯᠥᠭᠡ ᠥᠪᠡᠷᠲᠡᠭᠡᠨ ᠵᠠᠰᠠᠬᠤ ᠣᠷᠣᠨ ᠤ᠋ ᠠᠮᠢᠲᠠᠨ ᠤ᠋ ᠬᠡᠮ ᠬᠢᠵᠢᠭ ᠢ᠋ ᠰᠡᠷᠭᠡᠢᠯᠡᠨ ᠡᠵᠡᠮᠳᠡᠬᠦ ᠲᠥᠪ ᠤᠢᠷ᠎ᠠ ᠳ᠋ᠤ ᠪᠷᠦ᠋ᠼᠧᠯ ᠡᠪᠡᠳᠴᠢᠨ ᠢ᠋ ᠰᠡᠷᠭᠡᠢᠯᠡᠨ ᠡᠵᠡᠮᠳᠡᠬᠦ ᠮᠡᠳᠡᠯᠭᠡ ᠵᠢ ᠲᠦᠭᠡᠮᠡᠯᠵᠢᠭᠦᠯᠬᠦ᠌ ᠤᠬᠠᠭᠤᠯᠭ᠎ᠠ ᠶ᠋ᠢᠨ ᠠᠵᠢᠯᠯᠠᠭ᠎ᠠ ᠵᠢ ᠡᠬᠢᠯᠡᠭᠦᠯᠪᠡ᠃

ᠲᠣᠰ ᠠᠵᠢᠯᠯᠠᠭ᠎ᠠ ᠳ᠋ᠤ ᠮᠠᠯᠴᠢᠨ ᠲᠠᠷᠢᠶᠠᠴᠢᠨ᠂ ᠲᠡᠵᠢᠭᠡᠨ ᠦᠷᠡᠵᠢᠭᠦᠯᠬᠦ᠌ ᠲᠠᠯᠠᠪᠠᠶ ᠡᠷᠬᠢᠯᠡᠵᠦ ᠪᠠᠢᠭ᠎ᠠ ᠬᠦᠮᠦᠰ ᠵᠢᠴᠢ ᠬᠡᠮ ᠬᠢᠵᠢᠭ ᠢ᠋ ᠰᠡᠷᠭᠡᠢᠯᠡᠬᠦ᠌ ᠬᠥᠮᠦᠰ ᠵᠡᠷᠭᠡ ᠭᠤᠤᠯᠳᠠᠯᠭ᠎ᠠ ᠲᠠᠶ ᠠᠵᠢᠯ ᠮᠡᠷᠭᠡᠵᠢᠯ ᠤ᠋ᠨ ᠬᠥᠮᠦᠰ ᠲᠦ᠍ ᠠᠩᠬᠠᠷᠤᠯ ᠶ᠋ᠢᠡᠨ ᠲᠥᠪᠯᠡᠷᠡᠭᠦᠯᠵᠦ᠍᠂ ᠪᠷᠦ᠋ᠼᠧᠯ ᠡᠪᠡᠳᠴᠢᠨ ᠳᠡᠯᠭᠡᠷᠡᠵᠤ ᠪᠠᠢᠭ᠎ᠠ ᠭᠤᠤᠯᠳᠠᠯᠭ᠎ᠠ ᠲᠠᠶ ᠬᠣᠱᠢᠭᠤ ᠱᠢᠶᠠᠨ ᠳ᠋ᠦ ᠬᠦᠷᠴᠦ ᠰᠡᠷᠭᠡᠢᠯᠡᠨ ᠡᠵᠡᠮᠳᠡᠬᠦ ᠮᠡᠳᠡᠭᠡ ᠵᠢ ᠲᠦᠭᠡᠮᠡᠯᠵᠢᠭᠦᠯᠬᠦ᠌ ᠠᠵᠢᠯᠯᠠᠭ᠎ᠠ ᠥᠷᠨᠢᠭᠦᠯᠤᠨ᠂ ᠲᠤᠰᠭᠠᠶ ᠮᠡᠷᠭᠡᠵᠢᠯᠲᠡᠨ ᠡᠴᠡ ᠲᠠᠢᠯᠤᠮᠵᠢ ᠬᠢᠬᠦ᠌᠂ ᠤᠬᠠᠭᠤᠯᠭ᠎ᠠ ᠶ᠋ᠢᠨ ᠸᠢᠳᠢᠦ᠌ ᠪᠠ ᠪᠢᠴᠢᠯ ᠺᠢᠨᠣ᠋ ᠦᠵᠡᠬᠦᠯᠬᠦ᠂ ᠡᠷᠦᠬᠡ ᠳ᠋ᠦ ᠤᠷᠤᠵᠤ ᠵᠢᠱ᠌ᠢᠶ᠎ᠡ ᠦᠵᠡᠭᠦᠯᠬᠦ᠌ ᠵᠢᠴᠢ ᠰᠡᠷᠭᠡᠢᠯᠡᠨ ᠬᠠᠮᠠᠭᠠᠯᠠᠬᠤ ᠪᠠᠭᠠᠵᠢ ᠬᠡᠷᠡᠭ᠌ᠰᠡᠯ ᠬᠤᠪᠢᠶᠠᠬᠤ  ᠵᠡᠷᠭᠡ  ᠠᠷᠭ᠎ᠠ ᠬᠡᠯᠪᠡᠷᠢ ᠪᠡᠷ ᠶᠠᠪᠤᠭᠳᠠᠭᠤᠯᠵᠤ᠂ ᠬᠠᠷᠠᠯᠲᠠᠲᠤ ᠬᠥᠮᠦᠰ ᠤ᠋ᠨ ᠪᠷᠦ᠋ᠼᠧᠯ ᠡᠪᠡᠳᠴᠢᠨ ᠢ᠋ ᠰᠡᠷᠭᠡᠢᠯᠡᠨ ᠡᠵᠡᠮᠳᠡᠬᠦ᠌ ᠤᠷ᠎ᠠ ᠴᠢᠳᠠᠪᠤᠷᠢ ᠵᠢ ᠳᠡᠭᠡᠭ᠌ᠰᠢᠯᠡᠭᠦᠯᠤᠨ᠂ ᠪᠷᠦ᠋ᠼᠧᠯ ᠡᠪᠡᠳᠴᠢᠨ ᠳ᠋ᠤ ᠬᠠᠯᠳᠠᠪᠤᠷᠢᠯᠠᠭᠳᠠᠬᠤ ᠬᠡᠮ ᠰᠤᠭᠤᠭ ᠠᠶᠤᠯ ᠲᠦᠭ᠌ᠰᠢᠭᠦᠷᠢ ᠵᠢ ᠡᠬᠢ ᠡᠭᠦᠰᠦᠯ ᠡᠴᠡ ᠨᠢ ᠪᠠᠭᠠᠰᠬᠠᠵᠤ ᠪᠠᠢᠨ᠎ᠠ᠃

ᠤᠢᠯᠠᠭᠠᠭᠰᠠᠨ ᠵᠢᠡᠷ᠂ ᠲᠤᠰ ᠠᠵᠢᠯᠯᠠᠭ᠎ᠠ ᠳ᠋ᠤ 8 — 10 ᠤᠳᠠᠭ᠎ᠠ ᠵᠢᠨ ᠰᠡᠷᠭᠡᠢᠯᠡᠨ ᠡᠵᠡᠮᠳᠡᠬᠦ ᠮᠡᠳᠡᠯᠭᠡ ᠵᠢ ᠲᠦᠭᠡᠮᠡᠯᠵᠢᠭᠦᠯᠬᠦ᠌ ᠪᠡᠷ ᠲᠥᠯᠥᠪᠯᠡᠵᠦ᠍᠂ ᠬᠠᠮᠤᠭ ᠤ᠋ᠨ ᠪᠠᠭ᠎ᠠ ᠳ᠋ᠠᠭᠠᠨ ᠪᠷᠦ᠋ᠼᠧᠯ ᠡᠪᠡᠳᠴᠢᠨ ᠳᠡᠯᠭᠡᠷᠡᠵᠦ ᠪᠠᠢᠭ᠎ᠠ 10 ᠭᠤᠤᠯᠳᠠᠯᠭ᠎ᠠ ᠲᠠᠢ ᠬᠣᠱᠢᠭᠤ ᠱᠢᠶᠠᠨ ᠢ᠋ ᠬᠠᠮᠤᠷᠴᠤ᠂ ᠭᠤᠤᠯᠳᠠᠯᠭ᠎ᠠ ᠲᠠᠶ ᠠᠵᠢᠯ ᠮᠡᠷᠭᠡᠵᠢᠯ ᠤ᠋ᠨ ᠬᠥᠮᠦᠰ ᠤ᠋ᠨ ᠮᠡᠳᠡᠯᠭᠡ᠂ ᠣᠪᠣᠷ ᠪᠠ ᠦᠶ᠋ᠯᠡ ᠠᠵᠢᠯᠯᠠᠭ᠎ᠠ ᠵᠡᠷᠬᠡ 3 ᠲᠠᠯ᠎ᠠ ᠶ᠋ᠢᠨ ᠣᠳᠣᠬᠠᠨ ᠤ᠋ ᠪᠠᠢᠳᠠᠯ ᠬᠢᠭᠡᠳ ᠰᠡᠷᠭᠡᠢᠯᠡᠨ ᠡᠵᠡᠮᠳᠡᠬᠦ ᠮᠡᠳᠡᠯᠭᠡ ᠵᠢ ᠲᠦᠭᠡᠮᠡᠯᠵᠢᠭᠦᠯᠦᠭᠰᠡᠨ ᠤ᠋ ᠡᠮᠦᠨ᠎ᠡ ᠬᠤᠢᠨᠠᠬᠢ ᠬᠤᠪᠢᠷᠠᠯᠲᠠ ᠵᠢ ᠦᠨᠡᠯᠡᠨ ᠵᠢᠱ᠌ᠢᠵᠦ᠂ ᠮᠠᠨ ᠤ᠋ ᠤᠷᠤᠨ ᠤ᠋  ᠪᠷᠦ᠋ᠼᠧᠯ ᠡᠪᠡᠳᠴᠢᠨ ᠢ᠋ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠠᠷᠭ᠎ᠠ ᠪᠣᠳᠣᠯᠭ᠎ᠠ ᠵᠢ ᠱᠢᠯᠢᠳᠡᠭ᠌ᠵᠢᠭᠦᠯᠬᠦ᠌ ᠳ᠋ᠦ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠬᠤ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号