ᠪᠠᠭᠠᠷᠢᠨ ᠪᠠᠷᠠᠭᠤᠨ ᠬᠤᠱᠢᠭᠤ ᠡᠪᠡᠰᠦ ᠪᠤᠷᠳᠤᠭ᠎ᠠ ᠨᠦᠭᠡᠴᠡᠯᠡᠬᠦ ᠪᠠ ᠠᠮᠢ ᠠᠬᠤᠢ ᠵᠢ ᠵᠠᠰᠠᠬᠤ ᠵᠢ ᠤᠶᠠᠯᠳᠤᠭᠤᠯᠤᠨ ᠠᠵᠤ ᠦᠢᠯᠡᠰ ᠤ᠋ᠨ ᠬᠦᠭᠵᠢᠯᠲᠡ ᠵᠢ ᠠᠬᠢᠭᠤᠯᠵᠤ ᠪᠤᠢ
2026-04-27 16:29:28
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠳᠤ᠂ ᠪᠠᠭᠠᠷᠢᠨ ᠪᠠᠷᠠᠭᠤᠨ ᠬᠤᠱᠢᠭᠤ 《ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠨ᠂ ᠪᠣᠬᠢᠷᠲᠤᠯ ᠥᠬᠡᠶ ᠬᠥᠭ᠌ᠵᠢᠭᠦᠯᠬᠦ᠌》 ᠣᠢᠯᠠᠭᠠᠭ᠍ᠳᠠᠬᠤᠨ᠎ᠢ ᠪᠠᠷᠢᠮᠲᠠᠯᠠᠨ᠂ ᠡᠪᠡᠰᠦ ᠳᠠᠷᠢᠵᠤ ᠨᠥᠭᠡᠴᠡᠯᠡᠬᠦ᠌ ᠪᠠ ᠠᠮᠢ ᠠᠬᠤᠶ ᠵᠢ ᠵᠠᠰᠠᠬᠤ᠎ᠶ᠋ᠢ ᠨᠢᠭ᠍ᠲᠠ ᠤᠶᠠᠯᠳᠤᠭᠤᠯᠵᠤ᠂ ᠮᠠᠯ ᠤᠨᠤᠭᠠᠨ᠎ᠤ ᠡᠪᠡᠰᠦ ᠪᠤᠷᠳᠤᠭᠠᠨ ᠤ᠋ ᠬᠡᠷᠡᠭᠴᠡᠭᠡ ᠵᠢ᠎ᠬᠠᠩᠭᠠᠬᠤ ᠪᠡᠷ  ᠪᠠᠷᠠᠬᠤ ᠥᠬᠡᠶ᠂ ᠪᠠᠰᠠ ᠠᠮᠢ ᠠᠬᠤᠶ᠎ᠶ᠋ᠢ ᠰᠠᠢᠵᠢᠷᠠᠭᠤᠯᠬᠤ ᠪᠠ ᠠᠵᠤ ᠦᠶ᠋ᠯᠡᠰ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠵᠢ ᠵᠡᠷᠭᠡ ᠪᠡᠷ ᠠᠬᠢᠭᠤᠯᠬᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠵᠠᠮ᠎ᠢ ᠨᠡᠭᠡᠭᠡᠭ᠌ᠰᠡᠨ ᠪᠠᠢᠨ᠎ᠠ᠃

ᠴᠠᠭᠠᠨᠮᠥ᠋ᠷᠡᠨ ᠰᠤᠮᠤ ᠡᠯᠡᠰᠦᠷᠭᠡᠭᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠬᠤ ᠪᠠ ᠡᠪᠡᠰᠦ ᠲᠠᠷᠢᠵᠤ ᠨᠥᠭᠡᠴᠡᠯᠡᠬᠦ᠌᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠰᠠᠯᠲᠠ ᠵᠢᠨ ᠲᠠᠯᠠᠪᠠᠶ᠎ᠨᠢ 19.79 ᠲᠦᠮᠡᠨ ᠮᠤ᠌᠎ᠳᠤ ᠬᠦᠷᠴᠡᠶ᠃ ᠡᠭᠦᠨ᠎ᠳᠤ 2024 ᠣᠨ᠎ᠳᠤ 6 ᠲᠦᠮᠡᠨ ᠮᠤ᠌ ᠵᠠᠰᠠᠵᠤ᠂ 《ᠪᠢᠲᠡᠭᠦᠮᠵᠢᠯᠡᠨ ᠬᠦᠷᠢᠶᠡᠯᠡᠬᠦ + ᠬᠠᠭᠠᠯᠪᠤᠷᠢᠯᠠᠬᠤ ᠵᠢ ᠵᠤᠭᠰᠤᠭᠠᠨ ᠨᠥᠬᠦᠨ ᠳᠠᠷᠢᠬᠤ + ᠨᠤᠲᠤᠭ ᠪᠡᠯᠴᠢᠭᠡᠷ ᠢ᠋ ᠬᠢᠨᠠᠨ ᠬᠠᠮᠢᠶᠠᠷᠬᠤ》 ᠱᠢᠨᠵᠢᠯᠡᠬᠦ᠌ ᠤᠬᠠᠭᠠᠨᠴᠢ᠎ᠪᠠᠷ ᠵᠠᠰᠠᠨ ᠰᠡᠷᠭᠦᠭᠡᠬᠦ᠌ ᠵᠠᠭ᠍ᠪᠤᠷ᠎ᠲᠤ ᠲᠦᠱᠢᠭ᠌ᠯᠡᠨ᠂ ᠥᠩᠭᠡᠷᠡᠭ᠌ᠰᠡᠨ᠎ᠤ ᠴᠦᠯᠯᠡᠷᠬᠡᠭ᠌ᠵᠢᠭ᠌ᠰᠡᠨ ᠨᠤᠲᠤᠭ ᠪᠡᠯᠴᠢᠭᠡᠷ᠎ᠢ ᠳᠠᠬᠢᠨ ᠠᠮᠢᠵᠢᠷᠠᠯ᠎ᠤᠨ ᠬᠦᠴᠦᠨ᠎ᠲᠠᠢ ᠪᠣᠯᠭᠠᠪᠠ᠃

2025 ᠣᠨ᠎ᠳᠤ᠂ ᠴᠠᠭᠠᠨᠮᠥ᠋ᠷᠡᠨ ᠰᠤᠮᠤᠨ ᠤ᠋ ᠮᠣᠳᠣᠨ ᠳᠤᠮᠳᠠ ᠭᠠᠴᠠᠭᠠᠨ᠎ᠤ 2000 ᠭᠠᠷᠤᠶ ᠮᠥ᠍ ᠲᠠᠷᠢᠮᠠᠯ ᠪᠡᠯᠴᠢᠭᠡᠷ ᠡᠯᠪᠡᠭ ᠬᠤᠷᠢᠶᠠᠯᠲᠠ ᠤᠯᠵᠠᠢ᠃ 《ᠬᠤᠷ᠎ᠠ ᠪᠣᠷᠣᠭᠠᠨ ᠡᠯᠪᠡᠭ ᠳᠡᠭᠡᠷ᠎ᠡ ᠪᠠᠨ ᠱᠢᠨᠵᠢᠯᠡᠬᠦ᠌ ᠤᠬᠠᠭᠠᠨᠴᠢ᠎ᠪᠠᠷ ᠠᠷᠠᠴᠢᠯᠠᠨ ᠬᠠᠮᠢᠶᠠᠷᠤᠭᠰᠠᠨ ᠡᠴᠡ 40 ᠵᠢᠩ ᠤ᠋ᠨ ᠪᠠᠷᠢᠮᠵᠢᠶᠠᠲᠤ ᠲᠡᠵᠢᠭᠡᠯ ᠡᠪᠡᠰᠦ ᠵᠢ 28000 ᠭᠠᠷᠤᠶ ᠪᠣᠭᠤᠵᠢ ᠬᠤᠷᠢᠶᠠᠵᠤ᠂ ᠨᠤᠲᠤᠭ ᠪᠡᠯᠴᠢᠭᠡᠷ ᠢ᠋ ᠬᠠᠮᠠᠭᠠᠯᠠᠭ᠍ᠰᠠᠨ ᠮᠥᠷᠲᠡᠭᠡᠨ ᠮᠠᠯ ᠰᠦᠷᠦᠭ ᠤ᠋ᠨ ᠡᠪᠦᠯᠵᠢᠭᠦ ᠠᠰᠠᠭᠤᠳᠠᠯ ᠢ᠋ ᠰᠢᠢᠳᠪᠦᠷᠢᠯᠡᠯ᠎ᠡ》 ᠭᠡᠵᠤ ᠲᠤᠬᠠᠶ ᠵᠢᠨ ᠭᠠᠵᠠᠷ᠎ᠦᠨ ᠮᠠᠯᠴᠢᠳ ᠪᠠᠶᠠᠷᠯᠠᠨ ᠶᠠᠷᠢᠨ᠎ᠠ᠃ ᠣᠳᠣᠬᠠᠨ᠎ᠳᠤ᠂ ᠲᠣᠰ ᠣᠷᠣᠨ ᠪᠦᠰᠡ᠎ᠶ᠋ᠢᠨ ᠨᠤᠲᠤᠭ ᠪᠡᠯᠴᠢᠭᠡᠷ᠎ᠤᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ 60%᠎ᠶ᠋ᠢ ᠳᠠᠪᠠᠵᠤ᠂ ᠡᠪᠡᠰᠦᠨ᠎ᠤ ᠲᠦᠷᠦᠯ ᠵᠦᠢᠯ 15 ᠨᠡᠮᠡᠭ᠌ᠳᠡᠵᠦ᠍᠂ ᠮᠦ᠍ ᠨᠢᠭᠡᠴᠢ ᠵᠢᠨ ᠤᠨᠠᠯᠳᠠ ᠨᠢ 220 ᠵᠢᠩ ᠳ᠋ᠤ ᠬᠦᠷᠴᠤ᠂ ᠮᠠᠯ ᠪᠡᠯᠴᠢᠭᠡᠷ᠎ᠤᠨ ᠲᠡᠩᠴᠡᠭᠦᠷᠢ᠎ᠵᠢ ᠪᠠᠲᠤᠯᠠᠬᠤ ᠪᠠ ᠪᠡᠯᠴᠢᠭᠡᠷᠯᠡᠭᠦᠯᠬᠦ᠌᠎ᠶ᠋ᠢ ᠵᠣᠭ᠍ᠰᠣᠭᠠᠨ ᠰᠡᠯᠭᠦᠨ ᠮᠠᠯᠵᠢᠬᠤ᠎ᠶ᠋ᠢ ᠬᠦᠴᠦᠲᠡᠶ ᠬᠡᠷᠡᠭᠵᠢᠭᠦᠯᠦᠨ᠂ ᠥᠩᠭᠡᠷᠡᠭ᠌ᠰᠡᠨ᠎ᠤ ᠡᠯᠡᠰᠦᠷᠬᠡᠭ᠌ᠵᠢᠭ᠌ᠰᠡᠨ ᠭᠠᠵᠠᠷ᠎ᠢ ᠨᠤᠭᠤᠭᠠᠷᠠᠭᠤᠯᠵᠤ ᠠᠮᠢ ᠠᠬᠤᠶ ᠬᠢᠭᠡᠳ ᠦᠢᠯᠡᠳᠪᠦᠷᠢᠯᠡᠯ᠎ᠤᠨ ᠦᠷ᠎ᠡ ᠠᠱᠢᠭ᠎ᠤᠨ ᠬᠤᠤᠰ ᠳᠡᠭᠡᠭ᠌ᠰᠢᠯᠡᠯᠲᠡ᠎ᠶ᠋ᠢ ᠪᠡᠶᠡᠯᠡᠭᠦᠯᠪᠡ᠃

ᠪᠠᠶᠠᠨᠬᠤᠱᠢᠭᠤ ᠪᠠᠯᠭᠠᠰᠤ ᠮᠠᠯ ᠠᠵᠤ ᠠᠬᠤᠶ ᠪᠠ ᠲᠠᠷᠢᠶᠠᠯᠠᠩ᠎ᠢ ᠤᠶᠠᠯᠳᠤᠭᠤᠯᠬᠤ᠎ᠳᠤ ᠰᠠᠭᠤᠷᠢᠯᠠᠨ᠂ ᠡᠰᠢ ᠰᠦᠷᠡᠯ ᠢ᠋ ᠭᠦᠢᠴᠡᠳ ᠠᠰᠢᠭᠯᠠᠨ᠂ 《ᠬᠠᠶᠠᠭ᠍ᠳᠠᠮᠠᠯ ᠪᠣᠳᠠᠰ᠎ᠢ ᠡᠷᠳᠡᠨᠢ ᠪᠣᠯᠭᠠᠬᠤ》 ᠵᠢ ᠠᠬᠢᠭᠤᠯᠵᠤ᠂ 《ᠳᠠᠷᠢᠵᠤ ᠲᠡᠵᠢᠭᠡᠬᠦ᠌᠎ᠶ᠋ᠢ ᠡᠷᠭᠢᠯᠳᠦᠭᠦᠯᠬᠦ᠂ ᠪᠣᠬᠢᠷᠲᠤᠯ ᠥᠬᠡᠶ ᠬᠥᠭ᠌ᠵᠢᠭᠦᠯᠬᠦ᠌》 ᠠᠮᠢ ᠠᠬᠤᠶ᠎ᠶ᠋ᠢᠨ ᠬᠡᠯᠬᠢᠶ᠎ᠡ᠎ᠶ᠋ᠢ ᠪᠦᠷᠢᠯᠳᠦᠭᠦᠯᠪᠡ᠃ 《ᠥᠩᠭᠡᠷᠡᠭ᠌ᠰᠡᠨ᠎ᠳ᠋ᠦ᠍ ᠡᠱᠢ ᠰᠦᠷᠡᠯ᠎ᠢ᠋ ᠨᠠᠷᠠᠨ᠎ᠳ᠋ᠤ ᠡᠭᠡᠭᠡᠵᠤ ᠬᠠᠲᠠᠭᠠᠬᠤ ᠶᠠᠪᠤᠴᠠ ᠳ᠋ᠦ 40% ᠵᠢᠨ ᠰᠢᠮ᠎ᠡ ᠲᠡᠵᠢᠬᠡᠯ ᠨᠢ ᠠᠯᠳᠠᠭᠳᠠᠵᠤ ᠪᠠᠢᠵᠠᠢ᠃ ᠣᠳᠣ ᠮᠧᠬᠠᠨᠢᠭ ᠵᠢᠡᠷ ᠡᠳ᠋ᠰᠢᠭᠦᠯᠦᠨ ᠪᠤᠯᠪᠠᠰᠤᠷᠠᠭᠤᠯᠬᠤ᠎ᠪᠠᠷ ᠳᠡᠮᠵᠢᠭᠤᠯᠤᠨ᠂ ᠱᠢᠮ᠎ᠡ ᠲᠡᠵᠢᠭᠡᠯ ᠠᠯᠳᠠᠭᠳᠠᠬᠤ ᠨᠤᠷᠮ᠎ᠠ ᠨᠢ ᠭᠤᠷᠪᠠᠨ ᠬᠤᠪᠢ ᠳᠤᠷᠤᠭᠰᠢᠯᠠᠵᠠᠢ》 ᠭᠡᠵᠤ ᠪᠠᠶᠠᠨᠬᠤᠱᠢᠭᠤ ᠪᠠᠯᠭᠠᠰᠤᠨ᠎ᠤ ᠲᠦᠷᠪᠡᠨᠭᠡᠷ ᠲᠣᠰᠭᠤᠨ᠎ᠤ ᠲᠠᠷᠢᠶᠠᠴᠢᠨ ᠶᠠᠨ ᠹᠧᠩ ᠱᠢᠶᠠᠩ ᠡᠰᠢ ᠰᠦᠷᠡᠯ ᠢ᠋ ᠲᠡᠵᠢᠭᠡᠯ ᠪᠤᠷᠳᠤᠭ᠎ᠠ ᠪᠤᠯᠭᠠᠵᠤ ᠡᠳ᠋ᠰᠢᠭᠦᠯᠦᠭᠰᠡᠨ ᠠᠱᠢᠭ ᠲᠤᠰᠠ᠎ᠶ᠋ᠢ ᠶᠠᠷᠢᠵᠦ ᠪᠠᠢᠯ᠎ᠠ᠃ ᠪᠠᠶᠠᠨ᠌ᠣ᠋ᠪᠣᠭ᠎ᠠ ᠲᠣᠰᠭᠤᠨ᠎ᠤ ᠠᠷᠠᠳ ᠬᠤᠤ ᠱᠤ᠌ ᠯᠢᠨ 200 ᠭᠠᠷᠤᠢ ᠮᠦ᠍ ᠡᠷᠳᠡᠨᠢ ᠱᠢᠰᠢ ᠳᠠᠷᠢᠵᠤ᠂ ᠡᠰᠢ ᠰᠦᠷᠡᠯ᠎ᠢ ᠪᠣᠭᠤᠵᠢᠯᠠᠵᠤ ᠡᠭᠡᠭᠦᠯᠦᠨ ᠬᠤᠷᠢᠶᠠᠬᠤ ᠪᠡᠷ ᠲᠠᠮᠵᠢᠨ᠂ ᠮᠦ᠍ ᠪᠦᠷᠢ᠎ᠠᠴᠠ 300 ᠭᠠᠷᠤᠢ ᠲᠥᠭᠦᠷᠢᠭ᠎ᠤᠨ ᠣᠷᠣᠯᠭ᠎ᠠ ᠢᠯᠡᠭᠦᠦ ᠤᠯᠵᠠᠢ᠃

《2025 ᠣᠨ᠎ᠳᠤ ᠪᠠᠭᠠᠷᠢᠨ ᠪᠠᠷᠠᠭᠤᠨ ᠬᠤᠱᠢᠭᠤᠨ᠎ᠤ ᠲᠡᠵᠢᠭᠡᠯ ᠡᠪᠡᠰᠦᠨ᠎ᠤ ᠶᠡᠷᠦᠩᠬᠡᠶ ᠬᠤᠷᠢᠶᠠᠯᠳᠠ 304.5 ᠲᠦᠮᠡᠨ ᠲᠣᠨ᠎ᠳᠤ ᠬᠦᠷᠴᠦ᠍᠂ ᠲᠠᠷᠢᠮᠠᠯ᠎ᠤᠨ ᠡᠰᠢ ᠰᠦᠷᠡᠯ᠎ᠢ 75.3 ᠲᠦᠮᠡᠨ ᠲᠣᠨ ᠠᠱᠢᠭ᠍ᠯᠠᠵᠤ᠂ ᠮᠠᠯ ᠠᠵᠤ ᠠᠬᠤᠶ᠎ᠶ᠋ᠢᠨ ᠬᠥᠭ᠌ᠵᠢᠯᠲᠡ᠎ᠳᠤ ᠰᠠᠭᠤᠷᠢ ᠲᠠᠯᠪᠢᠵᠠᠢ》 ᠭᠡᠵᠤ ᠬᠤᠱᠢᠭᠤᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠰᠠᠯᠠᠭ᠎ᠠ ᠲᠠᠰᠤᠭ᠎ᠤᠨ ᠬᠠᠷᠢᠭᠤᠴᠠᠯᠭᠠᠲᠠᠨ ᠬᠡᠯᠡᠪᠡ᠃ ᠪᠠᠭᠠᠷᠢᠨ ᠪᠠᠷᠠᠭᠤᠨ ᠬᠤᠱᠢᠭᠤ ᠡᠪᠡᠰᠦ ᠳᠠᠷᠢᠵᠤ ᠨᠦᠬᠡᠴᠡᠯᠡᠬᠦ ᠪᠠ ᠠᠮᠢ ᠠᠬᠤᠶ ᠵᠢ ᠵᠠᠰᠠᠬᠤ ᠵᠢ ᠤᠶᠠᠯᠳᠤᠭᠤᠯᠬᠤ᠎ᠪᠠᠷ ᠳᠠᠮᠵᠢᠭᠤᠯᠤᠨ᠂ ᠠᠮᠢ ᠠᠬᠤᠶ᠎ᠶ᠋ᠢ ᠰᠠᠢᠵᠢᠷᠠᠭᠤᠯᠬᠤ᠂ ᠮᠠᠯ ᠠᠵᠤ ᠠᠬᠤᠶ᠎ᠶ᠋ᠢᠨ ᠦᠷ᠎ᠡ ᠠᠱᠢᠭ᠎ᠢ ᠨᠡᠮᠡᠭ᠌ᠳᠡᠭᠦᠯᠬᠦ᠂ ᠮᠠᠯᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠵᠢ ᠵᠡᠷᠭᠡ ᠪᠡᠷ ᠠᠬᠢᠭᠤᠯᠬᠤ ᠵᠠᠮ᠎ᠢ ᠨᠡᠭᠡᠭᠡᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号