ᠰᠢᠯᠢ ᠵᠢᠨ ᠭᠤᠤᠯ ᠠᠢᠮᠠᠭ᠎ᠤᠨ ᠲᠤᠲᠤᠭᠠᠳᠤ ᠵᠢ ᠬᠠᠮᠠᠭᠠᠯᠠᠬᠤ ᠪᠠᠢᠭᠤᠯᠭ᠎ᠠ 《ᠰᠢᠪᠠᠭᠤᠳ᠎ᠢ ᠬᠠᠮᠠᠭᠠᠯᠠᠬᠤ》 ᠭᠤᠤᠯ ᠰᠡᠳᠤᠪᠳᠤ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠵᠠᠢ
2026-04-27 16:34:30
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠱᠢᠯᠢ᠎ᠶ᠋ᠢᠨ ᠭᠤᠤᠯ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠤᠷᠴᠢᠨ ᠳᠤᠭᠤᠷᠢᠨ ᠢᠳᠡᠭᠡᠨ ᠤᠮᠳᠠᠭᠠᠨ ᠡᠮ᠎ᠦᠨ ᠵᠦᠶ᠋ᠯᠡᠰ᠎ᠤᠨ ᠬᠡᠷᠡᠭ᠎ᠢ ᠲᠠᠩᠨᠠᠨ ᠪᠠᠢᠴᠠᠭᠠᠬᠤ ᠰᠠᠯᠠᠭ᠎ᠠ ᠮᠥᠴᠢᠷ᠎ᠤᠨ ᠬᠢᠨ ᠱᠢᠯᠢ᠎ᠶ᠋ᠢᠨ ᠭᠤᠤᠯ᠎ᠤᠨ ᠬᠥᠪᠡᠭᠡᠨ᠎ᠳᠦ 《ᠰᠢᠪᠠᠭᠤᠳ᠎ᠢ ᠬᠠᠮᠠᠭᠠᠯᠠᠬᠤ》 ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠍᠂ ᠱᠢᠯᠢᠩᠬᠣᠲᠠ᠎ᠶ᠋ᠢᠨ ᠶᠢᠰᠦᠳᠦᠭᠡᠷ ᠪᠠᠭ᠎ᠠ ᠰᠤᠷᠭᠠᠭᠤᠯᠢ᠎ᠶ᠋ᠢᠨ ᠬᠡᠰᠡᠭ ᠪᠠᠭ᠍ᠰᠢ ᠰᠣᠷᠣᠭ᠍ᠴᠢ ᠪᠤᠯᠤᠨ ᠬᠡᠷ᠎ᠦᠨ ᠠᠬᠠᠮᠠᠳ᠎ᠲᠦ ᠵᠢᠭᠦᠷᠳᠡᠨ ᠰᠢᠪᠠᠭᠤᠳ᠎ᠢ ᠬᠠᠢᠷᠠᠯᠠᠨ ᠬᠠᠮᠠᠭᠠᠯᠠᠵᠦ᠂ ᠡᠬᠡ ᠪᠠᠢᠭᠠᠯᠢ ᠪᠡᠨ ᠤᠯᠠᠮ ᠰᠠᠢᠨ ᠰᠠᠢᠬᠠᠨ ᠪᠤᠯᠭᠠᠨ ᠪᠦᠲᠦᠭᠡᠨ ᠪᠠᠢᠭᠤᠯᠬᠤ ᠲᠤᠮᠳᠠ ᠬᠦᠮᠦᠨ ᠪᠦᠬᠦᠨ ᠴᠦᠮ ᠬᠠᠷᠢᠭᠤᠴᠠᠯᠭ᠎ᠠ ᠳᠠᠢ ᠭᠡᠬᠦ ᠲᠠᠨᠢᠯᠳᠠ ᠵᠢ ᠤᠢᠯᠠᠭᠠᠭᠤᠯᠵᠠᠢ᠃

ᠦᠳᠡ ᠵᠢᠨ ᠡᠮᠦᠨᠡᠬᠢ 9 ᠴᠠᠭ᠎ᠲᠦ᠂ ᠠᠷᠠᠳ᠎ᠤᠨ ᠴᠠᠭ᠍ᠳᠠᠭ᠎ᠠ ᠨᠠᠷ ᠤᠷᠴᠢᠨ ᠳᠤᠭᠤᠷᠢᠨ ᠢᠳᠡᠭᠡᠨ ᠤᠮᠳᠠᠭᠠᠨ ᠡᠮ᠎ᠦᠨ ᠵᠦᠶ᠋ᠯᠡᠰ᠎ᠤᠨ ᠬᠡᠷᠡᠭ᠎ᠢ ᠲᠠᠩᠨᠠᠨ ᠪᠠᠢᠴᠠᠭᠠᠬᠤ ᠡᠭᠦᠷᠭᠡ ᠴᠢᠳᠠᠪᠬᠢ᠎ᠯᠤᠭᠡ ᠪᠡᠨ ᠤᠶᠠᠯᠳᠤᠭᠤᠯᠵᠦ᠂ ᠪᠠᠭ᠍ᠰᠢ ᠰᠣᠷᠣᠭ᠍ᠴᠢ ᠪᠣᠯᠤᠨ ᠬᠡᠷ᠎ᠦᠨ ᠠᠬᠠᠮᠠᠳ᠎ᠲᠤ ᠱᠢᠪᠠᠭᠤᠳ᠎ᠤᠨ ᠲᠥᠷᠥᠯ ᠵᠦᠢᠯ᠂ ᠦᠷᠡᠵᠢᠨ ᠲᠦᠯᠵᠢᠬᠦ ᠳᠠᠳᠭᠠᠯ ᠵᠢᠴᠢ ᠠᠮᠢ ᠠᠬᠤᠶ᠎ᠶ᠋ᠢᠨ ᠱᠢᠰᠲ᠋ᠧᠮ᠎ᠳᠡᠬᠢ ᠴᠢᠬᠤᠯᠠ ᠦᠶ᠋ᠯᠡᠳᠦᠯ᠎ᠢ ᠲᠠᠨᠢᠯᠴᠠᠭᠤᠯᠵᠤ᠂ ᠱᠢᠪᠠᠭᠤᠨ᠎ᠤ ᠲᠥᠷᠥᠯ᠎ᠢ ᠬᠠᠮᠠᠭᠠᠯᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠠᠴᠢ ᠬᠣᠯᠪᠣᠭ᠍ᠳᠠᠯ᠎ᠢ ᠲᠠᠨᠢᠯᠴᠠᠭᠤᠯᠪᠠ᠃ ᠠᠷᠠᠳ᠎ᠤᠨ ᠴᠠᠭ᠍ᠳᠠᠭ᠎ᠠ ᠲᠤᠬᠠᠶ᠎ᠶ᠋ᠢᠨ ᠲᠠᠯᠠᠪᠠᠶ᠎ᠳᠤ ᠪᠠᠰᠠ ᠱᠢᠯᠢ᠎ᠶ᠋ᠢᠨ ᠭᠤᠤᠯ ᠠᠢᠮᠠᠭ᠎ᠤᠨ ᠬᠡᠪᠴᠢᠶᠡᠨ᠎ᠳᠡᠬᠢ ᠨᠡᠭᠦᠳᠡᠯ᠎ᠦᠨ ᠱᠢᠪᠠᠭᠤᠨ᠎ᠤ ᠲᠥᠷᠥᠯ᠎ᠦᠨ ᠲᠥᠷᠥᠯ ᠵᠦᠶ᠋ᠯ᠂ ᠲᠠᠷᠬᠠᠯᠲᠠ᠎ᠶ᠋ᠢᠨ ᠣᠨᠴᠠᠯᠢᠭ ᠪᠣᠯᠤᠨ ᠬᠠᠮᠠᠭᠠᠯᠠᠯᠲᠠ᠎ᠶ᠋ᠢᠨ ᠣᠳᠣᠬᠢ ᠪᠠᠢᠳᠠᠯ᠎ᠢ ᠲᠠᠢᠯᠪᠤᠷᠢᠯᠠᠵᠤ᠂ ᠵᠠᠯᠠᠭᠤᠴᠤᠳ ᠪᠠᠭᠠᠴᠤᠳ᠎ᠤᠨ ᠪᠠᠢᠭᠠᠯᠢ ᠲᠠᠶ ᠣᠢᠷᠠᠳᠴᠤ᠂ ᠪᠠᠢᠭᠠᠯᠢ᠎ᠶ᠋ᠢ ᠠᠵᠢᠭ᠍ᠯᠠᠬᠤ᠎ᠶ᠋ᠢ ᠬᠦᠬᠢᠭᠦᠯᠵᠦ᠂ ᠬᠡᠭᠡᠷ᠎ᠡ᠎ᠶ᠋ᠢᠨ ᠠᠮᠢᠲᠠᠨ᠎ᠢ ᠬᠠᠢᠷᠠᠯᠠᠨ ᠬᠠᠮᠠᠭᠠᠯᠠᠬᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ ᠤᠬᠠᠮᠰᠠᠷ᠎ᠢ ᠴᠢᠩᠭᠠᠳᠭᠠᠪᠠ᠃

ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠶᠠᠪᠤᠴᠠ᠎ᠳᠤ᠂ ᠷᠠᠱᠢᠶᠠᠨ ᠬᠤᠪᠢᠶᠠᠷᠢ ᠲᠣᠪᠴᠢᠶ᠎ᠠ᠎ᠶ᠋ᠢᠨ ᠠᠷᠠᠳ᠎ᠤᠨ ᠴᠠᠭ᠍ᠳᠠᠭ᠎ᠠ ᠨᠠᠷ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ ᠬᠠᠤᠯᠢ》 ᠵᠢᠨ ᠲᠤᠬᠠᠢᠯᠠᠭᠰᠠᠨ ᠠᠭᠤᠯᠭ᠎ᠠ ᠵᠢ ᠤᠬᠠᠭᠤᠯᠤᠨ ᠲᠠᠢᠯᠪᠤᠷᠢᠯᠠᠵᠤ᠂ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠬᠡᠭᠡᠷ᠎ᠡ᠎ᠶ᠋ᠢᠨ ᠱᠢᠪᠠᠭᠤ᠎ᠶ᠋ᠢ ᠬᠠᠤᠯᠢ ᠪᠤᠰᠤ᠎ᠪᠠᠷ ᠠᠩᠨᠠᠬᠤ᠂ ᠠᠷᠠᠯᠵᠢᠶᠠᠯᠠᠬᠤ ᠵᠡᠷᠭᠡ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢᠨ ᠬᠠᠤᠯᠢ ᠴᠠᠭᠠᠵᠠ᠎ᠶ᠋ᠢᠨ ᠦᠷ᠎ᠡ ᠳ᠋ᠦᠩ᠎ᠢ ᠭᠦᠨᠵᠡᠭᠡᠶ ᠵᠠᠳᠠᠯᠤᠭ᠍ᠰᠠᠨ ᠪᠥᠭᠡᠳ ᠬᠡᠭᠡᠷ᠎ᠡ᠎ᠶ᠋ᠢᠨ ᠠᠮᠢᠲᠠᠨ ᠤᠷᠭᠤᠮᠠᠯ ᠯᠤᠭ᠎ᠠ ᠬᠣᠯᠪᠣᠭ᠍ᠳᠠᠭ᠍ᠰᠠᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ ᠲᠠᠯ᠎ᠠ᠎ᠪᠠᠷ᠎ᠬᠢ ᠡᠭᠦᠷᠭᠡ ᠬᠠᠷᠢᠭᠤᠴᠠᠯᠭ᠎ᠠ ᠪᠠ ᠦᠷ᠎ᠡ ᠪᠦᠲᠦᠮᠵᠢ᠎ᠶ᠋ᠢ ᠲᠠᠨᠢᠯᠴᠠᠭᠤᠯᠪᠠ᠃

ᠱᠢᠯᠢᠡᠭᠬᠤᠳᠠ ᠵᠢᠨ ᠶᠢᠰᠦᠳᠦᠭᠡᠷ ᠪᠠᠭ᠎ᠠ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ ᠲᠣᠰ ᠤᠳᠠᠭᠠᠨ᠎ᠤ ᠠᠵᠢᠯᠯᠠᠭ᠎ᠠ᠎ᠶ᠋ᠢᠨ ᠠᠭᠤᠯᠭ᠎ᠠ ᠬᠡᠯᠪᠡᠷᠢ ᠨᠢ ᠠᠮᠢᠳᠤᠯᠢᠭ ᠰᠢᠨ᠎ᠡ ᠰᠡᠪᠡᠭᠦᠨ ᠪᠤᠯᠬᠤᠷ ᠲᠡᠳᠡᠨᠡᠷ᠎ᠲᠦ ᠮᠠᠰᠢ ᠰᠤᠨᠢᠷᠬᠠᠯᠳᠠᠢ ᠰᠠᠨᠠᠭᠳᠠᠪᠠ ᠭᠡᠵᠡᠶ᠃ ᠲᠡᠳᠡ ᠠᠵᠢᠯᠯᠠᠭ᠎ᠠ ᠵᠢᠨ ᠲᠤᠮᠳᠠ ᠡᠴᠡ ᠮᠠᠰᠢ ᠤᠯᠠᠨ ᠰᠢᠨ᠎ᠡ ᠮᠡᠳᠡᠯᠭᠡ ᠤᠯᠵᠦ ᠮᠡᠳᠡᠭᠰᠡᠨ ᠪᠦᠭᠡᠳ ᠱᠢᠪᠠᠭᠤᠨ᠎ᠤ ᠲᠥᠷᠥᠯ᠎ᠢ ᠬᠠᠮᠠᠭᠠᠯᠠᠬᠤ᠂ ᠪᠠᠢᠭᠠᠯᠢ᠎ᠶ᠋ᠢ ᠬᠠᠢᠷᠠᠯᠠᠬᠤ᠎ᠶ᠋ᠢᠨ ᠴᠢᠬᠤᠯᠠ ᠴᠢᠨᠠᠷ᠎ᠢ ᠤᠯᠠᠮ ᠭᠦᠨᠵᠡᠭᠡᠶ ᠣᠢᠯᠠᠭᠠᠵᠠᠶ᠃

ᠬᠤᠢᠰᠢᠳᠠ ᠱᠢᠯᠢ᠎ᠶ᠋ᠢᠨ ᠭᠤᠤᠯ ᠠᠢᠮᠠᠭ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠢᠨ ᠤᠷᠴᠢᠨ ᠳᠤᠭᠤᠷᠢᠨ ᠢᠳᠡᠭᠡᠨ ᠤᠮᠳᠠᠭᠠᠨ ᠡᠮ᠎ᠦᠨ ᠵᠦᠶ᠋ᠯᠡᠰ᠎ᠤᠨ  ᠬᠡᠷᠡᠭ᠎ᠢ ᠲᠠᠩᠨᠠᠨ ᠪᠠᠢᠴᠠᠭᠠᠬᠤ ᠰᠠᠯᠠᠭ᠎ᠠ ᠮᠥᠴᠢᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠦᠷᠭᠦᠯᠵᠢᠯᠡᠨ ᠦᠶ᠋ᠯᠡᠳᠦᠯᠭᠡᠵᠢᠭᠦᠯᠵᠦ᠍᠂ ᠣᠷᠴᠢᠨ ᠲᠣᠭᠣᠷᠢᠨ ᠬᠢᠭᠡᠳ ᠢᠳᠡᠭᠡᠨ ᠪᠠ ᠡᠮ᠎ᠦᠨ ᠵᠦᠶ᠋ᠯᠡᠰ᠎ᠦᠨ ᠠᠮᠤᠷ ᠲᠦᠪᠱᠢᠨ᠎ᠦ ᠲᠠᠩᠨᠠᠨ ᠪᠠᠢᠴᠠᠭᠠᠬᠤ ᠭᠤᠤᠯ ᠬᠠᠷᠢᠭᠤᠴᠠᠯᠭ᠎ᠠ ᠭᠤᠤᠯ ᠠᠵᠢᠯ᠎ᠯᠤᠭ᠎ᠠ ᠪᠡᠨ ᠨᠢᠭ᠍ᠲᠠ ᠤᠶᠠᠯᠳᠤᠭᠤᠯᠤᠨ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠬᠡᠭᠡᠷ᠎ᠡ᠎ᠶ᠋ᠢᠨ ᠠᠮᠢᠲᠠᠨ᠎ᠢ ᠬᠠᠤᠯᠢ ᠪᠤᠰᠤ᠎ᠪᠠᠷ ᠠᠩᠨᠠᠬᠤ᠂ ᠠᠷᠠᠯᠵᠢᠶᠠᠯᠠᠬᠤ ᠵᠢᠴᠢ ᠣᠷᠴᠢᠨ ᠲᠣᠭᠣᠷᠢᠨ᠎ᠢ ᠪᠣᠬᠢᠷᠲᠤᠭᠤᠯᠬᠤ ᠵᠡᠷᠭᠡ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠴᠦ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠤᠨ ᠬᠠᠮᠠᠭᠠᠯᠠᠬᠤ ᠪᠡᠷ ᠬᠦᠴᠦᠯᠡᠨ ᠴᠢᠷᠮᠠᠢᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号