ᠤᠢ᠍ᠢᠷ᠎ᠠ᠎ᠳᠤ᠂ ᠪᠠᠶᠠᠨᠨᠠᠭᠤᠷ ᠬᠤᠳᠠ᠎ᠶ᠋ᠢᠨ ᠳ᠋ᠸᠩᠺᠸᠤ ᠱᠢᠶᠠᠨ ᠤ ᠪᠠᠶᠠᠨ ᠭᠤᠤᠯ ᠪᠠᠯᠭᠠᠰᠤ ᠶ᠋ᠢᠨ ᠴᠸᠩ ᠭᠤᠸᠠᠨ ᠲᠣᠰᠭᠣᠨ᠎ᠤ ᠤᠨᠴᠠᠯᠢᠬ᠍ᠳᠤ ᠵᠢᠮᠢᠰ ᠲᠡᠭᠦᠬᠦ᠌ ᠬᠦᠷᠢᠶᠡᠯᠡᠩ᠎ᠳᠦ ᠵᠢᠭᠤᠯᠴᠢᠯᠠᠬᠰᠠᠳ ᠴᠤᠭ᠍ᠯᠠᠷᠠᠨᠠ᠃ ᠵᠠᠯᠭᠠᠯᠳᠤᠭ᠍ᠰᠠᠨ ᠬᠦᠯᠡᠮᠵᠢ᠎ᠳᠦ᠂ ᠭᠥᠯᠢᠭᠡᠷ ᠰᠠᠢᠬᠠᠨ ᠲᠥᠪᠡᠳ ᠬᠠᠰᠢ ᠮᠥᠴᠢᠷ ᠳᠦᠭᠦᠷᠡᠩ ᠮᠡᠯᠲᠡᠭᠡᠨᠡᠵᠦ᠍᠂ ᠰᠢᠨ᠎ᠡ ᠰᠣᠷᠭᠣᠭ ᠥᠷᠭᠡᠰᠦᠲᠦ ᠬᠡᠮᠬᠡ ᠣᠷᠢᠶᠠᠩᠭᠤ᠎ᠶ᠋ᠢ ᠳᠠᠭᠠᠨ ᠤᠨᠵᠢ᠌ᠵᠤ᠂ ᠤᠳᠤᠮᠪᠠᠷᠠ ᠵᠢᠮᠢᠰ ᠵᠡᠷᠭᠡ ᠤᠨᠴᠠᠯᠢᠬ᠍ᠳᠤ ᠵᠢᠮᠢᠰ᠎ᠦᠨ ᠤᠷᠭᠤᠴᠠ ᠨᠢ ᠬᠥᠮᠦᠰ᠎ᠤᠨ ᠬᠠᠷᠠᠭ᠎ᠠ ᠵᠢ ᠪᠠᠶᠠᠰᠭᠠᠨ᠎ᠠ ᠁ 40 ᠭᠠᠷᠤᠢ ᠬᠦᠯᠡᠮᠵᠢ᠎ᠳᠦ ᠵᠦᠢᠯ᠎ᠤᠨ ᠵᠢᠮᠢᠰ ᠡᠯᠪᠡᠭ ᠤᠷᠭᠤᠵᠤ᠂ᠵᠢᠭᠤᠯᠴᠢᠯᠠᠬᠰᠠᠳ ᠪᠠ ᠬᠤᠳᠠ᠎ᠶ᠋ᠢᠨ ᠠᠷᠠᠳ᠎ᠤᠨ ᠠᠩᠬᠠᠷᠤᠯ᠎ᠢ ᠶᠡᠬᠡ ᠪᠡᠷ ᠲᠠᠲᠠᠪᠠ᠃
ᠪᠠᠶᠠᠨ ᠭᠤᠤᠯ ᠪᠠᠯᠭᠠᠰᠤ ᠢᠮᠠᠭ᠍ᠲᠠ ᠨᠠᠮ ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠬᠤ᠎ᠶ᠋ᠢ ᠪᠠᠷᠢᠮᠲᠠᠯᠠᠵᠦ᠂ ᠦᠨᠳᠦᠰᠦᠨ ᠱᠠᠲᠤᠨ ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠣᠨᠴᠠᠯᠢᠭ᠍ᠲᠤ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠭᠤᠤᠯ ᠬᠥᠳᠡᠯᠭᠡᠬᠦ᠌ ᠬᠦᠴᠦᠨ ᠪᠣᠯᠭᠠᠵᠦ᠂ ᠲᠥᠬᠦᠭᠡᠷᠦᠮᠵᠢᠲᠦ ᠲᠠᠷᠢᠶᠠᠯᠠᠩ᠂ ᠠᠮᠢ ᠠᠬᠤᠶ᠎ᠶ᠋ᠢᠨ ᠲᠠᠷᠢᠮᠠᠯ ᠪᠠ ᠤᠨᠴᠠᠯᠢᠬᠲᠦ ᠵᠢᠮᠢᠰ ᠲᠡᠭᠦᠬᠦᠬᠦᠷᠢᠶᠡᠯᠡᠩ ᠵᠡᠷᠭᠡ ᠭᠤᠷᠪᠠᠨ ᠶᠡᠬᠡ ᠬᠡᠰᠡᠭ᠎ᠲᠤ ᠲᠦᠪᠯᠡᠷᠡᠬᠦᠯᠵᠦ᠂ ᠤᠶᠤᠨᠲᠤ ᠳᠤᠯᠠᠭᠠᠨ᠎ᠤ ᠡᠵᠡᠮᠱᠢᠯ᠎ᠤᠨ ᠮᠡᠷᠭᠡᠵᠢᠯ ᠢ ᠣᠷᠣᠭᠤᠯᠤᠨ ᠠᠪᠴᠢᠷᠠᠵᠦ᠂ ᠱᠢᠨᠵᠢᠯᠡᠬᠦ᠌ ᠤᠬᠠᠭᠠᠨᠴᠢ ᠪᠡᠷ ᠤᠰᠤ ᠪᠣᠷᠳᠣᠭᠤᠷ᠎ᠢ ᠨᠢᠭᠡ ᠴᠣᠭ᠍ᠴᠠᠵᠢᠭᠤᠯᠬᠤ ᠲᠡᠷᠢᠭᠦᠨ᠎ᠦ ᠲᠠᠷᠢᠬᠤ ᠮᠡᠷᠭᠡᠵᠢᠯ᠂ ᠥᠨᠳᠥᠷ ᠪᠦᠲᠦᠮᠵᠢᠲᠡᠢ ᠲᠠᠷᠢᠬᠤ ᠵᠠᠭ᠍ᠪᠤᠷ᠎ᠤᠨ ᠱᠢᠨ᠎ᠡ᠎ᠶ᠋ᠢ ᠡᠭᠦᠳᠪᠡ᠃ ᠡᠨᠡ ᠨᠢ ᠣᠨᠴᠠᠯᠢᠭ᠍ᠲᠤ ᠵᠢᠮᠢᠰ ᠪᠠ ᠢᠳᠡᠱᠢᠨ ᠨᠣᠭᠣᠭ᠎ᠠ᠎ᠶ᠋ᠢᠨ ᠪᠦᠬᠦ᠌ ᠵᠢᠯ᠎ᠦᠨ ᠴᠢᠨᠠᠷ ᠰᠠᠢᠲᠠᠶ ᠥᠨᠳᠥᠷ ᠤᠨᠠᠯᠲᠠ᠎ᠶ᠋ᠢ ᠪᠡᠶᠡᠯᠡᠭᠦᠯᠦᠭᠰᠡᠨ ᠪᠦᠭᠡᠳ ᠲᠤᠬᠠᠶ᠎ᠶ᠋ᠢᠨ ᠭᠠᠵᠠᠷ᠎ᠤᠨ ᠱᠢᠨ᠎ᠡ ᠰᠣᠷᠭᠣᠭ ᠵᠢᠮᠢᠰ ᠪᠠ ᠬᠦᠬᠡ ᠨᠣᠭᠣᠭᠠᠨ᠎ᠤ ᠵᠠᠬ᠎ᠠ ᠳᠡᠯᠭᠡᠭᠦᠷ ᠦᠨ ᠬᠣᠭᠣᠰᠣᠨ᠎ᠢ ᠨᠥᠬᠥᠪᠥᠷᠢᠯᠡᠵᠦ᠂ ᠣᠯᠠᠨ ᠲᠦᠮᠡᠨ ᠦ ᠡᠳᠦᠷ ᠲᠤᠲᠤᠮ᠎ᠤᠨ ᠬᠡᠷᠡᠭ᠌ᠴᠡᠭᠡ ᠶ᠋ᠢ ᠬᠠᠩᠭᠠᠬᠤ᠎ᠵᠢᠨ ᠬᠠᠮᠳᠦ ᠨᠠᠩ ᠴᠤ᠌ ᠲᠠᠷᠢᠶᠠᠯᠠᠩ ᠤᠨ ᠠᠵᠤ ᠦᠶ᠋ᠯᠡᠰ᠎ᠦᠨ ᠨᠡᠮᠡᠭ᠌ᠳᠡᠯ ᠦᠷᠳᠡᠭ᠎ᠦᠨ ᠬᠡᠯᠬᠢᠶ᠎ᠡ᠎ᠶ᠋ᠢ ᠨᠡᠪᠲᠡᠷᠡᠭᠦᠯᠵᠦ᠂ ᠣᠨᠴᠠᠯᠢᠭ᠍ᠲᠤ ᠲᠡᠭᠦᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠪᠡ᠃
ᠤᠨᠴᠠᠯᠢᠬ᠍ᠳᠤ ᠲᠡᠭᠦᠬᠦ᠌ ᠠᠵᠤ ᠦᠶ᠋ᠯᠡᠰ᠎ᠦᠨ ᠥᠷᠨᠢᠩᠭᠦᠶ ᠬᠥᠭ᠌ᠵᠢᠯᠲᠡ ᠨᠢ ᠲᠠᠷᠢᠮᠠᠯ᠎ᠤᠨ ᠡᠷᠦᠬᠡ᠎ᠶ᠋ᠢᠨ ᠬᠡᠷ᠎ᠦᠨ ᠡᠭᠦᠳᠡᠨ ᠳᠡᠭᠡᠷ᠎ᠡ ᠪᠠᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠪᠡ᠃ 《ᠮᠠᠨ᠎ᠤ ᠡᠨᠳᠡᠬᠢ ᠡᠳᠦᠷ ᠰᠥᠨᠢ᠎ᠶ᠋ᠢᠨ ᠳᠤᠯᠠᠭᠠᠨ᠎ᠤ ᠵᠥᠷᠢᠶ᠎ᠡ ᠶᠡᠬᠡ᠂ ᠲᠠᠷᠢᠭ᠍ᠰᠠᠨ ᠱᠠᠪᠲᠠᠯ᠎ᠠ᠎ᠶ᠋ᠢᠨ ᠱᠢᠬᠢᠷᠯᠢᠭ᠎ᠦᠨ ᠬᠡᠮᠵᠢᠶ᠎ᠡ ᠥᠨᠳᠥᠷ᠂ ᠠᠮᠲᠠ ᠨᠢ ᠰᠠᠢᠨ᠂ ᠡᠭᠦᠨ ᠦ ᠳᠡᠭᠡᠷ᠎ᠡ ᠱᠢᠶᠠᠨ᠎ᠠᠴᠠ ᠤᠢ᠍ᠢᠷ᠎ᠠ᠂ ᠭᠠᠷᠠᠭ᠎ᠤᠨ ᠰᠡᠭᠦᠯᠴᠢ ᠪᠠ ᠪᠠᠶᠠᠷ ᠳᠤᠷᠠᠰᠭᠠᠯ᠎ᠤᠨ ᠡᠳᠦᠷ ᠵᠢᠮᠢᠰ ᠲᠡᠭᠦᠬᠦ᠌᠎ᠪᠡᠷ ᠢᠷᠡᠭ᠌ᠰᠡᠨ ᠵᠢᠭᠤᠯᠴᠢᠯᠠᠬᠰᠠᠳ ᠮᠠᠰᠢ ᠤᠯᠠᠨ᠂ ᠪᠣᠷᠣᠯᠠᠭᠤᠯᠭ᠎ᠠ᠎ᠶ᠋ᠢᠨ ᠵᠠᠮ᠎ᠳᠤ ᠰᠠᠨᠠᠭ᠎ᠠ ᠵᠣᠪᠠᠬᠤ ᠬᠡᠷᠡᠭ ᠦᠭᠡᠢ》 ᠭᠡᠵᠦ᠍ ᠴᠧᠩ ᠭᠤᠸᠠᠨ ᠲᠣᠰᠭᠣᠨ ᠤ ᠲᠠᠷᠢᠮᠠᠯ᠎ᠤᠨ ᠡᠷᠦᠬᠡ ᠮᠠ ᠸᠧᠢ ᠬᠡᠯᠡᠪᠡ᠃
ᠴᠧᠩ ᠭᠤᠸᠠᠨ ᠲᠣᠰᠭᠣᠨ᠎ᠤ ᠨᠠᠮ᠎ᠤᠨ ᠡᠭᠦᠷ᠎ᠦᠨ ᠱᠦᠵᠢ ᠦ᠋ ᠵᠢᠶᠠᠩ ᠶᠠᠨ ᠲᠠᠨᠢᠯᠴᠠᠭᠤᠯᠬᠤ᠎ᠳᠠᠭᠠᠨ᠂ ᠵᠢᠮᠢᠰ ᠲᠡᠭᠦᠬᠦ᠌ ᠬᠦᠷᠢᠶᠡᠯᠡᠩ᠎ᠦᠨ ᠳᠤᠯᠠᠭᠠᠨ ᠬᠦᠯᠡᠮᠵᠢ ᠪᠦᠷᠢ᠎ᠶ᠋ᠢᠨ ᠵᠢᠯ᠎ᠦᠨ ᠴᠡᠪᠡᠷ ᠣᠷᠣᠯᠭ᠎ᠠ᠎ᠶ᠋ᠢ 5 ᠲᠦᠮᠡᠨ ᠲᠥᠭᠥᠷᠢᠭ ᠣᠷᠴᠢᠮ᠎ᠳᠤ ᠲᠣᠭ᠍ᠲᠠᠪᠤᠷᠢᠵᠢᠭᠤᠯᠵᠤ᠂ ᠲᠣᠰᠭᠣᠨ᠎ᠤ ᠨᠠᠮ᠎ᠤᠨ ᠡᠭᠦᠷ ᠲᠦᠷᠦᠭᠦᠯᠡᠨ᠂ ᠲᠠᠷᠢᠶᠠᠴᠢᠨ ᠡᠷᠦᠬᠡ ᠪᠣᠯᠤᠨ ᠲᠤᠰᠭᠠᠶ ᠲᠠᠷᠢᠮᠠᠯ᠎ᠤᠨ ᠺᠣᠮᠫᠠᠨᠢ᠎ᠶ᠋ᠢᠨ ᠬᠠᠮᠲᠤᠷᠠᠨ ᠳᠠᠭᠠᠭᠠᠴᠢᠯᠠᠬᠤ ᠲᠠᠪᠴᠠᠩ᠎ᠢ ᠪᠠᠢᠭᠤᠯᠵᠤ᠂ 《ᠨᠠᠮ᠎ᠤᠨ ᠡᠭᠦᠷ + ᠺᠣᠮᠫᠠᠨᠢ + ᠲᠠᠷᠢᠶᠠᠴᠢᠨ ᠡᠷᠦᠬᠡ》 ᠶ᠋ᠢᠨ ᠵᠠᠭ᠍ᠪᠤᠷ᠎ᠢ ᠬᠡᠷᠡᠭ᠌ᠵᠢᠭᠦᠯᠵᠦ᠍ ᠂ ᠲᠣᠰ ᠲᠣᠰᠭᠣᠨ ᠵᠢᠴᠢ ᠡᠷᠬᠢᠨ ᠲᠣᠭᠣᠷᠢᠨ ᠤ ᠲᠣᠰᠭᠣᠨ᠎ᠤ ᠠᠷᠠᠳ᠎ᠤᠨ ᠣᠢᠷ᠎ᠠ ᠬᠠᠪᠢ᠎ᠳᠠᠭᠠᠨ ᠠᠵᠢᠯ ᠬᠥᠳᠡᠯᠮᠦᠷᠢ ᠬᠢᠬᠦ᠌᠎ᠶ᠋ᠢ ᠪᠡᠶᠡᠯᠡᠬᠦᠯᠪᠡ᠃ ᠲᠣᠰᠭᠣᠨ᠎ᠤ ᠠᠷᠠᠳ᠎ᠤᠨ ᠡᠳᠦᠷ ᠳᠤᠮᠳᠠᠴᠢ᠎ᠶ᠋ᠢᠨ ᠣᠷᠣᠯᠭ᠎ᠠ 120 ᠡᠴᠠ 180 ᠲᠥᠭᠥᠷᠢᠭ᠎ᠲᠦ ᠬᠦᠷᠴᠡᠢ ᠭᠡᠪᠡ᠃
ᠪᠠᠶᠠᠨ ᠭᠤᠤᠯ ᠪᠠᠯᠭᠠᠰᠤ ᠨᠠᠮ᠎ᠤᠨ ᠪᠠᠢᠭᠤᠯᠤᠯᠲᠠ ᠪᠡᠷ ᠬᠦᠳᠦᠯᠦᠨ ᠳᠠᠭᠠᠭᠤᠯᠵᠦ ᠠᠵᠤ ᠦᠶ᠋ᠯᠡᠰ᠎ᠦᠨ ᠬᠥᠭ᠌ᠵᠢᠯᠲᠡ ᠵᠢ ᠠᠬᠢᠭᠤᠯᠤᠨ ᠣᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠦᠭᠰᠡᠨ ᠨᠢ ᠣᠨᠴᠠᠭᠠᠶ ᠵᠢᠱ᠌ᠢᠶ᠎ᠡ ᠪᠢᠰᠢ ᠶᠤᠮ᠃ ᠳ᠋ᠸᠩᠺᠸᠤ ᠱᠢᠶᠠᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢ᠌ᠴᠢᠨ ᠪᠡᠬᠢᠯᠡᠯᠲᠡ᠎ᠶ᠋ᠢ ᠪᠠᠢᠭᠤᠯᠤᠨ ᠬᠦᠴᠦᠷᠬᠡᠭ᠌ᠵᠢᠭᠦᠯᠬᠦ᠌᠎ᠪᠡᠷ ᠳᠡᠮᠵᠢᠨ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢᠶᠠᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠳᠡᠭᠡ ᠠᠵᠤ ᠠᠬᠤᠢ᠎ᠶ᠋ᠢᠨ ᠠᠵᠤ ᠦᠢᠯᠡᠰ᠎ᠦᠨ ᠬᠥᠭ᠌ᠵᠢᠯᠲᠡ ᠳᠤᠮᠳᠠᠬᠢ ᠮᠡᠷᠭᠡᠵᠢᠯ᠂ ᠪᠣᠷᠣᠯᠠᠭᠤᠯᠭ᠎ᠠ᠂ ᠠᠵᠢᠯ ᠣᠯᠭᠣᠯᠲᠠ ᠵᠡᠷᠭᠡ ᠪᠣᠭᠣᠮᠢ᠎ᠶ᠋ᠢᠨ ᠠᠰᠠᠭᠤᠳᠠᠯ ᠢ ᠣᠨᠣᠪᠴᠢᠲᠠᠢ ᠱᠢᠢᠳᠪᠦᠷᠢᠯᠡᠵᠦ᠍᠂ ᠬᠥᠳᠡᠭᠡ ᠲᠣᠰᠭᠣᠨ᠎ᠤ ᠠᠵᠤ ᠦᠢᠯᠡᠰ᠎ᠦᠨ ᠤᠯᠠᠮᠵᠢᠯᠠᠯᠲᠤ ᠲᠠᠷᠢᠮᠠᠯ᠎ᠠᠴᠠ ᠰᠣᠳᠣᠨ ᠵᠢᠮᠢᠰ ᠲᠡᠭᠦᠬᠦ᠌᠂ ᠬᠥᠳᠡᠭᠡ ᠠᠵᠤ ᠠᠬᠤᠢ ᠪᠠ ᠵᠢᠭᠤᠯᠴᠢᠯᠠᠯ᠎ᠢ ᠠᠭᠤᠰᠤᠯᠴᠠᠭᠤᠯᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠵᠢᠮᠢᠰ ᠲᠡᠭᠦᠬᠦ᠌ ᠬᠦᠷᠢᠶᠡᠯᠡᠩ᠂ ᠬᠠᠳᠤᠨ ᠭᠣᠣᠯ᠎ᠤᠨ ᠠᠮᠢ ᠠᠬᠤᠢ᠎ᠶ᠋ᠢᠨ ᠡᠬᠢ ᠪᠠᠶᠠᠯᠢᠭ᠎ᠲᠤ ᠲᠦᠱᠢᠭ᠌ᠯᠡᠵᠦ᠍᠂ ᠤᠢ᠍ᠢᠷ᠎ᠠ ᠬᠠᠪᠢ ᠵᠢᠨ ᠵᠢᠮᠢᠰ ᠲᠡᠭᠦᠬᠦ᠌ ᠵᠢᠭᠤᠯᠴᠢᠯᠠᠯ᠂ ᠬᠥᠳᠡᠭᠡ ᠲᠣᠰᠭᠣᠨ᠎ᠤ ᠰᠡᠯᠡᠭᠦᠴᠡᠯ᠎ᠦᠨ ᠵᠢᠭᠤᠯᠴᠢᠯᠠᠯ᠎ᠤᠨ ᠱᠤᠭᠤᠮ᠎ᠢ ᠪᠤᠢ ᠪᠣᠯᠭᠠᠵᠤ᠂ ᠡᠷᠬᠢᠨ ᠲᠣᠭᠣᠷᠢᠨ᠎ᠤ ᠵᠢᠭᠤᠯᠴᠢᠯᠠᠬᠰᠠᠳ᠎ᠢ ᠲᠡᠳᠡᠨ ᠠᠪᠴᠢᠷᠠᠵᠤ ᠪᠡᠶᠡᠴᠢᠯᠡᠨ ᠤᠢ᠍ᠢᠯᠠᠭᠠᠭᠤᠯᠵᠤ᠂ ᠤᠨᠴᠠᠯᠢᠬ᠍ᠳᠤ ᠲᠠᠷᠢᠮᠠᠯ ᠪᠠ ᠬᠥᠳᠡᠭᠡ ᠲᠣᠰᠭᠣᠨ᠎ᠤ ᠵᠢᠭᠤᠯᠴᠢᠯᠠᠯ᠎ᠳᠤ ᠬᠣᠣᠰ ᠴᠢᠭ᠌ᠯᠡᠯ ᠢᠶᠡᠷ ᠬᠦᠴᠦᠨ ᠣᠯᠭᠣᠵᠤ᠂ ᠠᠵᠤ ᠦᠢᠯᠡᠰ᠎ᠦᠨ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠴᠢᠨᠠᠬᠰᠢᠲᠠ ᠦᠷᠭᠡᠳᠭᠡᠪᠡ᠃
ᠤᠯᠠᠭᠠᠨᠪᠤᠬ᠎ᠠ ᠵᠢᠨ ᠡᠯᠡᠰᠦᠨ ᠴᠦᠯ ᠦᠨ ᠥᠪᠡᠷᠮᠢᠴᠡ ᠳᠠᠪᠠᠭᠤᠯᠢᠭ᠎ᠲᠤ ᠲᠦᠰᠢᠭᠯᠡᠨ᠂ ᠳ᠋ᠸᠩᠺᠸᠤ ᠱᠢᠶᠠᠨ ᠪᠠᠰᠠ ᠨᠢᠭᠡ ᠪᠦᠯᠦᠭ ᠭᠠᠵᠠᠷ ᠣᠷᠣᠨ᠎ᠤ ᠣᠨᠴᠠᠯᠢᠭ᠎ᠢᠶᠠᠷ ᠢᠯᠡ ᠲᠣᠳᠣ ᠲᠠᠷᠢᠶᠠᠯᠠᠩ ᠤᠨ ᠪᠦᠲᠦᠭᠡᠭ᠌ᠳᠡᠬᠦᠨ ᠦ ᠲᠦᠷᠦᠯ ᠲᠡᠮᠳᠡᠭ᠎ᠢ ᠬᠠᠮᠲᠤᠳᠤᠨᠢ ᠪᠣᠢᠵᠢᠭᠤᠯᠵᠤ᠂ ᠡᠯᠡᠰᠦᠨ ᠴᠦᠯ᠎ᠦᠨ ᠱᠢᠬᠢᠷᠯᠢᠭ ᠱᠢᠯᠦᠬᠡᠢ ᠡᠷᠳᠡᠨᠢ ᠱᠢᠰᠢ᠂ ᠣᠷᠭᠠᠨᠢᠭ ᠨᠠᠩᠭᠢ ᠴᠠᠭᠠᠨ᠂ ᠴᠢᠨᠠᠷ ᠰᠠᠢᠲᠠᠢ ᠨᠡᠷᠡᠨ ᠬᠤᠸᠠᠷ᠎ᠤᠨ ᠦᠷ᠎ᠡ ᠵᠡᠷᠭᠡ ᠪᠦᠲᠦᠭᠡᠭ᠌ᠳᠡᠬᠦᠨ᠎ᠤ ᠪᠣᠬᠢᠷᠲᠤᠯ ᠦᠭᠡᠢ ᠪᠠᠢᠭᠠᠯᠢᠯᠢᠭ ᠴᠢᠨᠠᠷ ᠴᠢᠨᠰᠠᠭ᠎ᠠ᠎ᠳᠤ ᠲᠦᠱᠢᠭ᠌ᠯᠡᠨ ᠪᠤᠷᠤᠯᠠᠭᠤᠯᠭ᠎ᠠ᠎ᠵᠢᠨ ᠠᠷᠭ᠎ᠠ ᠵᠠᠮ ᠵᠢᠡᠨ ᠦᠷᠭᠡᠳᠭᠡᠨ ᠡᠯ᠎ᠡ ᠭᠠᠵᠠᠷ ᠵᠢᠡᠷ ᠪᠣᠷᠣᠯᠠᠭᠤᠯᠵᠤ᠂ ᠤᠨᠴᠠᠯᠢᠬ᠍ᠳᠤ ᠲᠡᠭᠦᠬᠦ᠌ ᠠᠵᠤ ᠦᠢᠯᠡᠰ᠎ᠲᠡᠶ ᠬᠠᠷᠢᠯᠴᠠᠨ ᠨᠥᠬᠥᠪᠥᠷᠢᠯᠡᠵᠦ᠍᠂ ᠱᠢᠶᠠᠨ ᠤ ᠬᠡᠪᠴᠢᠶᠡᠨ ᠦ ᠤᠨᠴᠠᠯᠢᠬ᠍ᠳᠤ ᠲᠠᠷᠢᠶᠠᠯᠠᠩ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ ᠢ ᠬᠠᠮᠲᠤ᠎ᠪᠠᠷ ᠲᠤᠯᠭᠠᠭᠤᠷᠢᠯᠠᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠲᠠᠰᠤᠷᠠᠯᠳᠠ ᠦᠭᠡᠢ ᠬᠥᠳᠡᠯᠭᠡᠬᠦ᠌ ᠬᠦᠴᠦᠨ ᠨᠡᠮᠡᠷᠢᠯᠡᠨ᠎ᠠ᠃