244.45 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ
2026-04-27 10:46:26
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ ᠬᠥᠯᠥᠨ ᠪᠣᠢᠷ ᠬᠣᠲᠠ ᠤᠰᠤᠨ ᠤ᠋ ᠡᠬᠢ ᠪᠠᠶᠠᠯᠢᠭ ᠤ᠋ᠨ ᠳᠠᠪᠠᠭᠤᠯᠢᠭ᠎ᠲᠠᠭᠠᠨ ᠲᠦᠱᠢᠭ᠌ᠯᠡᠨ ᠣᠳᠣᠬᠢᠴᠢᠯᠠᠭ᠍ᠰᠠᠨ ᠤᠰᠤᠨ ᠲᠤᠤᠷ ᠤ᠋ᠨ ᠪᠥᠲᠥᠭᠡᠨ ᠪᠠᠢᠭᠤᠯᠤᠯᠲᠠ ᠢ᠋ᠢ ᠱᠢᠰᠲ᠋ᠧᠮ ᠲᠡᠶ ᠲᠥᠯᠥᠪᠵᠢᠭᠦᠯᠵᠦ᠍᠂ ᠣᠷᠣᠨ ᠪᠦᠰᠡ ᠢ᠋ᠢᠨ ᠤᠰᠤᠨ ᠲᠣᠣᠷ ᠤ᠋ᠨ ᠪᠠᠢᠷᠢᠱᠢᠯ᠎ᠢ ᠲᠡᠭᠦᠯᠳᠡᠷᠵᠢᠭᠦᠯᠵᠦ᠍᠂ ᠨᠢᠭᠡ ᠪᠦᠯᠦᠭ ᠭᠤᠤᠯᠳᠠᠯᠭ᠎ᠠ ᠲᠠᠢ ᠤᠰᠤᠨ ᠠᠱᠢᠭ᠍ᠯᠠᠯᠲᠠ ᠢ᠋ᠢᠨ ᠢᠨᠵᠧᠨᠧᠷᠢᠩ᠎ᠢ ᠲᠦᠷᠭᠡᠳᠭᠡᠨ ᠠᠬᠢᠭᠤᠯᠤᠨ᠎ᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠬᠥᠯᠥᠨ ᠪᠣᠢᠷ ᠬᠣᠲᠠ 244.45 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ 4 ᠲᠣᠮᠣ ᠬᠡᠯᠪᠡᠷᠢ ᠢ᠋ᠢᠨ ᠤᠰᠤᠨ ᠠᠱᠢᠭ᠍ᠯᠠᠯᠲᠠ ᠢ᠋ᠢᠨ ᠬᠦᠶ᠋ᠰᠦ ᠢ᠋ᠢ ᠪᠥᠲᠥᠭᠡᠨ ᠪᠠᠢᠭᠤᠯᠵᠤ᠂ ᠭᠤᠤᠯ ᠤ᠋ᠨ ᠭᠤᠯᠳᠤᠷᠢᠯ ᠤ᠋ᠨ ᠦᠶᠡᠷ᠎ᠢ ᠰᠡᠷᠭᠡᠢᠯᠡᠬᠦ᠌ ᠴᠢᠳᠠᠪᠤᠷᠢ ᠢ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠲᠠᠷᠢᠶᠠᠯᠠᠩ ᠤ᠋ᠨ ᠤᠰᠤᠯᠠᠯᠲᠠ ᠬᠢᠭᠡᠳ ᠬᠣᠲᠠ ᠬᠥᠳᠡᠭᠡ ᠢ᠋ᠢᠨ ᠤᠰᠤᠨ ᠤ᠋ ᠬᠠᠩᠭᠠᠯᠭ᠎ᠠ ᠢ᠋ᠢ ᠲᠣᠭ᠍ᠲᠠᠪᠤᠷᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ ᠳ᠋ᠤ ᠪᠠᠲᠤᠯᠠᠭ᠎ᠠ ᠬᠠᠩᠭᠠᠨ᠎ᠠ; ᠲᠠᠷᠢᠶᠠᠯᠠᠩ ᠤ᠋ᠨ ᠤᠰᠤ ᠠᠷᠪᠢᠯᠠᠵᠤ ᠦᠷ᠎ᠡ ᠠᠱᠢᠭ᠎ᠢ᠋ ᠨᠡᠮᠡᠭ᠌ᠳᠡᠭᠦᠯᠬᠦ᠌ ᠢ᠋ᠢ ᠴᠢᠩᠭᠠᠳᠭᠠᠨ᠂ ᠲᠣᠮᠣ ᠳᠤᠮᠳᠠ ᠬᠡᠯᠪᠡᠷᠢ ᠢ᠋ᠢᠨ ᠤᠰᠤᠯᠠᠯᠲᠠ ᠢ᠋ᠢᠨ ᠣᠷᠣᠨ ᠤ᠋ ᠪᠦᠲᠦᠭᠡᠨ ᠪᠠᠢᠭᠤᠯᠤᠯᠲᠠ ᠬᠢᠭᠡᠳ ᠥᠭᠡᠷᠡᠴᠢᠯᠡᠯᠲᠡ ᠢ᠋ᠢ ᠠᠬᠢᠭᠤᠯᠤᠨ᠎ᠠ; 3 ᠲᠣᠮᠣ ᠬᠡᠯᠪᠡᠷᠢ ᠢ᠋ᠢᠨ ᠤᠰᠤᠯᠠᠯᠲᠠ ᠢ᠋ᠢᠨ ᠣᠷᠣᠨ᠂ 3 ᠳᠤᠮᠳᠠ ᠬᠡᠯᠪᠡᠷᠢ ᠢ᠋ᠢᠨ ᠤᠰᠤᠯᠠᠯᠲᠠ ᠢ᠋ᠢᠨ ᠣᠷᠣᠨ ᠢ᠋ ᠱᠢᠨ᠎ᠡ᠎ᠪᠡᠷ ᠪᠦᠳᠦᠭᠡᠨ ᠪᠠᠢᠭᠤᠯᠵᠤ᠂ 5 ᠳᠤᠮᠳᠠ ᠬᠡᠯᠪᠡᠷᠢ ᠢ᠋ᠢᠨ ᠤᠰᠤᠯᠠᠯᠲᠠ ᠢ᠋ᠢᠨ ᠣᠷᠣᠨ ᠤ᠋ ᠣᠳᠣᠬᠢᠴᠢᠯᠠᠬᠤ ᠥᠭᠡᠷᠡᠴᠢᠯᠡᠯᠲᠡ ᠢ᠋ᠢ ᠬᠡᠷᠡᠭ᠌ᠵᠢᠭᠦᠯᠤᠨ᠎ᠠ᠃ 《ᠤᠰᠤᠨ ᠲᠤᠤᠷ ᠤ᠋ᠨ ᠪᠥᠲᠥᠭᠡᠨ ᠪᠠᠢᠭᠤᠯᠤᠯᠲᠠ ᠪᠡᠷ ᠭᠠᠷᠳᠠᠴᠠ ᠪᠣᠯᠭᠠᠵᠤ᠂ ᠴᠢᠬᠤᠯᠠ ᠶᠡᠬᠡ ᠲᠥᠷᠥᠯ ᠵᠦᠶ᠋ᠯ᠎ᠦᠨ ᠡᠮᠦᠨᠡᠬᠢ ᠬᠤᠭᠤᠴᠠᠭ᠎ᠠ ᠬᠢᠭᠡᠳ ᠨᠠᠢᠳᠠᠪᠤᠷᠢᠵᠢᠭᠤᠯᠤᠯᠲᠠ ᠢ᠋ᠢ ᠲᠦᠷᠭᠡᠳᠭᠡᠨ᠂ ᠤᠰᠤᠨ ᠤ᠋ ᠡᠬᠢ ᠪᠠᠶᠠᠯᠢᠭ᠎ᠢ ᠱᠢᠯᠢᠳᠡᠭ᠌ᠵᠢᠭᠦᠯᠦᠨ ᠳᠣᠭᠢᠷᠠᠭᠤᠯᠬᠤ ᠬᠢᠭᠡᠳ ᠥᠨᠳᠥᠷ ᠪᠦᠲᠦᠮᠵᠢᠲᠡᠶ ᠠᠱᠢᠭ᠍ᠯᠠᠬᠤ ᠢ᠋ᠢ ᠴᠢᠩᠭᠠᠳᠭᠠᠵᠤ᠂ ᠤᠰᠤᠨ ᠠᠱᠢᠭ᠍ᠯᠠᠯᠲᠠ ᠢ᠋ᠢᠨ ᠰᠠᠭᠤᠷᠢ ᠲᠦᠬᠦᠭᠡᠷᠦᠮᠵᠢ ᠢ᠋ᠢ ᠲᠠᠰ ᠳᠡᠪᠱᠢᠭᠦᠯᠦᠨ᠂ ᠬᠦᠯᠦᠨ ᠪᠤᠢᠷ ᠬᠣᠲᠠ ᠢ᠋ᠢᠨ ᠠᠮᠢ ᠠᠬᠤᠶ ᠢ᠋ᠢᠨ ᠬᠠᠮᠠᠭᠠᠯᠠᠯᠲᠠ᠂ ᠠᠮᠤ ᠪᠤᠳᠠᠭᠠᠨ ᠤ᠋ ᠠᠮᠤᠷ ᠲᠦᠪᠱᠢᠨ ᠬᠢᠭᠡᠳ ᠴᠢᠨᠠᠷ ᠰᠠᠢᠲᠠᠶ ᠬᠥᠭ᠌ᠵᠢᠯᠲᠡ ᠢ᠋ᠢᠨ ᠶᠡᠬᠡ ᠲᠠᠯ᠎ᠠ ᠳ᠋ᠤ ᠦᠶ᠋ᠯᠡᠴᠢᠯᠡᠨ᠎ᠡ》 ᠭᠡᠵᠤ ᠬᠥᠯᠥᠨ ᠪᠣᠢᠷ ᠬᠣᠲᠠ ᠢ᠋ᠢᠨ ᠤᠰᠤᠨ ᠠᠱᠢᠭ᠍ᠯᠠᠯᠲᠠ ᠢ᠋ᠢᠨ ᠲᠣᠪᠴᠢᠶ᠎ᠠ ᠢ᠋ᠢᠨ ᠬᠠᠷᠢᠭᠤᠴᠠᠯᠭᠠᠳᠠᠨ ᠲᠠᠨᠢᠯᠴᠠᠭᠤᠯᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号