5.27 ᠲᠦᠮᠡᠨ ᠮᠥ᠍ ᠵᠢᠨ ᠣᠢᠵᠢᠭᠤᠯᠤᠯᠳᠠ ᠵᠢᠨ ᠲᠥᠯᠥᠪᠯᠡᠭᠡ
2026-04-27 10:49:20
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ᠂ ᠥᠪᠥᠷ ᠮᠣᠩᠭᠣᠯ ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠰᠠᠭᠤᠷᠢ ᠮᠥᠩᠭᠥᠨ ᠤ᠋ ᠨᠡᠢᠭᠡᠮᠯᠢᠭ᠂ ᠱᠠᠩᠬᠠᠶ ᠵᠢᠨ ᠱᠢᠷᠭᠤᠯᠵᠢ ᠵᠢᠨ ᠣᠶ ᠵᠢᠨ ᠠᠮᠢ ᠠᠬᠤᠶ ᠵᠢᠨ ᠪᠣᠬᠢᠷᠲᠤᠯ ᠥᠬᠡᠶ ᠬᠥᠭ᠌ᠵᠢᠯᠲᠡ ᠵᠢᠨ ᠰᠠᠭᠤᠷᠢ ᠮᠥᠩᠭᠥᠨ ᠤ᠋ ᠨᠡᠢᠭᠡᠮᠯᠢᠭ᠂ ᠥᠪᠥᠷ ᠮᠣᠩᠭᠣᠯ ᠤ᠋ᠨ ᠯᠤᠤ ᠨᠢᠤ ᠨᠢᠭᠦᠯᠡᠰᠦᠩᠭᠦᠶ ᠵᠢᠨ ᠰᠠᠭᠤᠷᠢ ᠮᠥᠩᠭᠥᠨ ᠤ᠋ ᠨᠡᠢᠭᠡᠮᠯᠢᠭ ᠭᠤᠷᠪᠠᠨ ᠲᠠᠯ᠎ᠠ᠎ᠵᠢᠨ ᠬᠠᠮᠲᠤᠷᠠᠯᠴᠠᠭ᠍ᠰᠠᠨ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠠᠮᠢ ᠠᠬᠤᠶ ᠶ᠋ᠢ ᠵᠠᠰᠠᠨ ᠰᠡᠷᠭᠦᠭᠡᠬᠦ᠌ ᠲᠥᠷᠥᠯ ᠵᠦᠶ᠋ᠯ ᠢ᠋ ᠬᠡᠷᠡᠭ᠌ᠵᠢᠭᠦᠯᠬᠦ᠌ ᠵᠥᠪᠯᠡᠯᠴᠡᠭᠡᠷ ᠳᠤᠭᠳᠠᠭᠰᠠᠨ ᠪᠠ ᠬᠡᠷᠡᠭᠵᠢᠭᠦᠯᠵᠤ ᠡᠬᠢᠯᠡᠪᠡ᠃

ᠵᠥᠪᠯᠡᠯᠴᠡᠭᠡᠷ ᠢ᠋ ᠦᠨᠳᠦᠰᠦᠯᠡᠪᠡᠯ᠂ ᠤᠯᠠᠭᠠᠨᠴᠠᠪ ᠬᠣᠲᠠ ᠵᠢᠨ ᠵᠦᠸᠧᠽᠢ ᠱᠢᠶᠠᠨ᠂ ᠯᠢᠶᠠᠩᠴᠧᠩ ᠱᠢᠶᠠᠨ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤ᠂ ᠬᠤᠸᠠᠳᠧ ᠱᠢᠶᠠᠨ᠂ ᠱᠢᠩ ᠾᠧ ᠱᠢᠶᠠᠨ ᠵᠡᠷᠭᠡ ᠲᠠᠪᠤᠨ ᠬᠣᠱᠢᠭᠤ ᠱᠢᠶᠠᠨ ᠳ᠋ᠤ ᠨᠠᠢᠳᠠᠪᠤᠷᠢᠵᠢᠭᠤᠯᠤᠭ᠍ᠳᠠᠵᠤ᠂ ᠲᠤᠬᠠᠶ ᠵᠢᠨ ᠭᠠᠵᠠᠷ ᠲᠤ᠌ ᠤᠷᠭᠤᠬᠤ ᠳ᠋ᠤ ᠲᠣᠬᠢᠷᠠᠮᠵᠢᠲᠠᠶ ᠬᠡᠭᠡᠷ᠎ᠡ ᠵᠢᠨ ᠲᠠᠤᠯᠠᠢ ᠵᠢᠨ ᠪᠦᠭᠡᠷ᠎ᠡ᠂ ᠬᠠᠢᠯᠠᠰᠤ᠂ ᠬᠡᠭᠡᠷ᠎ᠡ ᠵᠢᠨ ᠬᠦᠶ᠋ᠯᠡᠰᠦ᠂ ᠴᠢᠴᠠᠷᠭᠠᠨ᠎ᠠ᠂ ᠨᠠᠢᠯᠵᠠᠭᠤᠷ ᠬᠠᠷᠭᠠᠨ᠎ᠠ ᠵᠡᠷᠭᠡ ᠮᠣᠳᠣᠨ ᠤ᠋ ᠲᠥᠷᠥᠯ ᠵᠦᠶ᠋ᠯ ᠢ᠋ 536.5 ᠲᠦᠮᠡᠨ ᠰᠠᠭᠤᠷᠢ ᠳᠠᠷᠢᠵᠤ᠂ 5.27 ᠲᠦᠮᠡᠨ ᠮᠥ᠍ ᠣᠢᠵᠢᠭᠤᠯᠬᠤ ᠪᠡᠷ ᠲᠥᠯᠥᠪᠯᠡᠪᠡ᠃ ᠱᠠᠩᠬᠠᠶ ᠵᠢᠨ ᠱᠢᠷᠭᠤᠯᠵᠢ ᠵᠢᠨ ᠣᠶ ᠵᠢᠨ ᠠᠮᠢ ᠠᠬᠤᠶ ᠵᠢᠨ ᠪᠣᠬᠢᠷᠲᠤᠯ ᠥᠬᠡᠶ ᠬᠥᠭ᠌ᠵᠢᠯᠲᠡ ᠵᠢᠨ ᠰᠠᠭᠤᠷᠢ ᠮᠥᠩᠭᠥᠨ ᠤ᠋ ᠨᠡᠢᠭᠡᠮᠯᠢᠭ ᠪᠣᠯᠤᠨ ᠥᠪᠥᠷ ᠮᠣᠩᠭᠣᠯ ᠤ᠋ᠨ ᠯᠤᠤ ᠨᠢᠦ ᠨᠢᠭᠦᠯᠡᠰᠦᠩᠭᠦᠶ ᠵᠢᠨ ᠰᠠᠭᠤᠷᠢ ᠮᠥᠩᠭᠥᠨ ᠤ᠋ ᠨᠡᠢᠭᠡᠮᠯᠢᠭ ᠲᠣᠰ ᠲᠣᠰ 2000 ᠲᠦᠮᠡᠨ ᠲᠥᠭᠥᠷᠢᠭ ᠬᠠᠨᠳᠢᠪᠯᠠᠵᠤ᠂ ᠲᠣᠰ ᠠᠮᠢ ᠠᠬᠤᠶ ᠶ᠋ᠢ ᠰᠡᠷᠭᠦᠭᠡᠬᠦ᠌ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠳ᠋ᠤ ᠬᠡᠷᠡᠭ᠌ᠯᠡᠬᠦ᠌ ᠵᠢᠨ ᠬᠠᠮᠲᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠰᠠᠭᠤᠷᠢ ᠮᠥᠩᠭᠥᠨ ᠤ᠋ ᠨᠡᠢᠭᠡᠮᠯᠢᠭ᠎ᠡᠴᠡ ᠬᠠᠷᠢᠭᠤᠴᠠᠨ ᠵᠣᠬᠢᠶᠠᠨ ᠪᠠᠢᠭᠤᠯᠵᠤ ᠬᠡᠷᠡᠭ᠌ᠵᠢᠭᠦᠯᠦᠨ᠎ᠡ᠃ ᠲᠣᠰ ᠲᠥᠷᠥᠯ ᠵᠦᠶ᠋ᠯ ᠨᠢ ᠨᠡᠢᠭᠡᠮ ᠤ᠋ᠨ ᠨᠡᠢᠲᠡ ᠵᠢᠨ ᠠᠰᠠᠷᠠᠮᠵᠢ ᠵᠢᠨ ᠬᠦᠴᠦᠨ ᠤ᠋ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠤ ᠭᠦᠨᠵᠡᠭᠡᠶ ᠣᠷᠣᠯᠴᠠᠭ᠍ᠰᠠᠨ ᠴᠢᠬᠤᠯᠠ ᠦᠶ᠋ᠯᠡᠳᠦᠯᠭᠡ ᠪᠣᠯᠬᠤ ᠪᠥᠭᠡᠳ ᠨᠡᠢᠭᠡᠮ ᠤ᠋ᠨ ᠬᠥᠷᠥᠩᠭᠡ ᠡᠴᠡ ᠠᠮᠢ ᠠᠬᠤᠶ ᠵᠢᠨ ᠰᠡᠷᠭᠦᠭᠡᠯᠲᠡ ᠶ᠋ᠢ ᠬᠠᠮᠵᠢᠯᠴᠠᠨ ᠠᠬᠢᠭᠤᠯᠤᠭᠰᠠᠨ ᠪᠦᠲᠦᠮᠵᠢᠲᠡᠶ ᠠᠷᠭ᠎ᠠ ᠵᠠᠮ ᠢ᠋ ᠬᠠᠢᠨ ᠰᠦᠪᠡᠭᠴᠢᠯᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号