ᠥᠪᠥᠷ ᠮᠣᠩᠭᠣᠯ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ᠎ᠢ᠋ ᠳᠠᠷᠤᠮᠠᠯᠯᠠᠨ ᠲᠠᠷᠬᠠᠭᠠᠪᠠ
2026-04-27 16:37:13
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯ᠎ᠢ ᠦᠨᠡᠨ ᠬᠦ᠌ ᠴᠢᠩᠭᠠᠳᠭᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠬᠦ᠌᠎ᠶ᠋ᠢᠨ ᠲᠥᠯᠥᠭᠡ᠂ ᠲᠦᠷᠦᠬᠦᠭᠡᠨ ᠦᠪᠦᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠢᠶ᠎ᠠ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯᠯᠠᠭ᠎ᠠ᠎ᠶ᠋ᠢ ᠨᠠᠢᠳᠠᠪᠤᠷᠢᠵᠢᠭᠤᠯᠬᠤ ᠬᠡᠷᠡᠭ᠌ᠵᠢᠭᠦᠯᠬᠦ᠌ ᠲᠥᠰᠦᠯ》 (ᠳᠣᠷᠣᠭ᠍ᠰᠢ 《ᠬᠡᠷᠡᠭ᠌ᠵᠢᠭᠦᠯᠬᠦ᠌ ᠲᠥᠰᠦᠯ》 ᠭᠡᠵᠦ᠍ ᠳᠥᠭᠥᠮᠴᠢᠯᠡᠨ᠎ᠡ) ᠢ᠋ ᠳᠠᠷᠤᠮᠠᠯᠯᠠᠨ ᠲᠠᠷᠬᠠᠭᠠᠵᠠᠢ᠃

《ᠬᠡᠷᠡᠭ᠌ᠵᠢᠭᠦᠯᠬᠦ᠌ ᠲᠥᠰᠦᠯ》 ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠬᠡᠮᠵᠢᠶ᠎ᠡ᠎ᠶ᠋ᠢ ᠪᠠᠭᠠᠰᠭᠠᠬᠤ᠂ ᠡᠬᠢ ᠪᠠᠶᠠᠯᠢᠭ᠍ᠵᠢᠭᠤᠯᠬᠤ᠂ ᠬᠤᠤᠷ ᠥᠬᠡᠢᠳᠡᠭᠦᠯᠬᠦ᠌ ᠵᠠᠷᠴᠢᠮ ᠶᠣᠰᠣᠭᠠᠷ᠂ ᠦᠪᠦᠷ ᠮᠤᠡᠭᠭᠤᠯ᠎ᠤᠨ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠤᠷᠠᠬᠢ 9 ᠲᠠᠯ᠎ᠠ᠎ᠶ᠋ᠢᠨ ᠵᠠᠰᠠᠯᠲᠠ᠎ᠶ᠋ᠢᠨ ᠡᠭᠦᠷᠭᠡ᠎ᠶ᠋ᠢ ᠲᠣᠳᠣᠷᠬᠠᠢᠯᠠᠵᠠᠢ᠄ ᠡᠬᠢ ᠡᠭᠦᠰᠦᠯ᠎ᠡᠴᠡ᠎ᠨᠢ ᠬᠠᠮᠢᠶᠠᠷᠤᠨ ᠡᠵᠡᠮᠳᠡᠬᠦ᠌ ᠪᠠ ᠬᠡᠮᠵᠢᠶ᠎ᠡ᠎ᠶ᠋ᠢ ᠪᠠᠭᠠᠰᠭᠠᠬᠤ᠎ᠶ᠋ᠢ ᠴᠢᠩᠭᠠᠳᠭᠠᠨ᠎ᠠ; ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠴᠤᠭ᠍ᠯᠠᠭᠤᠯᠵᠤ ᠱᠢᠯᠵᠢᠭᠦᠯᠦᠨ ᠲᠡᠭᠡᠭᠡᠪᠦᠷᠢᠯᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ; ᠡᠬᠢ ᠪᠠᠶᠠᠯᠢᠭ᠍ᠵᠢᠭᠤᠯᠤᠨ ᠠᠱᠢᠭ᠍ᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ; ᠬᠣᠣᠷ ᠦᠭᠡᠢ᠌ᠳᠡᠬᠦᠯᠦᠨ ᠵᠠᠰᠠᠬᠤ᠎ᠶ᠋ᠢ ᠬᠠᠮᠵᠢᠯᠴᠠᠨ ᠠᠬᠢᠭᠤᠯᠤᠨ᠎ᠠ; ᠭᠣᠣᠯᠳᠠᠯᠭ᠎ᠠ᠎ᠲᠠᠶ ᠬᠦᠷᠢᠶᠡᠨ᠎ᠦ ᠲᠤᠰᠭᠠᠢ ᠴᠡᠭ᠌ᠴᠡᠯᠡᠨ ᠵᠠᠰᠠᠯᠲᠠ᠎ᠶ᠋ᠢ ᠥᠷᠨᠢᠭᠦᠯᠦᠨ᠎ᠡ; ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭ᠌ᠵᠢᠭᠦᠯᠦᠯᠲᠡ᠎ᠶ᠋ᠢᠨ ᠱᠠᠯᠠᠪᠳᠠᠭᠤᠯᠤᠨ ᠪᠠᠢᠴᠠᠭᠠᠯᠲᠠ᠎ᠶ᠋ᠢ ᠴᠢᠩᠭ᠎ᠠ ᠠᠬᠢᠭᠤᠯᠤᠨ᠎ᠠ; ᠬᠠᠤᠯᠢ ᠲᠣᠭ᠍ᠲᠠᠭᠠᠯ᠎ᠤᠨ ᠪᠠᠷᠢᠮᠵᠢᠶ᠎ᠠ ᠪᠠ ᠮᠡᠷᠭᠡᠵᠢᠯ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠤᠨ᠎ᠠ;ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠨ᠎ᠠ; ᠬᠡᠷᠡᠭ᠌ᠵᠢᠭᠦᠯᠦᠯᠲᠡ᠎ᠶ᠋ᠢᠨ ᠪᠠᠲᠤᠯᠠᠭ᠎ᠠ᠎ᠶ᠋ᠢ ᠰᠠᠢᠲᠤᠷ ᠠᠳᠭᠤᠨ᠎ᠠ᠃ 9 ᠲᠠᠯ᠎ᠠ᠎ᠪᠠᠷ ᠬᠠᠮᠵᠢᠯᠴᠠᠨ ᠬᠦᠴᠦᠯᠡᠬᠦ᠌᠎ᠪᠡᠷ ᠳᠠᠮᠵᠢᠭᠤᠯᠤᠨ᠂ ᠪᠥᠬᠥ᠌ ᠣᠷᠣᠨ᠎ᠤ ᠡᠯ᠎ᠡ ᠲᠥᠷᠥᠯ᠎ᠦᠨ ᠬᠠᠲᠠᠭᠤ ᠪᠡᠶᠡᠲᠦ ᠬᠠᠶᠠᠭ᠍ᠳᠠᠮᠠᠯ ᠡᠳ᠋᠎ᠦᠨ ᠣᠷᠴᠢᠨ ᠲᠣᠭᠣᠷᠢᠨ᠎ᠤ ᠬᠠᠮᠢᠶᠠᠷᠤᠯᠲᠠ᠎ᠶ᠋ᠢ ᠲᠦᠷᠢᠮᠵᠢᠬᠦᠯᠵᠦ᠂ ᠡᠬᠢ ᠡᠭᠦᠰᠦᠯ᠎ᠡᠴᠡ᠎ᠨᠢ ᠬᠡᠮᠵᠢᠶ᠎ᠡ᠎ᠶ᠋ᠢ ᠪᠠᠭᠠᠰᠭᠠᠬᠤ᠂ ᠶᠠᠪᠤᠴᠠ᠎ᠶ᠋ᠢ ᠬᠠᠮᠢᠶᠠᠷᠤᠨ ᠡᠵᠡᠮᠳᠡᠬᠦ᠌᠂ ᠪᠥᠬᠥ᠌ ᠬᠡᠯᠬᠢᠶ᠎ᠡ᠎ᠶ᠋ᠢᠨ ᠬᠤᠤᠷ ᠥᠬᠡᠢᠳᠡᠭᠦᠯᠬᠦ᠌ ᠬᠠᠮᠢᠶᠠᠷᠤᠯᠲᠠ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠤᠳᠠᠰ᠎ᠢ ᠶᠡᠷᠦᠩᠬᠡᠢᠯᠡᠨ ᠵᠠᠰᠠᠬᠤ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠦᠨ᠎ᠡ᠃

《ᠬᠡᠷᠡᠭ᠌ᠵᠢᠭᠦᠯᠬᠦ᠌ ᠲᠥᠰᠦᠯ》 ᠳ᠋ᠤ᠂ 2030 ᠣᠨ ᠪᠣᠯᠬᠤ᠎ᠳᠤ ᠥᠪᠥᠷ ᠮᠣᠩᠭᠣᠯ᠎ᠤᠨ ᠭᠤᠤᠯᠳᠠᠯᠭ᠎ᠠ᠎ᠲᠠᠶ ᠬᠦᠷᠢᠶᠡᠨ᠎ᠳᠡᠬᠢ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠲᠤᠰᠭᠠᠶ ᠴᠡᠭ᠌ᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠡᠬᠢ ᠡᠭᠦᠰᠦᠯ᠎ᠡᠴᠡ᠎ᠨᠢ ᠪᠠᠭᠠᠰᠭᠠᠬᠤ ᠪᠠ ᠬᠠᠮᠢᠶᠠᠷᠤᠨ ᠡᠵᠡᠮᠳᠡᠬᠦ᠌ ᠡᠷᠴᠢᠮ᠎ᠢ ᠦᠷᠭᠦᠯᠵᠢᠯᠡᠨ ᠴᠢᠩᠭᠠᠷᠠᠭᠤᠯᠵᠤ᠂ ᠬᠠᠤᠯᠢ ᠪᠤᠰᠤ᠎ᠪᠠᠷ ᠴᠢᠳᠭᠤᠨ ᠱᠢᠶ᠋ᠳᠪᠦᠷᠢᠯᠡᠬᠦ᠌ ᠡᠯ᠎ᠡ ᠲᠥᠷᠥᠯ᠎ᠦᠨ ᠠᠵᠢᠯᠯᠠᠭ᠎ᠠ᠎ᠶ᠋ᠢ ᠪᠦᠲᠦᠮᠵᠢᠲᠡᠶ ᠬᠣᠷᠢᠭ᠍ᠯᠠᠵᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠪᠥᠬᠥ᠌ ᠬᠡᠯᠬᠢᠶᠡᠨ᠎ᠦ ᠬᠠᠮᠢᠶᠠᠷᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠡᠬᠢ ᠪᠠᠶᠠᠯᠢᠭ᠍ᠵᠢᠭᠤᠯᠤᠨ ᠠᠱᠢᠭ᠍ᠯᠠᠬᠤ ᠬᠢᠷᠢ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠎ᠡ ᠬᠡᠵᠦ ᠲᠤᠳᠤᠷᠬᠠᠢᠯᠠᠵᠠᠢ᠃

《ᠬᠡᠷᠡᠭ᠌ᠵᠢᠭᠦᠯᠬᠦ᠌ ᠲᠥᠰᠦᠯ》 ᠳ᠋ᠤ ᠪᠠᠰᠠ ᠡᠯ᠎ᠡ ᠠᠢᠮᠠᠭ ᠬᠣᠲᠠ᠎ᠶ᠋ᠢᠨ ᠬᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠵᠦ᠍᠂ ᠠᠵᠢᠯ᠎ᠤᠨ ᠲᠦᠷᠢᠮ᠎ᠢᠶᠡᠨ ᠲᠡᠭᠦᠯᠳᠡᠷᠵᠢᠭᠦᠯᠦᠨ᠂ ᠬᠠᠷᠠᠯᠲᠠ ᠡᠭᠦᠷᠭᠡ ᠪᠡᠨ ᠨᠠᠷᠢᠯᠢᠬ᠍ᠵᠢᠭᠤᠯᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ ᠬᠡᠷᠡᠭ᠌ᠲᠡᠶ᠃ ᠡᠯ᠎ᠡ ᠬᠠᠮᠢᠶ᠎ᠠ ᠪᠥᠬᠥᠶ ᠲᠢᠩᠬᠢᠮ ᠲᠣᠪᠴᠢᠶ᠎ᠠ ᠵᠢᠨ ᠬᠢᠨ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ᠂ ᠭᠤᠤᠯᠳᠠᠯᠭ᠎ᠠ᠎ᠲᠠᠶ ᠡᠭᠦᠷᠭᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠵᠦᠶ᠋ᠯ ᠳᠠᠷᠠᠭᠠᠯᠠᠨ ᠰᠠᠢᠲᠤᠷ ᠠᠳᠭᠤᠵᠤ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠬᠠᠤᠯᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠠᠮᠵᠢᠯᠴᠠᠨ ᠥᠨᠳᠥᠷ ᠪᠦᠲᠦᠮᠵᠢᠲᠡᠶ᠂ ᠬᠡᠷᠡᠭ᠌ᠵᠢᠭᠦᠯᠦᠯᠲᠡ᠎ᠨᠢ ᠬᠦᠴᠦᠲᠡᠶ ᠪᠠᠢᠩᠭᠤᠵᠢᠭ᠍ᠰᠠᠨ ᠠᠵᠢᠯ᠎ᠤᠨ ᠨᠡᠢᠯᠡᠮᠡᠯ ᠬᠦᠴᠦᠨ᠎ᠢ ᠦᠨᠡᠨ ᠬᠦ᠌ ᠪᠦᠷᠢᠯᠳᠦᠭᠦᠯᠬᠦ ᠭᠡᠷᠡᠭᠳᠡᠢ ᠭᠡᠵᠦ᠍ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号