ᠡᠷᠳᠡᠨ᠎ᠤ ᠮᠣᠳᠤ ᠨᠠᠷᠠᠳᠤ ᠮᠤᠳᠤ᠎ᠵᠢ ᠬᠠᠮᠠᠭᠠᠯᠠᠶ᠎ᠠ
2026-04-27 10:53:55
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠡᠷᠲᠡᠨ ᠤ᠋ ᠮᠣᠳᠣ ᠨᠡᠷᠡᠳᠤ ᠮᠤᠳᠤ ᠵᠢ ᠬᠠᠮᠠᠭᠠᠯᠠᠬᠤ ᠨᠢ ᠪᠠᠢᠭᠠᠯᠢ ᠵᠢᠨ ᠥᠪ ᠢ᠋ ᠦᠯᠡᠳᠡᠭᠡᠨ ᠬᠠᠳᠠᠭᠠᠯᠠᠵᠤ᠂ ᠲᠠᠷᠠᠴᠢᠯᠠᠨ ᠨᠤᠲᠤᠭ ᠤᠰᠤᠨ ᠤ᠋ ᠤᠢ ᠳᠤᠷᠠᠰᠤᠮᠵᠢ ᠵᠢ ᠬᠠᠮᠠᠭᠠᠯᠠᠬᠤ ᠪᠠ ᠠᠮᠢ ᠠᠬᠤᠶ ᠵᠢᠨ ᠲᠡᠩᠴᠡᠭᠦᠷᠢ ᠵᠢ ᠪᠠᠳᠤᠯᠠᠵᠤ ᠪᠠᠢᠭ᠎ᠠ ᠶᠠᠪᠤᠳᠠᠯ ᠮᠦᠨ


ᠤᠢᠷ᠎ᠠ ᠳ᠋ᠤ︽ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 2026 ᠣᠨ ᠤ᠋ ᠪᠥᠬᠥ ᠣᠷᠣᠨ ︵ᠣᠶ ᠰᠢᠭᠤᠶ ᠪᠠ ᠨᠤᠳᠤᠭ ᠪᠡᠯᠴᠢᠭᠡᠷ ᠤ᠋ᠨ ᠰᠢᠰᠲ᠋ᠧᠮ︶ᠤ᠋ ᠡᠷᠲᠡᠨ ᠤ᠋ ᠮᠣᠳᠣ ᠨᠠᠷᠠᠲᠤ ᠮᠣᠳᠣ ᠵᠢ ᠠᠪᠤᠷᠠᠵᠤ ᠢᠳᠡᠷᠵᠢᠭᠦᠯᠬᠦ ᠠᠵᠢᠯ ᠤ᠋ᠨ ᠬᠡᠷᠡᠭᠵᠢᠭᠦᠯᠬᠦ ᠲᠥᠰᠦᠯ︾ᠢ᠋ ᠨᠡᠢᠲᠡᠯᠡᠭᠰᠡᠨ ᠪᠠ ︽2026 ᠣᠨ ᠤ᠋ ᠪᠥᠬᠥ ᠣᠷᠣᠨ ᠤ᠋ ᠡᠷᠲᠡᠨ ᠤ᠋ ᠮᠣᠳᠣ ᠨᠠᠷᠠᠲᠤ ᠮᠣᠳᠣ ᠵᠢ ᠠᠪᠤᠷᠠᠵᠤ ᠢᠳᠡᠷᠵᠢᠭᠦᠯᠬᠦ ᠠᠵᠢᠯ ᠢ᠋ ᠥᠷᠨᠢᠭᠦᠯᠬᠦ ᠲᠤᠬᠠᠶ ᠮᠡᠳᠡᠭᠳᠡᠯ︾ᠢ᠋ ᠳᠠᠷᠤᠮᠠᠯᠯᠠᠨ ᠲᠠᠷᠬᠠᠭᠠᠭᠰᠠᠨ ᠨᠢ ᠥᠪᠥᠷ ᠮᠣᠩᠭᠣᠯ ᠤ᠋ᠨ ᠲᠦᠷᠦᠬᠦᠤ ᠡᠭᠡᠯᠵᠢ ᠵᠢᠨ ᠡᠷᠲᠡᠨ ᠤ᠋ ᠮᠣᠳᠣ ᠨᠠᠷᠠᠲᠤ ᠮᠣᠳᠣ ᠵᠢ ᠠᠪᠤᠷᠬᠠᠤ ᠠᠵᠢᠯ ᠢ᠋ ᠪᠥᠬᠥ ᠲᠠᠯ᠎ᠠ ᠪᠠᠷ ᠡᠬᠢᠯᠡᠭᠦᠯᠵᠦ᠂ ᠡᠷᠲᠡᠨ ᠤ᠋ ᠮᠣᠳᠣ ᠨᠡᠷᠡᠳᠤ ᠮᠤᠳᠤ ᠵᠢ ᠬᠠᠮᠠᠭᠠᠯᠠᠬᠤ ᠠᠵᠢᠯ ᠢ᠋ ᠡᠷᠴᠢᠮᠳᠠᠢ ᠶᠠᠪᠤᠭᠳᠠᠭᠤᠯᠵᠤ ᠪᠠᠢᠭ᠎ᠠ᠎ᠵᠢ ᠬᠠᠷᠠᠭᠤᠯᠵᠤ ᠪᠠᠢᠭ᠎ᠠ ᠠᠵᠢ᠃

ᠥᠪᠥᠷ ᠮᠣᠩᠭᠣᠯ ᠤ᠋ᠨ ᠭᠠᠵᠠᠷ ᠨᠤᠲᠤᠭ ᠥᠷᠭᠡᠨ ᠠᠭᠤᠳᠠᠮ᠂ ᠡᠷᠲᠡᠨ ᠤ᠋ ᠮᠣᠳᠣ ᠨᠠᠷᠠᠲᠤ ᠮᠣᠳᠣᠨ ᠤ᠋ ᠲᠠᠷᠬᠠᠯᠲᠠ ᠥᠷᠭᠡᠨ ᠳᠡᠯᠭᠡᠷ᠂ ᠤᠷᠭᠤᠯᠲᠠ ᠵᠢᠨ ᠣᠷᠴᠢᠨ ᠲᠣᠭᠣᠷᠢᠨ ᠨᠢ ᠨᠠᠷᠢᠨ ᠪᠤᠳᠤᠯᠢᠶᠠᠨᠲᠠᠶ ᠪᠥᠭᠡᠳ ᠣᠯᠠᠨ ᠶᠠᠩᠵᠤ ᠵᠢᠨ ᠪᠠᠢᠵᠤ᠂ ᠬᠠᠮᠠᠭᠠᠯᠠᠯᠲᠠ ᠵᠢᠨ ᠠᠵᠢᠯ ᠳ᠋ᠤ ᠮᠠᠰᠢ ᠣᠯᠠᠨ ᠥᠷᠢᠰᠥᠯᠳᠦᠭᠡᠨ ᠲᠤᠯᠭᠠᠷᠠᠵᠤ ᠪᠠᠢᠭ᠎ᠠ ᠶᠤᠮ᠃ 2026 ᠣᠨ ᠳ᠋ᠤ᠂  ᠡᠳ᠋ ᠤ᠋ᠨ ᠵᠠᠰᠠᠭ ᠤ᠋ᠨ ᠬᠦᠴᠦᠳᠤ ᠪᠠᠳᠤᠯᠠᠭ᠎ᠠ ᠳᠤᠤᠷ᠎ᠠ᠂ ᠥᠪᠥᠷ ᠮᠣᠩᠭᠣᠯ ᠤᠷᠭᠤᠯᠳᠠ ᠮᠠᠭᠤᠳᠠᠭᠰᠠᠨ ᠪᠤᠶᠤ ᠮᠦᠭᠦᠭᠦ ᠰᠢᠬᠠᠭᠰᠠᠨ ᠡᠷᠳᠡᠨ ᠤ᠋ ᠮᠤᠳᠤ ᠨᠡᠷᠡᠳᠤ ᠮᠤᠳᠤ ᠵᠢ ᠨᠠᠷᠢᠯᠢᠭ ᠣᠨᠣᠴᠠᠲᠠᠶ ᠬᠠᠮᠠᠭᠠᠯᠠᠬᠤ ᠪᠡᠷ ᠳᠤᠭᠳᠠᠵᠤ᠂ ︽ᠨᠢᠭᠡ ᠮᠣᠳᠣᠨ ᠳ᠋ᠤ ᠨᠢᠭᠡ ᠠᠷᠭ᠎ᠠ ᠪᠣᠳᠣᠯᠭ᠎ᠠ︾ᠵᠢ ᠬᠡᠷᠡᠭᠵᠢᠭᠦᠯᠵᠤ᠂ ᠠᠮᠢ ᠠᠬᠤᠶ ᠵᠢᠨ ᠵᠠᠰᠠᠯᠲᠠ ᠵᠢᠨ︽ᠪᠦᠳᠦᠭᠦᠯᠢᠭ ᠵᠢᠡᠷ ᠲᠦᠷᠭᠡᠨ ᠠᠪᠤᠷᠠᠵᠤ︾ᠪᠠᠢᠭᠰᠠᠨ ᠡᠴᠡ︽ᠰᠢᠰᠲ᠋ᠧᠮᠵᠢᠭᠦᠯᠦᠨ ᠣᠨᠣᠰᠢᠯᠠᠨ ᠡᠮᠨᠡᠬᠦ︾ᠳᠠᠢᠰᠢ ᠰᠢᠯᠵᠢᠬᠦ  ᠳᠠᠪᠰᠢᠯᠲᠠ ᠵᠢ  ᠪᠡᠶᠡᠯᠡᠭᠦᠯᠪᠡ᠃

ᠣᠳᠣᠬᠠᠨ ᠳ᠋ᠤ ᠠᠮᠢ ᠠᠬᠤᠶ ᠵᠢᠨ ᠬᠠᠮᠠᠭᠠᠯᠠᠯᠲᠠ ᠳ᠋ᠤ ᠦᠷᠭᠦᠯᠵᠢ︽ᠲᠦᠷᠭᠡᠨ ᠠᠪᠤᠷᠠᠬᠤ ᠵᠢ ᠴᠢᠬᠤᠯᠠᠴᠢᠯᠠᠵᠤ᠂ ᠠᠷᠠᠴᠢᠯᠠᠨ ᠬᠠᠮᠠᠭᠠᠯᠠᠬᠤ ᠵᠢ ᠬᠥᠩᠭᠡᠪᠴᠢᠯᠡᠬᠦ︾ᠬᠦᠴᠢᠷᠳᠡᠯ ᠲᠤᠯᠭᠠᠷᠠᠵᠤ᠂ ᠡᠷᠲᠡᠨ ᠤ᠋ ᠮᠣᠳᠣ ᠨᠠᠷᠠᠲᠤ ᠮᠣᠳᠣ ᠵᠢᠨ ᠨᠠᠰᠤ ᠵᠢᠯ ᠦᠨᠵᠢᠵᠤ᠂ ᠣᠷᠴᠢᠨ ᠲᠣᠭᠣᠷᠢᠨ ᠨᠠᠷᠢᠨ ᠪᠤᠳᠤᠯᠢᠶᠠᠨᠲᠠᠶ ᠲᠤᠯᠠ ᠰᠢᠨᠵᠢᠯᠡᠬᠦ ᠤᠬᠠᠭᠠᠨᠴᠢ ᠬᠠᠮᠠᠭᠠᠯᠠᠯᠳᠠ ᠬᠢᠬᠦ ᠵᠢ ᠱᠠᠭᠠᠷᠳᠠᠳᠠᠭ᠃ ᠲᠣᠰ ᠤᠳᠠᠭ᠎ᠠ ᠥᠪᠥᠷ ᠮᠣᠩᠭᠣᠯ ᠪᠥᠬᠥ ᠶᠠᠪᠤᠴᠠ ᠵᠢᠨ ᠲᠠᠩᠰᠠ ᠡᠪᠬᠡᠮᠡᠯ ᠤ᠋ᠨ ᠬᠠᠮᠢᠶᠠᠷᠤᠯᠲᠠ ᠪᠠ︽ᠮᠣᠳᠣᠨ ᠤ᠋ ᠪᠠᠢᠳᠠᠯ ᠳ᠋ᠤᠨᠢ ᠲᠣᠬᠢᠷᠠᠭᠤᠯᠬᠤ︾ᠮᠡᠷᠭᠡᠵᠢᠯ ᠤ᠋ᠨ ᠠᠷᠭ᠎ᠠ᠎ᠵᠢ ᠭᠡᠷᠡᠭᠵᠢᠬᠦᠯᠵᠤ᠂ ᠰᠠᠭᠤᠷᠢ ᠮᠣᠳᠣ ᠨᠢᠭᠡᠪᠦᠷᠢ ᠳ᠋ᠤ ᠮᠥᠷᠳᠡᠵᠦ ᠪᠣᠯᠬᠤᠢᠴᠠ᠂ ᠦᠨᠡᠯᠡᠨ ᠵᠢᠱ᠌ᠢᠵᠦ ᠪᠣᠯᠬᠤᠢᠴᠠ ᠡᠷᠡᠭᠦᠯ ᠤᠷᠭᠤᠯᠳᠠ ᠵᠢᠨ ᠲᠠᠩᠰᠠ ᠡᠪᠬᠡᠮᠡᠯ ᠢ᠋ ᠪᠠᠢᠭᠤᠯᠤᠭᠰᠠᠨ ᠨᠢ ᠣᠷᠣᠨ ᠪᠦᠰᠡ ᠵᠢᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠳ᠋ᠤ ᠬᠠᠭᠤᠯᠪᠤᠷᠢᠯᠠᠵᠤ ᠪᠣᠯᠬᠤᠢᠴᠠ ᠠᠷᠭ᠎ᠠ ᠲᠤᠷᠰᠢᠯᠭ᠎ᠠ᠎ᠵᠢ ᠬᠠᠩᠭᠠᠭᠰᠠᠨ ᠪᠠᠢᠨ᠎ᠠ᠃

ᠡᠷᠲᠡᠨ ᠤ᠋ ᠮᠣᠳᠣ ᠨᠠᠷᠠᠳᠤ ᠮᠤᠳᠤ ᠵᠢ ᠬᠠᠮᠠᠭᠠᠯᠠᠬᠤ ᠨᠢ ᠪᠠᠢᠭᠠᠯᠢ ᠵᠢᠨ ᠥᠪ ᠢ᠋ ᠦᠯᠡᠳᠡᠭᠡᠨ ᠬᠠᠳᠠᠭᠠᠯᠠᠵᠤ᠂ ᠲᠠᠷᠠᠴᠢᠯᠠᠨ ᠨᠤᠲᠤᠭ ᠤᠰᠤᠨ ᠤ᠋ ᠤᠢ ᠳᠤᠷᠠᠰᠤᠮᠵᠢ ᠪᠠ ᠠᠮᠢ ᠠᠬᠤᠶ ᠵᠢᠨ ᠲᠡᠩᠴᠡᠭᠦᠷᠢ ᠵᠢ ᠪᠠᠳᠤᠯᠠᠵᠤ ᠪᠠᠢᠭ᠎ᠠ ᠶᠠᠪᠤᠳᠠᠯ ᠮᠦᠨ᠃ ᠡᠷᠲᠡᠨ ᠤ᠋ ᠮᠣᠳᠣ ᠨᠡᠷᠡᠳᠤ ᠮᠤᠳᠤ ᠨᠢᠭᠡᠪᠦᠷᠢ ᠳ᠋ᠤ︽ᠣᠶ ᠮᠣᠳᠣᠨ ᠤ᠋ ᠡᠮᠴᠢ︾ᠲᠠᠢ ᠪᠣᠯᠭᠠᠨ᠂ ︽ᠰᠠᠨᠠᠭᠠᠴᠢᠯᠠᠭᠠᠲᠤ ᠪᠤᠰᠤ ᠪᠠᠷ ᠬᠠᠮᠠᠭᠠᠯᠠᠬᠤ︾ᠡᠴᠡ︽ ᠰᠠᠨᠠᠭᠠᠴᠢᠯᠠᠭ᠎ᠠ ᠡᠴᠡ ᠪᠠᠨ ᠢᠳᠡᠷᠡᠭᠦᠨ ᠤᠷᠭᠤᠯᠳᠠ ᠵᠢ ᠪᠠᠳᠤᠯᠠᠬᠤ︾ᠬᠦᠷᠲᠡᠯ᠎ᠡ᠂ ᠥᠪᠥᠷ ᠮᠣᠩᠭᠣᠯ ᠠᠮᠢ ᠠᠬᠤᠶ ᠵᠢ ᠵᠠᠰᠠᠨ ᠰᠡᠷᠭᠦᠭᠡᠬᠦ ᠳ᠋ᠤ ᠨᠠᠷᠢᠯᠢᠭ ᠣᠨᠣᠴᠠᠲᠠᠶ ᠠᠷᠭ᠎ᠠ ᠪᠤᠳᠤᠯᠭ᠎ᠠ ᠭᠡᠷᠡᠭᠵᠢᠬᠦᠯᠵᠤ᠂ ᠠᠮᠢ ᠠᠬᠤᠢ ᠵᠢᠨ ᠪᠣᠬᠢᠷᠲᠤᠯ ᠥᠬᠡᠶ ᠬᠥᠭᠵᠢᠯᠲᠡ ᠵᠢᠨ ᠰᠠᠭᠤᠷᠢ ᠵᠢ ᠨᠠᠡᠭ ᠪᠡᠬᠢᠵᠢᠭᠦᠯᠵᠦ ᠪᠠᠢᠭ᠎ᠠ ᠨᠢ  ᠲᠤᠳᠤᠬᠠᠨ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号